ᠲᠦᠴᠢᠤᠸᠠᠨ ᠪᠠᠯᠭᠠᠰᠦᠨ ᠤ ᠠᠷᠠᠳ ᠤᠨ ᠵᠠᠰᠠᠭ ᠤᠨ ᠤᠷᠳᠦᠨ
ᠨᠡᠶᠢᠲᠡᠯᠡᠭᠰᠡᠨ ᠴᠠᠭ᠄
2022/12/17
  ( ᠨᠢᠭᠡ ) ᠨᠠᠮ ᠪᠠ ᠲᠦᠷᠦ ᠶᠢᠨ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠤᠭᠤᠰᠢᠯᠠᠭᠤᠯᠤᠨ ᠬᠡᠷᠡᠭᠵᠢᠭᠦᠯᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠯ᠂ ᠰᠢᠢᠳᠪᠦᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠨ᠎ᠠ  ᠃ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠣᠭᠲᠠᠭᠠᠯ᠂ ᠰᠢᠢᠳᠪᠦᠷᠢ ᠶᠢ ᠬᠡᠷᠡᠭᠵᠢᠭᠦᠯᠦᠨ᠎ᠡ᠃   ( ᠬᠤᠶᠠᠷ ) ᠨᠠᠮ ᠤᠨ ᠪᠠᠶᠢᠭᠤᠯᠤᠯᠲᠠ ᠶᠢᠨ ᠠᠵᠢᠯ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠠ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠶᠡᠷᠦᠩᠬᠡᠶᠢᠯᠡᠨ ᠵᠢᠯᠣᠭᠤᠳᠣᠭᠤᠯᠵᠤ᠂ ᠰᠢᠨ᠎ᠡ ᠪᠠᠶᠢᠳᠠᠯ ᠳᠣᠤᠷᠠᠬᠢ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ ᠤ ᠠᠵᠢᠯ ᠢ ᠤᠯᠠᠮ ᠴᠢᠨᠠᠭᠰᠢᠳᠠ ᠴᠢᠩᠭᠠᠳᠬᠠᠨ᠎ᠠ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠵᠤ᠂ ᠢᠯᠵᠠᠷᠠᠯ ᠢ ᠤᠷᠢᠳᠴᠢᠯᠠᠨ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃   ( ᠭᠤᠷᠪᠠ ) ᠠᠵᠤ ᠠᠬᠤᠢ ᠶᠢᠨ ᠬᠥᠭᠵᠢᠯᠲᠡ ᠶᠢᠨ ᠠᠵᠢᠯ᠃ ᠪᠠᠯᠭᠠᠰᠤ ᠲᠣᠰᠬᠤᠨ ᠤ ᠠᠵᠤ ᠠᠬᠤᠶ ᠨᠡᠶᠢᠭᠡᠮ  ᠤᠨ ᠬᠥᠭᠵᠢᠯᠲᠡ ᠶᠢ ᠲᠦᠷᠭᠡᠳᠬᠡᠵᠦ᠂ ᠣᠯᠠᠨ ᠲᠦᠮᠡᠨ ᠤ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ ᠬᠡᠷᠡᠭᠲᠡᠶ᠃ ᠠᠵᠤ ᠠᠬᠤᠶ ᠶᠢᠨ ᠬᠥᠭᠵᠢᠯᠲᠡ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠭᠤᠤᠯᠯᠠᠬᠤ ᠠᠵᠤ ᠦᠶᠯᠡᠰ ᠢ ᠪᠣᠶᠢᠵᠢᠭᠤᠯᠤᠨ᠂ ᠠᠵᠤ ᠦᠶᠯᠡᠰ ᠤᠨ ᠪᠦᠲᠦᠴᠡ ᠶᠢᠨ ᠲᠥᠯᠥᠪᠵᠢᠭᠦᠯᠭᠡ ᠶᠢᠨ ᠲᠣᠬᠢᠷᠠᠭᠤᠯᠤᠯᠲᠠ ᠶᠢ ᠬᠡᠷᠡᠭᠵᠢᠭᠦᠯᠵᠦ᠂ ᠵᠢᠱᠢᠶ᠎ᠡ ᠦᠵᠡᠭᠦᠯᠦᠨ ᠬᠥᠲᠥᠯᠥᠨ ᠵᠢᠯᠣᠭᠤᠳᠬᠤ ᠪᠠ ᠲᠥᠷᠥ ᠶᠢᠨ ᠪᠣᠳᠣᠯᠭ᠎ᠠ ᠶᠢᠨ ᠦᠶᠯᠡᠴᠢᠯᠡᠭᠡᠨ ᠬᠠᠩᠭᠠᠬᠤ ᠬᠡᠷᠡᠭᠲᠡᠶ  ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠷᠣᠨ ᠪᠦᠰᠡ ᠶᠢᠨ ᠣᠨᠴᠠᠯᠢᠭᠲᠤ ᠠᠵᠤ ᠠᠬᠤᠶ ᠶᠢ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠂ ᠬᠥᠳᠡᠭᠡ ᠲᠣᠰᠬᠤᠨ ᠤ ᠵᠠᠬ᠎ᠠ ᠳᠡᠯᠭᠡᠭᠦᠷ ᠤᠨ ᠠᠵᠤ ᠠᠬᠤᠶ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ  ᠃ ᠭᠠᠶᠢᠯᠢ ᠶᠢᠨ ᠢᠷᠡᠯᠳᠡ ᠶᠢ ᠪᠣᠶᠢᠵᠢᠭᠤᠯᠵᠤ᠂ ᠡᠳ᠋ ᠤᠨ ᠵᠠᠰᠠᠭ ᠭᠠᠶᠢᠯᠢ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ᠃  ( ᠳᠥᠷᠪᠡ ) ᠶᠡᠷᠦᠩᠬᠡᠶᠢᠯᠡᠨ ᠬᠠᠮᠢᠶᠠᠷᠬᠤ ᠠᠵᠢᠯ᠃ ᠣᠷᠣᠨ ᠪᠦᠰᠡ ᠶᠢᠨ ᠬᠥᠭᠵᠢᠯᠲᠡ ᠶᠢ ᠠᠬᠢᠭᠤᠯᠵᠤ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠠᠷᠢᠶ᠎ᠠ ᠣᠷᠣᠨ ᠤ ᠬᠥᠭᠵᠢᠯᠲᠡ ᠶᠢᠨ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠪᠠ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠵᠢᠭᠦᠯᠦᠨ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠳᠣᠲᠣᠷᠠᠬᠢ ᠬᠤᠲᠠ ᠪᠠᠯᠭᠠᠰᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠪᠣᠯᠪᠠᠰᠤᠨ ᠲᠣᠰᠬᠤᠨ ᠪᠠᠯᠭᠠᠰᠤ ᠶᠢ ᠡᠭᠦᠳᠦᠨ ᠪᠠᠶᠢᠭᠤᠯᠬᠤ ᠵᠡᠷᠭᠡ ᠬᠠᠮᠢᠶ᠎ᠠ ᠪᠥᠬᠦᠶ ᠠᠵᠢᠯ ᠢ ᠬᠠᠷᠢᠭᠤᠴᠠᠵᠤ᠂ ᠬᠠᠷᠢᠶ᠎ᠠ ᠣᠷᠣᠨ  ᠤ ᠳᠣᠲᠣᠷᠠᠬᠢ ᠨᠡᠶᠢᠭᠡᠮ ᠤᠨ ᠬᠠᠮᠢᠶᠠᠷᠤᠯᠲᠠ᠂ ᠠᠵᠤ ᠠᠬᠤᠶ ᠶᠢᠨ ᠬᠥᠭᠵᠢᠯᠲᠡ ᠶᠢᠨ ᠬᠠᠮᠢᠶᠠᠷᠤᠯᠲᠠ᠂ ᠣᠯᠠᠨ ᠨᠡᠶᠢᠲᠡ ᠶᠢᠨ ᠦᠶᠯᠡᠴᠢᠯᠡᠭᠡᠨ ᠤ ᠬᠠᠮᠢᠶᠠᠷᠤᠯᠲᠠ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠠᠯ᠎ᠠ  ᠶᠢᠨ ᠠᠵᠢᠯ ᠢ ᠨᠠᠶᠢᠳᠠᠪᠤᠷᠢᠵᠢᠭᠤᠯᠤᠨ᠎ᠠ᠃    ( ᠲᠠᠪᠤ ) ᠨᠡᠶᠢᠭᠡᠮ ᠢ ᠲᠣᠭᠲᠠᠭᠤᠨ ᠪᠠᠶᠢᠯᠭᠠᠬᠤ ᠠᠵᠢᠯ᠃ ᠬᠠᠷᠢᠶᠠᠲᠤ ᠣᠷᠣᠨ ᠤ ᠣᠯᠠᠨ ᠨᠡᠶᠢᠲᠡ ᠶᠢᠨ ᠠᠮᠤᠷ ᠲᠦᠪᠰᠢᠨ ᠵᠢᠴᠢ ᠠᠶᠤᠯ ᠥᠬᠡᠶ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠣᠯᠠᠨ ᠨᠡᠶᠢᠲᠡ  ᠶᠢᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠪᠠᠶᠢᠭᠤᠯᠤᠨ᠂ ᠭᠡᠨᠡᠳᠲᠡ ᠶᠢᠨ ᠪᠠᠴᠢᠮ ᠬᠡᠷᠡᠭ ᠢ ᠠᠷᠭᠠᠴᠠᠬᠤ ᠪᠡᠯᠡᠳᠬᠡᠯ ᠲᠥᠰᠦᠯ ᠢ ᠪᠠᠶᠢᠭᠤᠯᠵᠤ᠂ ᠠᠶᠤᠯ ᠥᠬᠡᠶ ᠦᠶᠯᠡᠳᠪᠦᠷᠢᠯᠡᠯ᠂ ᠦᠶᠡᠷ ᠢ ᠰᠡᠷᠭᠡᠶᠢᠯᠡᠬᠦ᠂ ᠭᠠᠯ ᠰᠡᠷᠭᠡᠶᠢᠯᠡᠬᠦ᠂ ᠬᠢᠵᠢᠭ ᠢ ᠰᠡᠷᠭᠡᠶᠢᠯᠡᠬᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠡᠷᠭᠡ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠠᠷᠠᠳ ᠤᠨ ᠵᠡᠪᠰᠡᠭᠲᠦ ᠬᠦᠴᠦᠨ᠂ ᠤᠯᠤᠰ ᠤᠨ ᠭᠠᠵᠠᠷ ᠰᠢᠷᠣᠶ ᠡᠬᠢ ᠪᠠᠶᠠᠯᠢᠭ ᠤᠨ ᠬᠢᠨᠠᠨ ᠪᠠᠶᠢᠴᠠᠭᠠᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠵᠡᠷᠭᠡ ᠲᠠᠯ᠎ᠠ ᠶᠢᠨ ᠠᠵᠢᠯ ᠢ ᠰᠠᠶᠢᠲᠤᠷ ᠬᠢᠨ᠎ᠡ᠃ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠪᠠ ᠳᠡᠭᠡᠳᠦ ᠱᠠᠲᠤᠨ ᠤ ᠪᠠᠶᠢᠭᠤᠯᠭ᠎ᠠ ᠶᠢᠨ ᠡᠷᠬᠡ ᠣᠯᠭᠤᠭᠰᠠᠨ ᠵᠦᠶᠯᠡᠰ ᠶᠣᠰᠣᠭᠠᠷ᠂ ᠬᠠᠮᠢᠶ᠎ᠠ ᠪᠥᠬᠦᠶ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠨ᠎ᠡ᠃ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠨᠢᠭᠦᠯᠦᠨ᠂ ᠬᠠᠷᠢᠶ᠎ᠠ ᠣᠷᠣᠨ ᠤ ᠠᠮᠤᠷ ᠲᠦᠪᠰᠢᠨ ᠤ ᠪᠠᠶᠢᠭᠤᠯᠤᠯᠲᠠ ᠪᠠ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠡᠭᠦᠷᠭᠡᠯᠡᠵᠦ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠡᠶᠡᠳᠡᠭᠦᠯᠦᠨ ᠰᠢᠢᠳᠪᠦᠷᠢᠯᠡᠬᠦ ᠲᠣᠭᠲᠠᠴᠠ ᠶᠢ ᠨᠠᠶᠢᠳᠠᠪᠤᠷᠢᠵᠢᠭᠤᠯᠤᠨ᠂ ᠬᠠᠷᠢᠶ᠎ᠠ ᠣᠷᠣᠨ ᠤ ᠨᠡᠶᠢᠭᠡᠮ ᠤᠨ ᠵᠥᠷᠢᠴᠡᠯ ᠢ ᠴᠠᠭ ᠲᠤᠬᠠᠢ ᠳᠤᠨᠢ ᠠᠷᠢᠯᠭᠠᠵᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠦᠨᠡᠨ ᠬᠦ ᠪᠠᠲᠤᠯᠠᠨ᠎ᠠ᠃ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ  ᠲᠤ ᠦᠨᠳᠦᠰᠦᠨ ᠱᠠᠲᠤᠨ ᠤ ᠣᠯᠠᠨ ᠲᠦᠮᠡᠨ ᠤ ᠰᠠᠨᠠᠯ᠂ ᠰᠠᠨᠠᠭᠤᠯᠭ᠎ᠠ ᠪᠠ ᠬᠦᠰᠡᠯ ᠱᠠᠭᠠᠷᠳᠠᠯᠭ᠎ᠠ ᠶᠢ ᠵᠢᠷᠤᠮ ᠶᠣᠰᠣᠭᠠᠷ ᠲᠤᠰᠬᠠᠨ᠎ᠠ᠃ ᠬᠠᠷᠢᠶ᠎ᠠ ᠣᠷᠣᠨ ᠤ ᠲᠣᠣᠷᠵᠢᠭᠤᠯᠬᠤ ᠠᠵᠢᠯ ᠢ ᠬᠠᠷᠢᠭᠤᠴᠠᠨ᠎ᠠ᠃    ( ᠵᠢᠷᠭᠤᠭ᠎ᠠ ) ᠣᠯᠠᠨ ᠨᠡᠶᠢᠲᠡ ᠶᠢᠨ ᠦᠢᠯᠡᠴᠢᠯᠡᠭᠡᠨ ᠤ ᠠᠵᠢᠯ᠃ ᠣᠯᠠᠨ ᠲᠦᠮᠡᠨ ᠤ ᠠᠮᠢᠳᠤᠷᠠᠯ ᠯᠤᠭ᠎ᠠ ᠨᠢᠭᠲᠠ ᠬᠤᠯᠪᠣᠭ᠎ᠠ ᠲᠠᠢ ᠡᠯ᠎ᠡ ᠵᠦᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠴᠢᠳᠠᠪᠤᠷᠢᠲᠠᠨ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠠᠷᠠᠳ ᠤᠨ ᠶᠠᠪᠤᠳᠠᠯ᠂ ᠰᠤᠷᠭᠠᠨ ᠬᠥᠮᠦᠵᠢᠯ᠂ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠲᠥᠯᠥᠪᠯᠡᠭᠡᠲᠦ ᠦᠷᠡᠵᠢᠯ᠂ ᠲᠤᠭ᠎ᠠ ᠪᠦᠷᠢᠳᠬᠡᠯ᠂ ᠪᠡᠶ᠎ᠡ ᠶᠢᠨ ᠲᠠᠮᠢᠷ᠂ ᠶᠠᠳᠠᠭᠤ ᠶᠢ ᠲᠡᠳᠬᠦᠬᠦ᠂ ᠵᠡᠮᠳᠡᠭᠴᠦᠳ᠂ ᠴᠡᠷᠢᠭ ᠢᠶᠠᠨ ᠬᠦᠷᠢᠶᠡᠯᠡᠨ ᠬᠠᠷᠠᠭᠠᠯᠵᠠᠬᠤ᠂ ᠨᠡᠶᠢᠭᠡᠮ ᠤᠨ ᠪᠦᠯᠬᠦᠮ ᠵᠡᠷᠭᠡ ᠲᠠᠯ᠎ᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠲᠠᠷᠢᠶᠠᠯᠠᠩ᠂ ᠮᠠᠯ ᠠᠵᠤ ᠠᠬᠤᠶ᠂ ᠣᠶ ᠰᠢᠭᠤᠶ᠂ ᠤᠰᠤ ᠵᠡᠷᠭᠡ ᠬᠦᠷᠢᠶᠡᠨ ᠤ ᠮᠡᠷᠭᠡᠵᠢᠯ ᠣᠷᠣᠭᠤᠯᠬᠤ᠂ ᠪᠣᠯᠪᠠᠰᠤᠷᠠᠭᠤᠯᠬᠤ ᠪᠠ ᠳᠡᠯᠭᠡᠷᠡᠭᠦᠯᠬᠦ ᠵᠡᠷᠭᠡ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ᠃ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠪᠠ ᠳᠡᠭᠡᠳᠦ ᠱᠠᠲᠤᠨ ᠤ ᠪᠠᠶᠢᠭᠤᠯᠭ᠎ᠠ ᠶᠢᠨ ᠡᠷᠬᠡ ᠣᠯᠭᠤᠭᠰᠠᠨ ᠵᠦᠶᠯᠡᠰ ᠶᠣᠰᠣᠭᠠᠷ᠂ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯ ᠢ ᠥᠷᠨᠢᠭᠦᠯᠦᠨ᠎ᠡ ( ᠳᠠᠭᠠᠯᠳᠤᠭᠤᠯᠤᠯ ᠢ ᠦᠵᠡ )᠃ ᠦᠶᠯᠡᠴᠢᠯᠡᠭᠡᠨ ᠤ ᠠᠷᠭ᠎ᠠ ᠵᠠᠮ ᠢ ᠥᠷᠭᠡᠳᠬᠡᠨ᠂ ᠦᠶᠯᠡᠴᠢᠯᠡᠭᠡᠨ ᠤ ᠠᠷᠭ᠎ᠠ ᠮᠠᠶ᠋ᠢᠭ ᠢᠶᠠᠨ ᠰᠠᠶᠢᠵᠢᠷᠠᠭᠤᠯᠵᠤ᠂ ᠬᠢᠨᠠᠨ ᠵᠥᠪᠰᠢᠶᠡᠷᠡᠬᠦ ᠦᠶᠯᠡᠴᠢᠯᠡᠭᠡᠨ ᠤ ᠵᠦᠶᠯᠡᠰ ᠢ ᠠᠷᠠᠳ ᠲᠤ ᠳᠥᠭᠦᠮ ᠦᠵᠡᠭᠦᠯᠬᠦ ᠦᠶᠯᠡᠴᠢᠯᠡᠭᠡᠨ ᠤ ᠲᠠᠪᠴᠠᠩ ᠲᠡᠰᠢ ᠲᠥᠪᠯᠡᠷᠡᠭᠦᠯᠬᠦ ᠶᠢ ᠠᠬᠢᠭᠤᠯᠤᠨ᠂ ᠣᠯᠠᠨ ᠲᠦᠮᠡᠨ ᠤ ᠨᠢᠭᠡ ᠤᠳᠠᠭ᠎ᠠ ᠳᠤ ᠠᠵᠢᠯ ᠶᠠᠪᠤᠳᠠᠯ ᠭᠦᠶᠴᠡᠳᠬᠡᠵᠦ ᠳᠠᠭᠤᠰᠬᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠷᠠᠳ ᠲᠤ ᠳᠥᠭᠦᠮ ᠦᠵᠡᠭᠦᠯᠬᠦ ᠦᠶᠯᠡᠴᠢᠯᠡᠭᠡᠨ ᠤ ᠶᠠᠰᠤ ᠴᠢᠨᠠᠷ ᠢ ᠰᠢᠯᠢᠳᠡᠭᠵᠢᠭᠦᠯᠦᠨ᠎ᠡ᠃    ( ᠳᠣᠯᠤᠭ᠎ᠠ ) ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠠᠵᠢᠯ  ᠃ ᠦᠨᠳᠦᠰᠦᠨ ᠱᠠᠲᠤᠨ ᠤ ᠤᠳᠤᠷᠢᠳᠬᠤ ᠪᠠᠭ᠂ ᠺᠠᠳ᠋ᠷ ᠤᠨ ᠡᠩᠨᠡᠭᠡ ᠪᠣᠯᠤᠨ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ︔ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠭᠠᠷ ᠥᠪᠡᠷᠲᠡᠭᠡᠨ ᠵᠠᠰᠠᠬᠤ ᠶᠢ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠳᠦᠷᠢᠮ ᠤᠨ ᠪᠠᠶᠢᠭᠤᠯᠤᠯᠲᠠ ᠶᠢ ᠠᠬᠢᠭᠤᠯᠤᠨ᠎ᠠ︔ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ  ᠤᠨ ᠬᠤᠯᠪᠣᠭ᠎ᠠ ᠵᠡᠷᠭᠡ ᠤᠯᠠᠨ ᠲᠦᠮᠡᠨ ᠤ ᠪᠦᠯᠬᠦᠮ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃    ( ᠨᠠᠢᠮᠠ ) ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号