ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠤᠭᠰᠠᠨ ᠦᠷ᠎ᠡ ᠳ᠋ᠦᠩ ᠢ ᠳᠠᠷᠤᠮᠠᠯᠯᠠᠨ ᠶᠠᠪᠤᠭᠤᠯᠬᠤ ᠲᠤᠬᠠᠢ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2022/12/16
                          ᠵᠠᠰᠠᠭ ᠠᠯᠪᠠᠨ ᠲᠠᠷᠬᠠᠭᠠᠭᠰᠠᠨ〔2022〕128 ᠳ᠋ᠤᠭᠠᠷ ᠲᠣᠭᠠᠲᠤᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠲᠤ᠄     ︽ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠪᠠᠶᠢᠩᠭᠤᠵᠢᠭᠤᠯᠤᠨ ᠢᠯᠭᠠᠷᠠᠭᠤᠯᠬᠤ ᠠᠵᠢᠯ ᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠮᠡᠳᠡᠭᠳᠡᠯ︾ ︵ᠥᠪᠥᠷ ᠬᠠᠤᠯᠢ ᠮᠡᠳᠡᠭᠳᠡᠯ ﹇2022﹈ 68 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠵᠣᠬᠢᠶᠠᠨ ᠪᠠᠶᠢᠭᠤᠯᠤᠯᠲᠠ ᠠᠴᠠ ᠰᠢᠶᠠᠨ ᠤ ᠵᠠᠰᠠᠭ ᠤᠨ ᠣᠷᠳᠣᠨ ᠪᠠ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠨᠡᠶᠢᠲᠡᠯᠡᠭᠰᠡᠨ ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠦᠬᠦᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠵᠤ᠂ ᠰᠢᠶᠠᠨ ᠤ ᠵᠠᠰᠠᠭ ᠤᠨ ᠣᠷᠳᠣᠨ ᠢᠶᠠᠷ ᠲᠣᠭᠲᠠᠭᠠᠯᠭᠠᠭᠠᠳ᠂ ᠢᠯᠭᠠᠷᠠᠭᠤᠯᠤᠭᠰᠠᠨ ᠦᠷ᠎ᠡ ᠳ᠋ᠦᠩ ᠢ ᠳᠣᠣᠷᠠᠬᠢ ᠮᠡᠲᠦ ᠨᠡᠶᠢᠲᠡᠯᠡᠶ᠎ᠡ᠄   ᠨᠢᠭᠡ᠂ ᠦᠷᠭᠦᠯᠵᠢᠯᠡᠨ ᠬᠦᠴᠦᠨ ᠲᠠᠢ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ 16 ᠬᠤᠪᠢ᠂ ᠦᠷᠭᠦᠯᠵᠢᠯᠡᠨ ᠬᠦᠴᠦᠨ ᠲᠠᠢ ᠭᠠᠷᠴᠠᠭ ᠲᠤ ᠵᠢᠭᠰᠠᠭᠠᠨ ᠣᠷᠣᠭᠤᠯᠤᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠦᠴᠦᠨ ᠲᠠᠢ ᠬᠤᠭᠤᠴᠠᠭ᠎ᠠ ᠶᠢ ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ 5 ᠵᠢᠯ ᠤᠷᠲᠤᠳᠬᠠᠨ᠎ᠠ᠂ ᠭᠡᠬᠦ ᠳᠡᠭᠡᠨ ᠬᠡᠷᠡᠭᠵᠢᠭᠦᠯᠦᠭᠡᠳ 2 ᠵᠢᠯ ᠪᠣᠯᠣᠭᠠᠳᠤᠢ ᠲᠦᠷ ᠬᠡᠷᠡᠭᠵᠢᠭᠦᠯᠬᠦ᠂ ᠲᠤᠷᠰᠢᠨ ᠬᠡᠷᠡᠭᠵᠢᠭᠦᠯᠬᠦ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠪᠠᠭᠲᠠᠭᠠᠬᠤ ᠦᠭᠡᠢ᠃   ᠬᠤᠶᠠᠷ᠂ ᠬᠦᠴᠦᠨ ᠦᠭᠡᠢ ᠪᠣᠯᠭᠠᠭᠰᠠᠨ ᠪᠠ ᠦᠢᠯᠡᠳᠦᠯ ᠢᠶᠠᠨ ᠠᠯᠳᠠᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ 11 ᠬᠤᠪᠢ ᠪᠠᠶᠢᠨ᠎ᠠ᠃ ᠬᠦᠴᠦᠨ ᠦᠭᠡᠢ ᠪᠣᠯᠭᠠᠬᠤ ᠪᠠ ᠦᠢᠯᠡᠳᠦᠯ ᠢᠶᠠᠨ ᠠᠯᠳᠠᠭᠰᠠᠨ ᠭᠠᠷᠴᠠᠭ ᠲᠤ ᠵᠢᠭᠰᠠᠭᠠᠨ ᠣᠷᠣᠭᠤᠯᠤᠭᠰᠠᠨ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠴᠥᠮ ᠬᠡᠷᠡᠭᠵᠢᠭᠦᠯᠬᠦ ᠶᠢ ᠵᠣᠭᠰᠣᠭᠠᠵᠤ᠂ ᠬᠤᠶᠢᠰᠢᠳᠠ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦᠯᠡᠯ ᠪᠣᠯᠭᠠᠵᠤ ᠪᠣᠯᠬᠤ ᠦᠭᠡᠢ᠃                                        2022 ᠣᠨ ᠤ 12 ᠰᠠᠷ᠎ᠠ ᠶᠢᠨ 14 ᠤ ᠡᠳᠦᠷ                                 ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠤᠷᠳᠦᠨ ᠤ ᠠᠯᠪᠠᠨ ᠭᠡᠷ
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号