ᠲᠦᠴᠢᠦᠸᠠᠨ ᠰᠢᠶᠠᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠡᠩᠰᠠ ︵2022 ᠣᠨ ᠤ ᠬᠡᠪᠯᠡᠯ︶︾ ᠶᠢ ᠳᠠᠷᠤᠮᠠᠯᠯᠠᠨ ᠲᠠᠷᠬᠠᠭᠠᠬᠤ ᠲᠤᠬᠠᠢ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2022/12/18
           ᠲᠦᠴᠢᠤᠸᠠᠨ ᠵᠠᠰᠠᠭ ᠲᠠᠷᠬᠠᠭᠠᠭᠰᠠᠨ ﹇2022﹈ 87 ᠳ᠋ᠤᠭᠠᠷ ᠲᠤᠭᠠᠲᠦᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ    ︽ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠡᠩᠰᠠ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠢ ᠲᠥᠷᠥ ᠶᠢᠨ ᠶᠠᠪᠤᠳᠠᠯ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2022﹈ 2 ᠳ᠋ᠤᠭᠠᠷ ᠲᠣᠭᠠᠲᠤ︶ ︽ᠪᠦᠬᠦ ᠣᠷᠣᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠠᠩᠰᠠ  ᠶᠢ ᠨᠠᠶᠢᠷᠠᠭᠤᠯᠤᠨ ᠵᠣᠬᠢᠶᠠᠬᠤ ᠠᠵᠢᠯ ᠢ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ  ᠶᠢ ᠬᠤᠪᠢᠷᠠᠭᠤᠯᠬᠤ ᠪᠠ ︿ᠪᠠᠭᠤᠯᠭᠠᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠮᠡᠳᠡᠭᠳᠡᠯ︾ ︵ᠥᠪᠥᠷ ᠲᠤᠰᠢᠶᠠᠯ ᠰᠢᠯᠵᠢᠭᠦᠯᠬᠦ ᠠᠯᠪᠠᠨ ᠲᠠᠷᠬᠠᠭᠠᠭᠰᠠᠨ ﹇2022﹈ 3 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠡᠩᠰᠠ ︵2022 ᠣᠨ ᠤ ᠬᠡᠪᠯᠡᠯ︶ ᠶᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2022﹈ 19 ᠳ᠋ᠦᠭᠡᠷ ᠲᠣᠭᠠᠲᠤ︶ ᠪᠠ ︽ᠬᠢᠩᠭᠠᠨ ᠠᠶᠢᠮᠠᠭ ᠤᠨ ᠬᠤᠶᠠᠷ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2022 ᠣᠨ ᠤ ᠬᠡᠪᠯᠡᠯ︶ ᠶᠢ ᠳᠠᠷᠤᠮᠠᠯᠯᠠᠨ ᠲᠠᠷᠬᠠᠭᠠᠬᠤ ᠲᠤᠬᠠᠢ ᠬᠢᠩᠭᠠᠨ ᠠᠶᠢᠮᠠᠭ ᠤᠨ ᠵᠠᠬᠢᠷᠭ᠎ᠠ ᠶᠢᠨ ᠮᠡᠳᠡᠭᠳᠡᠯ︾ ︵ᠬᠢᠩᠭᠠᠨ ᠵᠠᠬᠢᠷᠭ᠎ᠠ ᠲᠠᠷᠬᠠᠭᠠᠭᠰᠠᠨ ﹇2022﹈ 92 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ  ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠵᠠᠭᠠᠭ ᠬᠢᠵᠠᠭᠠᠷ ᠢ ᠤᠯᠠᠮ ᠨᠢᠭᠡ ᠠᠯᠬᠤᠮ ᠲᠣᠳᠣᠷᠬᠠᠢ ᠪᠣᠯᠭᠠᠵᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯᠯᠠᠭᠠᠨ ᠢ ᠵᠢᠷᠤᠮᠵᠢᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠲᠥᠪ ᠭᠤᠥᠯᠴᠢ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ᠂ ᠰᠢᠶᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ︽ᠲᠦᠴᠢᠦᠸᠠᠨ ᠰᠢᠶᠠᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ︵2022 ᠣᠨ ᠤ ᠬᠡᠪᠯᠡᠯ︶︾ ᠶᠢ ᠨᠡᠶᠢᠲᠡᠯᠡᠬᠦ ᠶᠢᠨ ᠬᠠᠮᠲᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠮᠡᠳᠡᠭᠳᠡᠶ᠎ᠡ᠃ᠨᠢᠭᠡ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯ ᠤᠨ ᠨᠠᠷᠢᠨ ᠳᠡᠩᠰᠠ ᠶᠢ ᠴᠢᠩᠭ᠎ᠠ ᠵᠢᠷᠤᠮᠵᠢᠭᠤᠯᠤᠨ᠎ᠠ    ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠡᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠤᠯᠤᠰ᠂ ᠣᠷᠣᠨ᠂ ᠠᠶᠢᠮᠠᠭ ᠤᠨ ᠱᠠᠭᠠᠷᠳᠠᠯᠭ᠎ᠠ ᠶᠣᠰᠣᠭᠠᠷ᠂ ︽ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠡᠩᠰᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠷᠢᠨ ᠳᠡᠩᠰᠠ ᠠᠴᠠ ᠭᠠᠳᠠᠨ᠎ᠠ ᠴᠥᠮ ᠬᠠᠤᠯᠢ ᠠᠴᠠ ᠵᠥᠷᠢᠴᠡᠨ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠵᠦ ᠪᠣᠯᠬᠤ ᠦᠭᠡᠢ᠂ ᠬᠡᠯᠪᠡᠷᠢ ᠶᠢ ᠨᠢ ᠥᠭᠡᠷᠡᠳᠡᠭᠦᠯᠦᠨ ᠵᠥᠪᠰᠢᠶᠡᠷᠡᠬᠦ᠂ ᠳᠠᠪᠬᠤᠷᠳᠠᠭᠤᠯᠤᠨ ᠬᠢᠨᠠᠨ ᠵᠥᠪᠰᠢᠶᠡᠷᠡᠬᠦ᠂ ᠴᠢᠬᠤᠯᠠ ᠦᠭᠡᠢ ᠬᠢᠨᠠᠨ ᠵᠥᠪᠰᠢᠶᠡᠷᠡᠬᠦ ᠵᠡᠷᠭᠡ ᠦᠶᠯᠡ ᠠᠵᠢᠯᠯᠠᠭ᠎ᠠ ᠶᠢ ᠶᠡᠬᠡᠪᠡᠷ ᠴᠡᠭᠴᠡᠯᠡᠨ ᠵᠠᠰᠠᠬᠤ ᠬᠡᠷᠡᠭᠲᠡᠢ᠃ᠬᠤᠶᠠᠷ᠂ ᠵᠦᠢᠯᠡᠰ ᠤᠨ ᠬᠥᠳᠡᠯᠦᠩᠭᠦᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠬᠤ ᠬᠡᠷᠡᠭᠲᠡᠢ   ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠪᠦᠬᠦ ᠰᠢᠶᠠᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠲᠣᠳᠣᠷᠬᠠᠢ ᠬᠠᠭᠤᠳᠠᠰᠤ ᠳᠤ ᠬᠥᠳᠡᠯᠦᠩᠭᠦᠢ ᠬᠠᠮᠢᠶᠠᠷᠤᠯᠲᠠ ᠶᠠᠪᠤᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠴᠠᠭ ᠲᠤᠬᠠᠢ ᠳᠤᠨᠢ ᠵᠣᠬᠢᠴᠠᠭᠤᠯᠤᠨ ᠲᠣᠳᠣᠷᠬᠠᠢ ᠬᠠᠭᠤᠳᠠᠰᠤ ᠶᠢᠨ ᠬᠠᠮᠢᠶᠠᠷᠤᠯᠲᠠ ᠪᠠ ᠵᠠᠰᠠᠭ ᠵᠠᠬᠢᠷᠭᠠᠨ ᠤ ᠵᠥᠪᠰᠢᠶᠡᠷᠡᠯ ᠢ ᠬᠡᠷᠡᠭᠵᠢᠭᠦᠯᠬᠦ ᠶᠠᠪᠤᠴᠠ ᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠢ᠃ᠳᠡᠭᠡᠳᠦ ᠱᠠᠲᠤᠨ ᠤ ᠨᠠᠷᠢᠨ ᠲᠠᠩᠰᠠ ᠳᠤ ᠲᠣᠬᠢᠷᠠᠭᠤᠯᠤᠯᠲᠠ ᠬᠢᠭᠰᠡᠨ ᠪᠠᠶᠢᠪᠠᠯ ᠂ ᠲᠣᠰ ᠱᠠᠲᠤᠨ ᠤ ᠨᠠᠷᠢᠨ ᠲᠠᠩᠰᠠ ᠳᠤ ᠴᠠᠭ ᠲᠤᠬᠠᠢ ᠳᠤᠨᠢ ᠵᠣᠬᠢᠴᠠᠩᠭᠤᠢ ᠲᠣᠬᠢᠷᠠᠭᠤᠯᠤᠯᠲᠠ ᠬᠢᠬᠦ ᠬᠡᠷᠡᠭᠲᠡᠢ᠃ᠭᠤᠷᠪᠠ᠂ ᠤᠴᠢᠷ ᠶᠠᠪᠤᠳᠠᠯ ᠤᠨ ᠡᠮᠦᠨ᠎ᠡ ᠤᠴᠢᠷ ᠶᠠᠪᠤᠳᠠᠯ ᠤᠨ ᠳᠤᠮᠳᠠ ᠪᠠ ᠤᠴᠢᠷ ᠶᠠᠪᠤᠳᠠᠯ ᠤᠨ ᠳᠠᠷᠠᠭᠠᠬᠢ ᠪᠦᠬᠦ ᠬᠡᠯᠬᠢᠶ᠎ᠡ ᠪᠦᠬᠦ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ    ︽ᠬᠡᠨ ᠬᠢᠨᠠᠨ ᠵᠥᠪᠰᠢᠶᠡᠷᠡᠭᠰᠡᠨ ᠪᠣᠯ ᠲᠡᠷᠡ ᠬᠠᠷᠢᠭᠤᠴᠠᠵᠤ᠂ ᠬᠡᠨ ᠭᠤᠣᠯᠴᠢᠯᠠᠨ ᠬᠠᠮᠢᠶᠠᠷᠴᠤ᠂ ᠲᠡᠷᠡ ᠬᠢᠨᠠᠨ ᠬᠠᠮᠢᠶᠠᠷᠬᠤ︾ ᠵᠠᠷᠴᠢᠮ ᠶᠣᠰᠣᠭᠠᠷ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠳ ᠳᠡᠭᠡᠳᠦ ᠱᠠᠲᠤᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠵᠦ ᠵᠣᠯᠭᠠᠭᠤᠯᠬᠤ ᠪᠠᠨ ᠦᠨᠡᠨᠬᠦ ᠴᠢᠩᠭᠠᠳᠬᠠᠵᠤ᠂ ᠠᠶᠢᠮᠠᠭ ᠤᠨ ᠱᠠᠲᠤᠨ ᠤ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠨᠡᠶᠢᠲᠡᠯᠡᠭᠰᠡᠨ ᠬᠢᠨᠠᠨ ᠬᠠᠮᠢᠶᠠᠷᠬᠤ ᠳᠦᠷᠢᠮ ᠪᠠ ᠪᠠᠷᠢᠮᠵᠢᠶ᠎ᠠ ᠶᠣᠰᠣᠭᠠᠷ ᠴᠢᠩᠭ᠎ᠠ ᠬᠡᠷᠡᠭᠵᠢᠭᠦᠯᠬᠦ ᠬᠡᠷᠡᠭᠲᠡᠢ ᠃ ᠤᠴᠢᠷ ᠶᠠᠪᠤᠳᠠᠯ ᠤᠨ ᠡᠮᠦᠨ᠎ᠡ ᠤᠴᠢᠷ ᠶᠠᠪᠤᠳᠠᠯ ᠤᠨ ᠳᠤᠮᠳᠠ ᠪᠠ ᠤᠴᠢᠷ ᠶᠠᠪᠤᠳᠠᠯ ᠤᠨ ᠳᠠᠷᠠᠭᠠᠬᠢ ᠪᠦᠬᠦ ᠬᠡᠯᠬᠢᠶ᠎ᠡ ᠪᠦᠬᠦ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠬᠢᠨᠠᠨ ᠬᠠᠮᠢᠶᠠᠷᠬᠤ ᠶᠢ ᠵᠠᠪᠰᠠᠷ ᠦᠭᠡᠢ ᠵᠣᠯᠭᠠᠭᠤᠯᠬᠤ᠂ ᠵᠣᠬᠢᠴᠠᠭᠤᠯᠤᠨ ᠬᠤᠯᠪᠣᠯᠳᠤᠭᠤᠯᠬᠤ ᠶᠢ ᠦᠨᠡᠨ ᠬᠦ ᠪᠠᠲᠤᠯᠠᠨ᠎ᠠ᠃ᠳᠠᠭᠠᠯᠳᠤᠭᠤᠯᠤᠯ᠄ ᠲᠦᠴᠢᠦᠸᠠᠨ ᠰᠢᠶᠠᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠳᠡᠩᠰᠠ ︵2022 ᠣᠨ ᠤ ᠬᠡᠪᠯᠡᠯ︶                                     2022 ᠣᠨ ᠤ 12 ᠰᠠᠷ᠎ᠠ ᠶᠢᠨ 15 ᠤ ᠡᠳᠦᠷ                                    ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号