ᠲᠦᠴᠢᠦᠸᠠᠨ ᠰᠢᠶᠠᠨ 2022 ᠣᠨ ᠤ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠳᠤᠮᠳᠠᠳᠤ ᠤᠯᠤᠰ︾ ᠳᠤᠮᠳᠠ ᠪᠠᠷᠠᠭᠤᠨ ᠣᠷᠣᠨ ᠤ ᠰᠢᠶᠠᠨ ᠤ ᠬᠡᠪᠴᠢᠶᠡᠨ ᠤ ᠬᠥᠳᠡᠭᠡ ᠲᠣᠰᠬᠤᠨ ᠤ ᠬᠥᠯ ᠪᠥᠮᠪᠦᠭᠡ ᠶᠢᠨ ᠰᠢᠷᠢᠰ ᠠᠵᠢᠯᠯᠠᠭ᠎ᠠ ᠡᠷᠭᠢᠯᠡᠪᠡ
ᠨᠡᠶᠢᠲᠡᠯᠡᠭᠰᠡᠨ ᠴᠠᠭ᠄
2022/12/22
  ᠶᠡᠷᠦᠩᠬᠡᠶ ᠱᠦᠵᠢ ᠰᠢ ᠶᠢᠨ ᠫᠢᠩ ᠤᠨ ᠬᠥᠯ ᠪᠥᠮᠪᠦᠭᠡ ᠶᠢᠨ ᠠᠵᠢᠯ ᠤᠨ ᠲᠤᠬᠠᠶ ᠰᠢᠷᠢᠰ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠯ ᠪᠥᠮᠪᠦᠭᠡ ᠶᠢᠨ ᠬᠥᠳᠡᠯᠭᠡᠭᠡᠨ ᠢ ᠲᠦᠭᠡᠮᠡᠯᠵᠢᠭᠦᠯᠦᠨ᠂ ᠨᠡᠶᠢᠭᠡᠮ ᠤᠨ ᠬᠥᠯ ᠪᠥᠮᠪᠦᠭᠡ ᠶᠢ ᠬᠥᠭᠵᠢᠭᠦᠯᠵᠦ᠂ ᠮᠠᠨ ᠤ ᠰᠢᠶᠠᠨ ᠤ ᠪᠡᠶ᠎ᠡ  ᠶᠢᠨ ᠲᠠᠮᠢᠷ ᠤᠨ ᠦᠶᠯᠡᠰ ᠤᠨ ᠬᠥᠭᠵᠢᠯᠲᠡ ᠶᠢ ᠤᠯᠠᠮ ᠨᠢᠭᠡ ᠠᠯᠬᠤᠮ ᠲᠦᠷᠭᠡᠳᠬᠡᠨ᠂ ᠣᠯᠠᠨ ᠲᠦᠮᠡᠨ ᠤ ᠪᠡᠶ᠎ᠡ  ᠶᠢᠨ ᠲᠠᠮᠢᠷ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠪᠥᠬᠦ ᠠᠷᠠᠳ ᠤᠨ ᠪᠡᠶ᠎ᠡ ᠮᠠᠬᠠᠪᠣᠳ ᠤᠨ ᠬᠡᠪ ᠴᠢᠨᠠᠷ ᠢ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ  ᠃ 12 ᠰᠠᠷ᠎ᠠ ᠶᠢᠨ 20 ᠤ ᠡᠳᠦᠷ᠂ ᠲᠦᠴᠢᠦᠸᠠᠨ ᠰᠢᠶᠠᠨ ᠵᠡᠭᠦᠨ ᠳᠥᠷᠪᠡᠳ ᠪᠠᠯᠭᠠᠰᠤᠨ ᠤ ᠪᠦ᠋ᠦ ᠠᠨ ᠲᠣᠰᠬᠤᠨ  ᠳᠤ 2022 ᠣᠨ ᠤ《 ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠡᠷᠡᠭᠦᠯ ᠮᠡᠨᠳᠦ ᠳᠤᠮᠳᠠᠳᠤ ᠤᠯᠤᠰ 》 ᠳᠤᠮᠳᠠ ᠪᠠᠷᠠᠭᠤᠨ ᠣᠷᠣᠨ ᠤ ᠰᠢᠶᠠᠨ ᠤ ᠬᠡᠪᠴᠢᠶᠡᠨ ᠤ ᠬᠥᠳᠡᠭᠡ ᠲᠣᠰᠬᠤᠨ ᠤ ᠬᠥᠯ ᠪᠥᠮᠪᠦᠭᠡ ᠶᠢᠨ ᠰᠢᠷᠢᠰ ᠠᠵᠢᠯᠯᠠᠭ᠎ᠠ ᠶᠢ ᠡᠷᠭᠢᠯᠡᠪᠡ  ᠃
  ᠤᠷᠤᠯᠳᠤᠭᠠᠨ ᠨᠢ ᠬᠢᠨᠠᠭᠴᠢ ᠶᠢᠨ ᠴᠡᠭᠡᠯᠬᠡᠨ ᠱᠦᠭᠯᠦ ᠶᠢᠨ ᠳᠠᠭᠤᠨ ᠢ ᠳᠠᠭᠠᠯᠳᠤᠨ᠂ ᠬᠥᠯ ᠪᠥᠮᠪᠦᠭᠡ ᠶᠢᠨ ᠲᠠᠮᠢᠷᠴᠢᠳ ᠭᠦᠶᠦᠨ ᠪᠣᠰᠴᠤ᠂ ᠪᠣᠯᠪᠠᠰᠤᠷᠠᠩᠭᠤᠶ ᠪᠠᠷ ᠪᠥᠮᠪᠦᠭᠡ ᠵᠠᠯᠠᠵᠤ᠂ ᠭᠤᠢᠳᠠ ᠰᠠᠢᠬᠠᠨ ᠪᠥᠮᠪᠦᠭᠡ ᠳᠠᠮᠵᠢᠭᠤᠯᠵᠤ᠂ ᠤᠷᠠᠨ ᠰᠠᠢᠬᠠᠨ ᠢᠶᠠᠷ ᠪᠤᠯᠢᠶᠠᠵᠤ᠂ ᠣᠨᠣᠪᠴᠢᠲᠠᠶ ᠪᠠᠷ ᠡᠭᠦᠳᠡ ᠰᠤᠮᠤᠳᠠᠵᠤ᠂ ᠤᠷᠤᠯᠳᠤᠭᠠᠨ ᠤ ᠲᠠᠯᠠᠪᠤᠷ ᠲᠤ ᠴᠤᠭ ᠵᠢᠪᠬᠤᠭ᠎ᠠ ᠪᠠ ᠠᠮᠢᠵᠢᠷᠠᠯ ᠤᠨ ᠬᠦᠴᠦᠨ ᠢᠶᠠᠷ ᠪᠢᠯᠬᠠᠨ᠎ᠠ  ᠃ ᠬᠡᠳᠦᠶᠢᠪᠡᠷ ᠠᠭᠤᠷ ᠠᠮᠢᠰᠬᠤᠯ ᠬᠠᠬᠢᠷ ᠬᠦᠢᠲᠡᠨ ᠪᠣᠯᠪᠠᠴᠤ ᠲᠠᠮᠢᠷᠴᠢᠳ ᠤᠨ ᠬᠥᠯ ᠪᠥᠮᠪᠦᠭᠡ ᠳᠤ ᠬᠠᠨᠳᠤᠭᠤᠯᠤᠭᠰᠠᠨ ᠬᠠᠶᠢᠷ᠎ᠠ ᠨᠢ ᠥᠴᠦᠬᠡᠨ ᠴᠦ ᠪᠠᠭᠤᠷᠠᠭᠰᠠᠨ ᠦᠭᠡᠢ᠂ ᠬᠤᠷᠴᠠ ᠰᠢᠷᠦᠭᠦᠨ ᠪᠥᠭᠡᠳ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠤᠷᠤᠯᠳᠤᠭᠠᠨ ᠨᠢ ᠭᠤᠢᠳᠠ ᠰᠠᠢᠬᠠᠨ ᠪᠠᠶᠢᠵᠤ᠂ ᠴᠥᠭᠡᠨ ᠪᠤᠰᠤ ᠬᠥᠯ ᠪᠥᠮᠪᠦᠭᠡ ᠶᠢᠨ ᠳᠤᠷ᠎ᠠ ᠪᠠᠭ᠋ᠠᠲᠠᠶ ᠬᠥᠮᠦᠰ ᠲᠤᠬᠠᠶ ᠶᠢᠨ ᠲᠠᠯᠠᠪᠠᠢ  ᠳᠤ ᠢᠷᠡᠵᠦ ᠰᠣᠨᠢᠷᠬᠠᠵᠤ ᠤᠤᠬᠠᠶᠢᠯᠠᠪᠠ  ᠃
   ᠲᠣᠰ ᠤᠳᠠᠭᠠᠨ ᠤ ᠠᠵᠢᠯᠯᠠᠭ᠎ᠠ ᠶᠢ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠣᠯᠠᠨ ᠲᠦᠮᠡᠨ ᠤ ᠪᠡᠶ᠎ᠡ ᠶᠢᠨ ᠲᠠᠮᠢᠷ ᠤᠨ ᠵᠤᠷᠭᠠᠨ᠂ ᠳᠤᠮᠳᠠᠳᠤ ᠤᠯᠤᠰ ᠤᠨ ᠬᠥᠯ ᠪᠥᠮᠪᠦᠭᠡ ᠶᠢᠨ ᠨᠡᠶᠢᠭᠡᠮᠯᠢᠭ ᠠᠴᠠ ᠵᠢᠯᠣᠭᠤᠳᠴᠤ᠂ ᠳᠤᠮᠳᠠᠳᠤ ᠤᠯᠤᠰ ᠤᠨ ᠬᠥᠯ ᠪᠥᠮᠪᠦᠭᠡ ᠶᠢᠨ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ  ᠠᠴᠠ ᠭᠤᠤᠯᠯᠠᠨ ᠡᠷᠭᠢᠯᠡᠵᠦ᠂ ᠥᠪᠥᠷ ᠮᠣᠩᠭᠤᠯ ᠤᠨ ᠬᠥᠯ ᠪᠥᠮᠪᠦᠭᠡ ᠶᠢᠨ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠵᠦ᠂ ᠲᠦᠴᠢᠦᠸᠠᠨ ᠰᠢᠶᠠᠨ ᠤ ᠬᠥᠯ ᠪᠥᠮᠪᠦᠭᠡ ᠶᠢᠨ ᠨᠡᠶᠢᠭᠡᠮᠯᠢᠭ ᠪᠣᠯᠤᠨ ᠲᠦᠴᠢᠦᠸᠠᠨ ᠰᠢᠶᠠᠨ ᠤ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠬᠠᠮᠲᠤᠷᠠᠨ ᠬᠡᠷᠡᠭᠵᠢᠭᠦᠯᠦᠨ᠎ᠡ  ᠃ ᠲᠤᠰ ᠤᠳᠠᠭᠠᠨ ᠤ ᠲᠣᠰᠬᠤᠨ ᠤ ᠲᠡᠰ ᠤᠨ ᠬᠥᠯ ᠪᠥᠮᠪᠦᠭᠡ ᠶᠢᠨ ᠤᠷᠤᠯᠳᠤᠭᠠᠨ ᠨᠢ ᠲᠠᠪᠤᠨ ᠬᠥᠮᠦᠨ ᠤ ᠳᠦᠷᠢᠮᠲᠦ ᠤᠷᠤᠯᠳᠤᠭᠠᠨ ᠤ ᠬᠡᠯᠪᠡᠷᠢ ᠶᠢ ᠠᠪᠴᠤ᠂ ᠡᠷᠡᠭᠲᠡᠶ ᠶᠢᠨ ᠳᠤᠭᠤᠢᠯᠠᠩ ᠪᠠ ᠡᠮᠡᠭᠲᠡᠶ ᠶᠢᠨ ᠳᠤᠭᠤᠢᠯᠠᠩ ᠭᠡᠵᠦ ᠬᠤᠪᠢᠶᠠᠨ᠂ ᠨᠡᠶᠢᠲᠡ 8 ᠪᠥᠮᠪᠥᠭᠡᠨ ᠠᠩᠭᠢ ᠶᠢᠨ 64 ᠬᠥᠮᠦᠨ ᠤᠷᠤᠯᠳᠤᠭᠠᠨ ᠳᠤ ᠣᠷᠣᠯᠴᠠᠵᠤ᠂ ᠵᠡᠭᠦᠨ ᠳᠥᠷᠪᠡᠳ ᠪᠠᠯᠭᠠᠰᠤᠨ ᠤ ᠪᠦ᠋ᠦ ᠠᠨ ᠲᠣᠰᠬᠤᠨ ᠤ 3 ᠤᠷᠤᠯᠳᠤᠭᠠᠨ ᠤ ᠡᠳᠦᠷ ᠤᠨ ᠬᠤᠭᠤᠴᠠᠭᠠᠨ ᠳᠤ᠂ 16 ᠲᠠᠯᠠᠪᠤᠷ ᠦᠵᠡᠯᠴᠡᠵᠦ᠂ ᠳᠡᠳ᠋ ᠭᠤᠷᠪᠠᠳᠤᠭᠠᠷ ᠨᠡᠷ᠎ᠡ ᠳᠤ ᠰᠢᠯᠭᠠᠷᠠᠨ᠎ᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号