ᠦᠰᠦᠭ ᠪᠢᠴᠢᠭ ᠤᠨ ᠲᠠᠶᠢᠯᠤᠮᠵᠢ᠄ ︽ᠲᠦᠴᠢᠦᠸᠠᠨ ᠰᠢᠶᠠᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶᠯᠡᠰ ᠤᠨ ᠲᠣᠳᠣᠷᠬᠠᠶ ᠬᠠᠭᠤᠳᠠᠰᠤ ( 2022 ᠣᠨ ᠤ ᠬᠡᠪᠯᠡᠯ )︾ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/12/21
  ᠨᠢᠭᠡ᠂ ︽ᠨᠠᠷᠢᠨ ᠬᠠᠭᠤᠳᠠᠰᠤ︾ ᠶᠢ ᠨᠡᠶᠢᠲᠡᠯᠡᠭᠰᠡᠨ ᠠᠬᠤᠶ ᠪᠠᠶᠢᠳᠠᠯ ᠨᠢ ᠶᠠᠭᠤ ᠪᠣᠶ︖   2022 ᠣᠨ ᠤ 1 ᠳ᠋ᠦ᠋ᠭᠡᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2022﹈ 22 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ︽2022 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠪᠥᠬᠦ ᠤᠯᠤᠰ ᠲᠤ ᠨᠢᠭᠡᠳᠦᠯᠲᠡᠶ ᠲᠥᠯᠥᠪᠯᠡᠭᠰᠡᠨ᠂ ᠱᠠᠲᠤ ᠬᠤᠪᠢᠶᠠᠨ ᠬᠠᠷᠢᠭᠤᠴᠠᠭᠰᠠᠨ᠂ ᠵᠦᠶᠯᠡᠰ ᠨᠢᠭᠡᠳᠦᠯᠲᠡᠶ᠂ ᠡᠷᠬᠡ ᠬᠠᠷᠢᠭᠤᠴᠠᠯᠭ᠎ᠠ ᠲᠣᠳᠣᠷᠬᠠᠶ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶᠯᠡᠰ ᠤᠨ ᠨᠠᠷᠢᠨ ᠬᠠᠭᠤᠳᠠᠰᠤ ᠶᠢᠨ ᠰᠢᠰᠲ᠋ᠧᠮᠵᠢ ᠶᠢ ᠪᠠᠶᠢᠭᠤᠯᠤᠨ ᠪᠦᠷᠢᠯᠳᠦᠭᠦᠯᠵᠦ᠂ ᠤᠯᠤᠰ᠂ ᠮᠤᠵᠢ᠂ ᠬᠤᠲᠠ᠂ ᠰᠢᠶᠠᠨ ᠳᠥᠷᠪᠡᠨ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶᠯᠡᠰ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠨᠡᠶᠢᠲᠡᠯᠡᠵᠦ᠂ ᠬᠠᠤᠯᠢ ᠶᠣᠰᠣᠭᠠᠷ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶᠯᠡᠰ ᠢ ᠪᠦᠬᠦᠨ ᠢ ᠨᠠᠷᠢᠨ ᠬᠠᠭᠤᠳᠠᠰᠤ ᠶᠢᠨ ᠬᠠᠮᠢᠶᠠᠷᠤᠯᠲᠠ ᠳᠤ ᠣᠷᠣᠭᠤᠯᠵᠤ᠂ ᠨᠠᠷᠢᠨ ᠬᠠᠭᠤᠳᠠᠰᠤ ᠠᠴᠠ ᠪᠤᠰᠤᠳ ᠵᠠᠰᠠᠭ ᠵᠠᠬᠢᠷᠭᠠᠨ ᠤ ᠵᠥᠪᠰᠢᠶᠡᠷᠡᠯ ᠢ ᠬᠠᠤᠯᠢ ᠠᠴᠠ ᠵᠥᠷᠢᠴᠡᠨ ᠬᠡᠷᠡᠭᠵᠢᠭᠦᠯᠵᠦ ᠪᠣᠯᠬᠤ ᠥᠬᠡᠶ︾ ᠭᠡᠵᠦ ᠱᠠᠭᠠᠷᠳᠠᠪᠠ᠃   ᠬᠤᠶᠠᠷ᠂ ︽ᠨᠠᠷᠢᠨ ᠬᠠᠭᠤᠳᠠᠰᠤ︾ ᠶᠢ ᠨᠠᠶᠢᠷᠠᠭᠤᠯᠤᠨ ᠵᠣᠬᠢᠶᠠᠭᠰᠠᠨ ᠶᠠᠪᠤᠴᠠ ᠨᠢ ᠶᠠᠭᠤ ᠶᠠᠭᠤ ᠪᠠᠶᠢᠬᠤ ᠪᠣᠶ︖   ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠵᠠᠬᠢᠷᠭ᠎ᠠ ᠶᠢᠨ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂《 ᠬᠢᠩᠭᠠᠨ ᠠᠶᠢᠮᠠᠭ ᠤᠨ ᠬᠤᠶᠠᠷ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶᠯᠡᠰ ᠤᠨ ᠨᠠᠷᠢᠨ ᠬᠠᠭᠤᠳᠠᠰᠤ ( 2022 ᠣᠨ ᠤ ᠬᠡᠪᠯᠡᠯ )  ᠶᠢ ᠳᠠᠷᠤᠮᠠᠯᠯᠠᠨ ᠶᠠᠪᠤᠭᠤᠯᠬᠤ ᠲᠤᠬᠠᠶ ᠬᠢᠩᠭᠠᠨ ᠠᠶᠢᠮᠠᠭ ᠤᠨ ᠵᠠᠬᠢᠷᠭ᠎ᠠ ᠶᠢᠨ ᠮᠡᠳᠡᠭᠳᠡᠯ 》 ( ᠬᠢᠩᠭᠠᠨ ᠵᠠᠬᠢᠷᠭ᠎ᠠ ᠲᠠᠷᠬᠠᠭᠠᠭᠰᠠᠨ  ﹇2022﹈ 92 ᠳ᠋ᠤᠭᠠᠷ ᠲᠣᠭᠠᠲᠤ ) ᠲᠠᠢ ᠬᠠᠷᠢᠴᠠᠭᠤᠯᠵᠤ᠂ 《 ᠲᠦᠴᠢᠦᠸᠠᠨ ᠰᠢᠶᠠᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶᠯᠡᠰ ᠤᠨ ᠨᠠᠷᠢᠨ ᠬᠠᠭᠤᠳᠠᠰᠤ ( 2022 ᠣᠨ ᠤ ᠬᠡᠪᠯᠡᠯ ) 》 ( ᠰᠠᠨᠠᠯ ᠬᠤᠷᠢᠶᠠᠬᠤ ᠨᠣᠤᠷᠠᠭ ) ᠢ ᠨᠠᠶᠢᠷᠠᠭᠤᠯᠤᠨ ᠵᠣᠬᠢᠶᠠᠵᠤ᠂ ᠪᠢᠴᠢᠭ ᠤᠨ ᠬᠡᠯᠪᠡᠷᠢ ᠪᠠ ᠠᠯᠪᠠᠨ ᠵᠠᠬᠢᠳᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠶᠠᠩ ᠪᠠᠯᠭᠠᠰᠤ᠂ ᠬᠠᠮᠢᠶ᠎ᠠ ᠪᠥᠬᠦᠶ ᠨᠢᠭᠡᠴᠡ ᠶᠢᠨ ᠰᠠᠨᠠᠯ ᠢ ᠬᠤᠷᠢᠶᠠᠪᠠ᠃ 10 ᠰᠠᠷ᠎ᠠ ᠶᠢᠨ 26 ᠤ ᠡᠳᠦᠷ᠂ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠵᠦ᠂ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠭᠰᠠᠨ ᠰᠠᠨᠠᠯ ᠢ ᠦᠨᠳᠦᠰᠦᠯᠡᠨ᠂《 ᠵᠦᠢᠯᠡᠰ ᠤᠨ ᠲᠣᠳᠣᠷᠬᠠᠢ ᠬᠠᠭᠤᠳᠠᠰᠤ 》 ᠶᠢ ᠲᠣᠭᠲᠠᠭᠠᠬᠤ ᠪᠡᠶᠡᠴᠢ ᠴᠣᠭᠴᠠ᠂ ᠡᠷᠬᠡ ᠶᠢᠨ ᠬᠡᠪᠴᠢᠶ᠎ᠡ᠂ ᠵᠢᠷᠤᠮ᠂ ᠠᠭᠤᠯᠭ᠎ᠠ ᠪᠠ ᠬᠡᠯᠪᠡᠷᠢ ᠨᠢ ᠲᠣᠭᠲᠠᠭᠠᠯ ᠳᠤ ᠨᠡᠶᠢᠴᠡᠨ᠎ᠡ᠃ 12 ᠰᠠᠷ᠎ᠠ ᠶᠢᠨ 13 ᠤ ᠡᠳᠦᠷ᠂ ᠲᠦᠴᠢᠦᠸᠠᠨ ᠰᠢᠶᠠᠨ ᠤ ᠠᠷᠪᠠᠨ ᠨᠠᠶᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠠᠷᠪᠠᠳᠤᠭᠠᠷ ᠪᠠᠶᠢᠩᠭᠤ ᠶᠢᠨ ᠬᠤᠷᠠᠯ ᠠᠴᠠ ᠬᠢᠨᠠᠨ ᠶᠠᠷᠢᠯᠴᠠᠵᠤ ᠪᠠᠲᠤᠯᠠᠭᠰᠠᠨ ᠤ ᠬᠠᠮᠲᠤ ᠭᠠᠳᠠᠭᠰᠢ ᠳᠠᠷᠤᠮᠠᠯᠯᠠᠨ ᠲᠠᠷᠬᠠᠭᠠᠵᠤ ᠨᠡᠶᠢᠲᠡᠯᠡᠪᠡ᠃   ᠭᠤᠷᠪᠠ᠂ ︽ᠨᠠᠷᠢᠨ ᠬᠠᠭᠤᠳᠡᠰᠦ︾ ᠳᠤ ᠭᠤᠤᠯᠳᠠᠭᠤ ᠶᠠᠮᠠᠷ ᠶᠠᠮᠠᠷ ᠠᠭᠤᠯᠭ᠎ᠠ ᠶᠢ ᠪᠠᠭᠲᠠᠭᠠᠬᠤ ᠪᠣᠶ︖  ︽ᠨᠠᠷᠢᠨ ᠬᠠᠭᠤᠳᠡᠰᠦ︾ ᠳᠤ ᠭᠤᠤᠯᠳᠠᠭᠤ 2 ᠬᠡᠰᠡᠭ 243 ᠵᠦᠶᠯ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶᠯᠡᠰ ᠤᠨ ᠠᠭᠤᠯᠭ᠎ᠠ ᠪᠠᠭᠲᠠᠨ᠎ᠠ᠂ ᠨᠢᠭᠡᠳᠦᠭᠡᠷ ᠬᠡᠰᠡᠭ ᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠲᠣᠭᠲᠠᠭᠠᠵᠤ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶᠯᠡᠰ 235 ᠵᠦᠶᠯ ᠪᠠᠶᠢᠵᠤ᠂ ᠬᠤᠶᠠᠳᠤᠭᠠᠷ ᠬᠡᠰᠡᠭ ᠨᠢ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠦᠷᠢᠮ ᠲᠣᠭᠲᠠᠭᠠᠯ ᠢᠶᠠᠷ ᠲᠣᠭᠲᠠᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶᠯᠡᠰ 8 ᠵᠦᠶᠯ ᠪᠣᠯᠤᠨ᠎ᠠ  ᠃   ᠳᠥᠷᠪᠡ᠂ ︽ᠨᠠᠷᠢᠨ ᠬᠠᠭᠤᠳᠡᠰᠦ︾ ᠶᠢ ᠨᠠᠶᠢᠷᠠᠭᠤᠯᠤᠨ ᠵᠣᠬᠢᠶᠠᠬᠤ ᠳᠤ ᠶᠠᠮᠠᠷ ᠶᠠᠮᠠᠷ ᠴᠢᠬᠤᠯᠠ ᠠᠴᠢ ᠬᠤᠯᠪᠣᠭᠳᠠᠯ ᠲᠠᠢ ᠪᠣᠶ︖   ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠶᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠪᠥᠬᠦ ᠲᠠᠯ᠎ᠠ  ᠪᠠᠷ ᠬᠡᠷᠡᠭᠵᠢᠭᠦᠯᠬᠦ ᠪᠣᠯ ᠵᠠᠰᠠᠭ ᠤᠨ ᠣᠷᠳᠣᠨ ᠤ ᠠᠵᠤ ᠠᠬᠤᠶ ᠨᠡᠶᠢᠭᠡᠮ ᠤᠨ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠬᠤ ᠶᠢᠨ ᠴᠢᠬᠤᠯᠠ ᠠᠷᠭ᠎ᠠ ᠪᠠᠷᠢᠯ ᠪᠣᠯᠤᠨ᠎ᠠ᠂《 ᠪᠠᠭᠤᠯᠭᠠᠬᠤ ᠬᠠᠮᠢᠶᠠᠷᠬᠤ ᠦᠶᠯᠡᠴᠢᠯᠡᠬᠦ 》ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ ᠵᠠᠭᠠᠭ ᠬᠢᠵᠠᠭᠠᠷ ᠢ ᠲᠣᠳᠣᠷᠬᠠᠶᠢᠯᠠᠬᠤ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯᠯᠠᠭᠠᠨ ᠢ ᠵᠢᠷᠤᠮᠵᠢᠭᠤᠯᠬᠤ᠂ ᠠᠵᠤ ᠠᠬᠤᠶᠢᠯᠠᠯ ᠪᠠ ᠣᠯᠠᠨ ᠲᠦᠮᠡᠨ ᠳᠤ ᠨᠠᠩ ᠲᠥᠪ ᠭᠤᠤᠯᠴᠢ ᠥᠨᠳᠥᠷ ᠪᠦᠲᠦᠮᠵᠢᠲᠡᠶ ᠬᠢᠨᠠᠨ ᠵᠥᠪᠰᠢᠶᠡᠷᠡᠬᠦ ᠣᠷᠴᠢᠨ ᠨᠥᠬᠦᠴᠡᠯ ᠢ ᠪᠣᠶ ᠪᠣᠯᠭᠠᠬᠤ ᠳᠤ ᠠᠰᠢᠭᠲᠠᠶ ᠪᠠᠶᠢᠵᠤ᠂ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ  ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号