︽ᠲᠠᠯ᠎ᠠ ᠨᠤᠲᠤᠭ ᠤᠨ ᠨᠣᠮ ᠤᠨ ᠦᠷᠦᠭᠡ +︾ ᠰᠣᠶᠣᠯ ᠤᠨ ᠬᠥᠭᠵᠢᠯ ᠮᠠᠨᠳᠤᠯ ᠢ ᠠᠬᠢᠭᠤᠯᠵᠤ ᠲᠤᠤᠱᠯᠠᠭᠤᠯᠤᠨ ᠨᠠᠶᠢᠳᠠᠪᠤᠷᠢᠵᠢᠭᠤᠯᠵᠠᠢ
ᠨᠡᠶᠢᠲᠡᠯᠡᠭᠰᠡᠨ ᠴᠠᠭ᠄
2022/12/18
    ᠲᠠᠯ᠎ᠠ ᠨᠤᠲᠤᠭ ᠤᠨ ᠨᠣᠮ ᠤᠨ ᠦᠷᠦᠬᠡ ᠶᠢᠨ ᠰᠣᠶᠣᠯ ᠤᠨ ᠵᠢᠭᠰᠠᠭᠠᠯ ᠤᠨ ᠭᠠᠵᠠᠷ ᠤᠨ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠦᠨᠳᠦᠰᠦᠨ ᠱᠠᠲᠤᠨ ᠤ ᠰᠠᠶᠢᠨ ᠰᠠᠶᠢᠬᠠᠨ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠣᠶᠣᠯ ᠤᠨ ᠰᠠᠭᠤᠷᠢ ᠥᠩᠭᠡ ᠶᠢ ᠰᠢᠩᠭᠡᠭᠡᠬᠦ ᠶᠢᠨ ᠲᠥᠯᠥᠭᠡ᠂ ᠵᠢᠦ ᠯᠦᠩ ᠰᠢᠶᠠᠩ ᠤᠨ ᠬᠢᠨ ︽ᠲᠠᠯ᠎ᠠ ᠨᠤᠲᠤᠭ ᠤᠨ ᠨᠣᠮ ᠤᠨ ᠦᠷᠦᠬᠡ +︾ ᠵᠠᠭᠪᠤᠷ ᠢ ᠢᠳᠡᠪᠬᠢᠲᠡᠢ ᠰᠦᠪᠡᠭᠴᠢᠯᠡᠵᠦ᠂ ︽ᠲᠣᠰᠣ ᠨᠡᠮᠡᠬᠦ︾ ︽ᠴᠠᠬᠢᠯᠭᠠᠨ ᠴᠡᠨᠡᠭᠯᠡᠬᠦ︾ ᠪᠠᠷ ᠳᠠᠮᠵᠢᠭᠤᠯᠤᠨ ᠥᠷᠭᠡᠨ ᠤᠯᠠᠨ ᠺᠠᠳ᠋ᠷ ᠤᠯᠠᠨ ᠲᠦᠮᠡᠨ ᠤ ᠤᠯᠠᠨ ᠶᠠᠩᠵᠤ ᠶᠢᠨ ᠤᠶᠤᠨ ᠤ ᠰᠣᠶᠣᠯ ᠤᠨ ᠬᠡᠷᠡᠭᠴᠡᠭᠡ ᠶᠢ ᠬᠠᠩᠭᠠᠵᠤ᠂ ᠦᠨᠳᠦᠰᠦᠨ ᠱᠠᠲᠤᠨ ᠤ ᠰᠣᠶᠣᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃
︽ᠲᠠᠯ᠎ᠠ ᠨᠤᠲᠤᠭ ᠤᠨ ᠨᠣᠮ ᠤᠨ ᠦᠷᠦᠭᠡ + ᠰᠤᠷᠤᠯᠴᠠᠯᠭ᠎ᠠ ᠤᠬᠠᠭᠤᠯᠤᠨ ᠲᠠᠶᠢᠯᠪᠤᠷᠢᠯᠠᠯᠲᠠ︾    ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠤᠯᠠᠨ ᠲᠦᠮᠡᠨ ᠲᠡᠶ‌ᠵᠢᠦᠯᠦᠶᠢᠩ ᠰᠢᠶᠠᠩ ᠳᠤ ᠤᠨᠤᠯ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠦᠢᠯᠡᠴᠢᠯᠡᠭᠡᠨ ᠤ ᠠᠩᠭᠢ ᠪᠠᠶᠢᠭᠤᠯᠵᠤ᠂ ᠡᠯ᠎ᠡ ᠲᠣᠰᠬᠤᠨ ᠤ ᠨᠠᠮ ᠤᠨ ᠭᠡᠰᠢᠭᠦᠨ᠂ ᠲᠣᠰᠬᠤᠨ ᠤ ᠺᠠᠳ᠋ᠷ᠂ ᠲᠣᠰᠬᠤᠨ ᠳᠤ ᠰᠠᠭᠤᠬᠤ ᠠᠵᠢᠯᠯᠠᠬᠤ ᠠᠩᠭᠢ ᠵᠡᠷᠭᠡ ᠶᠢ ᠵᠣᠬᠢᠶᠠᠨ ᠪᠠᠶᠢᠭᠤᠯᠵᠤ ᠲᠠᠯ᠎ᠠ ᠨᠤᠲᠤᠭ ᠤᠨ ᠨᠣᠮ ᠤᠨ ᠦᠷᠦᠭᠡ ᠳᠤ ᠡᠮ ᠡᠮᠨᠡᠯᠭᠡ᠂ ᠨᠠᠰᠤᠵᠢᠯ ᠤᠨ ᠳᠠᠭᠠᠳᠬᠠᠯ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠵᠡᠷᠭᠡ ᠣᠳᠣᠬᠠᠨ ᠤ ᠭᠤᠣᠯᠳᠠᠯᠭ᠎ᠠ ᠲᠠᠢ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠪᠠ᠃ ᠤᠬᠠᠭᠤᠯᠤᠨ ᠲᠠᠶᠢᠯᠪᠤᠷᠢᠯᠠᠬᠤ ᠦᠢᠯᠡᠴᠢᠯᠡᠭᠡᠨ ᠤ ᠠᠩᠭᠢ ᠶᠢᠨ ᠬᠢᠨ ᠬᠢᠯᠪᠠᠷ ᠣᠶᠢᠯᠠᠭᠠᠮᠵᠢᠲᠠᠢ ᠦᠭᠡ ᠬᠡᠯᠡ ᠪᠠᠷ ᠭᠦᠨᠵᠡᠭᠡᠢ ᠪᠥᠭᠡᠳ ᠣᠶᠢᠯᠠᠭᠠᠮᠵᠢᠲᠠᠢ ᠲᠠᠶᠢᠯᠪᠤᠷᠢᠯᠠᠵᠤ᠂ ᠤᠬᠠᠭᠤᠯᠤᠨ ᠲᠠᠶᠢᠯᠪᠤᠷᠢᠯᠠᠬᠤ ᠶᠢ ᠡᠷᠦᠬᠡ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠤᠬᠠᠭᠤᠯᠤᠨ ᠲᠠᠶᠢᠯᠪᠤᠷᠢᠯᠠᠬᠤ ᠶᠢ ᠬᠥᠮᠥᠨ ᠳᠤ ᠬᠦᠷᠲᠡᠯ᠎ᠡ ᠪᠡᠶᠡᠯᠡᠭᠦᠯᠵᠦ᠂ ᠨᠤᠲᠤᠭ ᠤᠨ ᠠᠬ᠎ᠠ ᠳᠡᠭᠦᠦ ᠨᠠᠷ ᠲᠤ ᠣᠶᠢᠯᠠᠭᠠᠭᠤᠯᠵᠤ᠂ ᠰᠣᠨᠣᠰᠴᠤ ᠣᠷᠣᠭᠤᠯᠬᠤ ᠬᠡᠷᠡᠭᠲᠡᠢ᠃ ︽ᠮᠠᠨ ᠤ ᠨᠠᠮ ᠤᠨ ᠲᠥᠷᠥ ᠶᠢᠨ ᠪᠣᠳᠣᠯᠭ᠎ᠠ ᠰᠠᠶᠢᠨ ᠪᠠᠶᠢᠨ᠎ᠠ᠂ ᠮᠠᠨ ᠤ ᠠᠷᠠᠳ ᠲᠦᠮᠡᠨ ᠳᠤ ᠶᠠᠮᠠᠷ ᠠᠰᠢᠭ ᠲᠤᠰᠠ ᠪᠠᠶᠢᠬᠤ ᠶᠢ ᠮᠡᠳᠡᠭᠦᠯᠬᠦ ᠪᠠᠷ ᠪᠠᠷᠠᠬᠤ ᠦᠭᠡᠢ᠂ ᠪᠠᠰᠠ ᠠᠷᠠᠳ ᠲᠦᠮᠡᠨ ᠳᠤ ᠦᠨᠡᠨ ᠪᠣᠳᠠᠲᠠᠢ ᠠᠰᠢᠭ ᠲᠤᠰᠠ ᠣᠯᠭᠤᠬᠤ ᠬᠡᠷᠡᠭᠲᠡᠢ︾ ᠭᠡᠵᠦ ᠪᠠᠶᠢᠯ᠎ᠠ᠃ ︽ᠮᠠᠨ ᠤ ᠨᠠᠮ ᠤᠨ ᠲᠥᠷᠥ ᠶᠢᠨ ᠪᠣᠳᠣᠯᠭ᠎ᠠ ᠰᠠᠶᠢᠨ ᠪᠠᠶᠢᠨ᠎ᠠ᠂ ᠡᠶᠢᠮᠦ ᠠᠴᠠ ᠮᠠᠨ ᠤ ᠠᠷᠠᠳ ᠲᠦᠮᠡᠨ ᠳᠤ ᠦᠨᠡᠨ ᠪᠣᠳᠠᠲᠠᠢ ᠠᠰᠢᠭ ᠲᠤᠰᠠ ᠣᠯᠭᠤᠬᠤ ᠬᠡᠷᠡᠭᠲᠡᠢ︾ ᠭᠡᠵᠦ ᠵᠢᠦ ᠯᠦᠩ ᠰᠢᠶᠠᠩ ᠤᠨ ᠡᠪᠯᠡᠯ ᠤᠨ ᠬᠤᠷᠢᠶ᠎ᠠ ᠶᠢᠨ ᠱᠦᠵᠢ᠂ ᠲᠠᠶᠢᠯᠪᠤᠷᠢᠯᠠᠭᠴᠢ ᠸᠠᠩ ᠳ᠋ᠦᠩ ᠶᠠᠩ ᠬᠡᠯᠡᠪᠡ᠃
︽ᠲᠠᠯ᠎ᠠ ᠨᠤᠲᠤᠭ ᠤᠨ ᠨᠣᠮ ᠤᠨ ᠥᠷᠥᠭᠡ + ᠰᠠᠶᠢᠨ ᠳᠤᠷ᠎ᠠ ᠶᠢᠨ ᠦᠢᠯᠡᠴᠢᠯᠡᠭᠡ︾    ᠠᠷᠠᠳ ᠲᠦᠮᠡᠨ ᠳᠤ ᠦᠢᠯᠡᠴᠢᠯᠡᠬᠦ ᠨᠢ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ᠃ ᠡᠯ᠎ᠡ ᠲᠣᠰᠬᠤᠨ ᠤ  ᠬᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢ ᠲᠠᠯ᠎ᠠ ᠨᠤᠲᠤᠭ ᠤᠨ ᠨᠣᠮ ᠤᠨ ᠦᠷᠦᠭᠡ ᠲᠠᠢ ᠣᠷᠭᠠᠨᠢᠭ ᠢᠶᠠᠷ ᠤᠶᠠᠯᠳᠤᠭᠤᠯᠵᠤ᠂ ᠰᠢᠨ᠎ᠡ ᠴᠠᠭ ᠦᠶ᠎ᠡ ᠶᠢᠨ ᠤᠩᠰᠢᠯᠭ᠎ᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠪᠠᠶᠢᠭᠤᠯᠵᠤ᠂ ᠲᠠᠯ᠎ᠠ ᠨᠤᠲᠤᠭ ᠤᠨ ᠨᠣᠮ ᠤᠨ ᠦᠷᠦᠭᠡ ᠶᠢ ᠲᠠᠷᠢᠶᠠᠴᠢᠳ ᠤᠨ ᠤᠩᠰᠢᠯᠭ᠎ᠠ ᠶᠢᠨ ᠭᠤᠣᠯ ᠵᠢᠭᠰᠠᠭᠠᠯ ᠤᠨ ᠭᠠᠵᠠᠷ ᠪᠣᠯᠭᠠᠵᠤ᠂ ᠦᠢᠯᠡᠴᠢᠯᠡᠭᠡᠨ ᠤ ᠠᠷᠭ᠎ᠠ ᠵᠠᠮ ᠢ ᠥᠷᠭᠡᠳᠬᠡᠵᠦ᠂ ︽ᠲᠠᠯ᠎ᠠ ᠨᠤᠲᠤᠭ ᠤᠨ ᠨᠣᠮ ᠤᠨ ᠦᠷᠦᠭᠡ + ᠰᠠᠶᠢᠨ ᠳᠤᠷ᠎ᠠ ᠶᠢᠨ ᠦᠢᠯᠡᠴᠢᠯᠡᠭᠡ︾ ᠪᠠᠷ ᠳᠠᠮᠵᠢᠭᠤᠯᠤᠨ ᠨᠣᠮ ᠤᠨ ᠦᠷᠦᠭᠡ ᠶᠢ ︽ᠠᠮᠢᠳᠤᠯᠢᠭ ᠪᠣᠯᠭᠠᠵᠤ︾ ᠪᠠᠶᠢᠨ᠎ᠠ᠃ ᠰᠠᠶᠢᠨ ᠳᠤᠷ᠎ᠠ ᠶᠢᠨ ᠠᠵᠢᠯᠯᠠᠭᠴᠢᠳ ᠲᠠᠯ᠎ᠠ ᠨᠤᠲᠤᠭ ᠤᠨ ᠨᠣᠮ ᠤᠨ ᠦᠷᠦᠭᠡ ᠶᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠬᠠᠪᠰᠤᠷᠤᠨ ᠵᠢᠯᠤᠭᠤᠳᠬᠤ ᠨᠣᠮ ᠤᠨ ᠳᠡᠪᠲᠡᠷ ᠢᠶᠠᠷ ᠭᠤᠣᠯ ᠰᠤᠷᠤᠯᠴᠠᠬᠤ ᠠᠭᠤᠯᠭ᠎ᠠ ᠪᠠᠨ ᠪᠣᠯᠭᠠᠵᠤ᠂ ᠤᠭ ᠵᠣᠬᠢᠶᠠᠯ ᠢ ᠤᠩᠰᠢᠬᠤ᠂ ᠪᠢᠴᠢᠯ ᠺᠢᠨᠣ᠋ ᠤᠩᠰᠢᠬᠤ ᠵᠡᠷᠭᠡ ᠬᠡᠯᠪᠡᠷᠢ ᠪᠠᠷ ᠤᠯᠠᠨ ᠲᠦᠮᠡᠨ ᠳᠤ ᠲᠠᠶᠢᠯᠪᠤᠷᠢᠯᠠᠨ ᠦᠢᠯᠡᠴᠢᠯᠡᠵᠦ᠂ ᠠᠵᠢᠯᠯᠠᠭ᠎ᠠ ᠥᠷᠨᠢᠭᠦᠯᠦᠭᠰᠡᠨ ᠠᠴᠠ ᠨᠠᠰᠢ 320 ᠭᠠᠷᠤᠢ ᠬᠥᠮᠥᠨ ᠤᠳᠠᠭ᠎ᠠ ᠳᠤ ᠠᠰᠢᠭ ᠬᠦᠷᠲᠡᠵᠦ᠂ ᠥᠷᠭᠡᠨ ᠤᠯᠠᠨ ᠲᠦᠮᠡᠨ ᠤ ᠰᠠᠶᠢᠨ ᠦᠨᠡᠯᠡᠯᠲᠡ ᠶᠢ ᠣᠯᠵᠠᠢ᠃
︽ᠲᠠᠯ᠎ᠠ ᠨᠤᠲᠤᠭ ᠤᠨ ᠨᠣᠮ ᠤᠨ ᠥᠷᠥᠭᠡ + ᠠᠵᠤ ᠦᠢᠯᠡᠰ ᠤᠨ ᠬᠥᠭᠵᠢᠯᠲᠡ︾    ᠲᠠᠷᠢᠶᠠᠴᠢᠨ ᠢ ᠪᠠᠶᠠᠵᠢᠭᠤᠯᠵᠤ ᠲᠣᠰᠬᠤᠨ ᠢ ᠬᠦᠴᠦᠷᠬᠡᠭᠵᠢᠭᠦᠯᠬᠦ ︽ᠰᠢᠨ᠎ᠡ ᠠᠷᠭ᠎ᠠ ᠵᠠᠮ︾ ᠢ ᠨᠡᠭᠡᠭᠡᠨ᠎ᠡ᠃ ᠳᠠᠷᠢᠵᠤ ᠲᠡᠵᠢᠭᠡᠬᠦ ᠬᠥᠮᠥᠰ ᠤᠨ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠠᠵᠤ ᠦᠢᠯᠡᠰ ᠤᠨ ᠣᠷᠣᠯᠭ᠎ᠠ  ᠶᠢ ᠨᠡᠮᠡᠭᠳᠡᠭᠦᠯᠬᠦ  ᠶᠢ ᠠᠬᠢᠭᠤᠯᠵᠤ᠂ ᠵᠢᠦ ᠯᠦᠩ ᠰᠢᠶᠠᠩ ᠡᠯ᠎ᠡ ᠲᠣᠰᠬᠤᠨ ᠤ ᠳᠠᠷᠢᠵᠤ ᠲᠡᠵᠢᠭᠡᠨ ᠦᠷᠡᠵᠢᠭᠦᠯᠬᠦ ᠣᠨᠴᠠᠯᠢᠭ ᠲᠠᠢ ᠤᠶᠠᠯᠳᠤᠭᠤᠯᠤᠨ᠂ ᠡᠯ᠎ᠡ ᠲᠣᠰᠬᠤᠨ ᠳᠤ ᠲᠠᠷᠢᠶᠠᠯᠠᠩ ᠤᠨ ᠦᠢᠯᠡᠳᠪᠦᠷᠢᠯᠡᠯ᠂ ᠳᠠᠷᠢᠵᠤ ᠲᠡᠵᠢᠭᠡᠨ ᠦᠷᠡᠵᠢᠭᠦᠯᠬᠦ ᠵᠡᠷᠭᠡ ᠬᠡᠷᠡᠭᠯᠡᠭᠡᠨ ᠤ ᠴᠢᠨᠠᠷ ᠢᠶᠠᠷ ᠴᠢᠩᠭ᠎ᠠ ᠮᠥᠷᠲᠡᠭᠡᠨ ᠵᠢᠷᠤᠭ ᠪᠢᠴᠢᠭ ᠬᠤᠣᠰᠯᠠᠭᠰᠠᠨ᠂ ᠬᠢᠯᠪᠠᠷ ᠣᠶᠢᠯᠠᠭᠠᠮᠵᠢᠲᠠᠢ ᠨᠣᠮ ᠪᠢᠴᠢᠭ ᠲᠣᠬᠢᠷᠠᠭᠤᠯᠵᠤ᠂ ︽ᠵᠢᠷᠭᠤᠭᠠᠨ ᠵᠦᠢᠯ ᠤᠨ ᠢᠨᠵᠧᠨᠧᠷᠢᠩ᠂ ᠵᠢᠷᠭᠤᠭ᠎ᠠ ᠶᠢ ᠲᠣᠰᠬᠤᠨ ᠡᠷᠦᠬᠡ ᠳᠤ ᠬᠦᠷᠭᠡᠬᠦ︾ ᠠᠵᠢᠯᠯᠠᠭ᠎ᠠ ᠲᠠᠢ ᠤᠶᠠᠯᠳᠤᠭᠤᠯᠤᠨ ᠵᠢᠯ ᠳᠤ ᠨᠡᠶᠢᠳᠡ 600 ᠭᠠᠷᠤᠢ ᠬᠥᠮᠥᠨ ᠤᠳᠠᠭ᠎ᠠ ᠶᠢᠨ ᠪᠣᠯᠪᠠᠰᠤᠷᠠᠯ ᠥᠷᠨᠢᠭᠦᠯᠵᠦ᠂ ᠤᠯᠠᠨ ᠢ ᠠᠭᠤᠵᠢᠭᠤ ᠲᠠᠯᠪᠢᠭᠤ ᠲᠠᠭᠠᠯᠠᠮᠵᠢᠲᠠᠢ ᠠᠭᠤᠷ ᠠᠮᠢᠰᠬᠤᠯ ᠤᠨ ᠳᠤᠮᠳᠠ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠰᠢᠨ᠎ᠡ ᠰᠡᠳᠬᠢᠴᠡ ᠶᠢ ᠡᠭᠦᠳᠴᠦ᠂ ᠠᠷᠠᠳ ᠤᠯᠠᠨ ᠢ ᠭᠡᠷ ᠤᠨ ᠡᠭᠦᠳᠡᠨ ᠳᠤ ᠮᠡᠷᠭᠡᠵᠢᠯ ᠰᠤᠷᠴᠤ᠂ ᠴᠢᠳᠠᠪᠤᠷᠢ ᠲᠠᠢ ᠪᠣᠯᠭᠠᠵᠤ᠂ ᠲᠠᠯ᠎ᠠ ᠨᠤᠲᠤᠭ ᠤᠨ ᠨᠣᠮ ᠤᠨ ᠦᠷᠦᠭᠡ ᠶᠢ ᠠᠵᠤ ᠦᠢᠯᠡᠰ ᠤᠨ ᠬᠥᠭᠵᠢᠯᠲᠡ ᠲᠠᠢ ᠬᠠᠮᠲᠤᠪᠠᠷ ᠳᠡᠭᠡᠭᠰᠢᠯᠡᠭᠦᠯᠬᠦ ᠰᠢᠨ᠎ᠡ ᠪᠠᠶᠢᠳᠠᠯ ᠢ ᠪᠤᠢ ᠪᠣᠯᠭᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号