ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠦᠢᠯᠡᠰ ᠤᠨ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠲᠣᠭᠲᠠᠴᠠ ᠪᠠ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠬᠡᠯ ᠲᠥᠰᠥᠯ ᠤᠨ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠰᠠᠯᠠᠭ᠎ᠠ ᠮᠥᠴᠢᠷ ᠤᠳ ᠤᠨ | ᠨᠡᠪᠲᠡᠷᠡᠯᠴᠡᠨ ᠬᠠᠮᠵᠢᠯᠴᠠᠬᠤ ᠶᠢ ᠴᠢᠩᠭᠠᠳᠬᠠᠵᠤ᠂ ︽ᠰᠡᠷᠭᠡᠶᠢᠯᠡᠬᠦ︾ ︽ᠠᠪᠤᠷᠠᠬᠤ︾ ᠬᠠᠷᠢᠭᠤᠴᠠᠯᠭ᠎ᠠ ᠶᠢᠨ ᠬᠡᠯᠬᠢᠶᠡᠰᠦ ᠶᠢ | ᠵᠣᠯᠭᠠᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠠᠴᠠ ︽ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠦᠢᠯᠡᠰ ᠤᠨ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 81 ᠳ᠋ᠦ᠋ᠭᠡᠷ ᠲᠣᠭᠠᠲᠤ︶ ︵ᠳᠣᠷᠣᠭᠰᠢ ︽ᠪᠡᠯᠡᠳᠬᠡᠯ | ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠨᠡᠶᠢᠭᠡᠮ ᠨᠡᠶᠢᠲᠡ ᠶᠢᠨ ᠬᠢᠨ ᠤ ︽ᠪᠡᠯᠡᠳᠬᠡᠯ | ᠲᠥᠰᠥᠯ︾ ᠤᠨ ᠬᠠᠮᠢᠶ᠎ᠠ ᠪᠦᠬᠦᠢ ᠠᠭᠤᠯᠭ᠎ᠠ ᠶᠢ ᠥᠷᠭᠡᠨ ᠢᠶᠠᠷ ᠣᠶᠢᠯᠠᠭᠠᠬᠤ ᠪᠠ ᠵᠥᠪ ᠣᠶᠢᠯᠠᠭᠠᠬᠤ ᠳᠤ ᠲᠥᠬᠦᠮ | ᠦᠵᠡᠭᠦᠯᠵᠦ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠠᠳᠬᠤᠬᠤ ᠶᠢᠨ | ᠲᠤᠰᠠᠳᠠ᠂ ᠡᠳᠦᠭᠡ ᠳᠣᠣᠷᠠᠬᠢ ᠮᠡᠲᠦ ᠲᠠᠶᠢᠯᠤᠮᠵᠢ ᠬᠢᠪᠡ᠃ | ᠨᠢᠭᠡ᠂ ︽ᠪᠡᠯᠡᠳᠬᠡᠯ ᠲᠥᠰᠥᠯ︾ ᠢ ᠨᠠᠶᠢᠷᠠᠭᠤᠯᠤᠨ ᠵᠣᠬᠢᠶᠠᠭᠰᠠᠨ ᠠᠬᠤᠢ ᠪᠠᠶᠢᠳᠠᠯ | ᠶᠡᠷᠦᠩᠬᠡᠢ ᠱᠦᠵᠢ ᠰᠢ ᠶᠢᠨ ᠫᠢᠩ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠤᠨ ᠲᠤᠬᠠᠢ | ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠢᠤᠳᠠᠨ ᠤ ᠦᠢᠯᠡᠰ ᠤᠨ ᠴᠢᠨᠠᠷᠯᠢᠭ ᠬᠥᠭᠵᠢᠯᠲᠡ ᠶᠢ ᠨᠥᠯᠥᠭᠡᠯᠡᠵᠦ ᠮᠡᠳᠡᠬᠦ ᠬᠦᠨᠳᠦ ᠶᠡᠭᠡ | ᠲᠦᠭᠰᠢᠭᠦᠷᠢ ᠶᠢ ᠡᠷᠡᠰ ᠰᠡᠷᠭᠡᠶᠢᠯᠡᠨ ᠡᠵᠡᠮᠳᠡᠵᠦ᠂ ᠠᠵᠢᠯ ᠲᠥᠷᠥᠯ ᠤᠨ ᠬᠢᠨ ᠤ ᠡᠯ᠎ᠡ ᠲᠥᠷᠥᠯ ᠤᠨ ᠭᠡᠨᠡᠳᠲᠡ ᠶᠢᠨ | ᠬᠡᠷᠡᠭ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠂ ᠪᠥᠬᠦ ᠣᠷᠣᠨ ᠤ ᠰᠢᠤᠳᠠᠨ ᠤ ᠦᠢᠯᠡᠰ ᠤᠨ | ᠭᠡᠨᠡᠳᠲᠡ ᠶᠢᠨ ᠬᠡᠷᠡᠭ ᠵᠢᠴᠢ ᠲᠡᠭᠦᠨ ᠠᠴᠠ ᠪᠣᠯᠤᠭᠰᠠᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠬᠦ | ᠪᠠ ᠪᠠᠭᠠᠰᠬᠠᠵᠤ᠂ ᠢᠯᠡᠭᠡᠨ ᠬᠦᠷᠭᠡᠬᠦ ᠠᠷᠭ᠎ᠠ ᠵᠠᠮ ᠤᠨ ᠠᠮᠤᠷ ᠲᠦᠪᠰᠢᠨ ᠪᠥᠭᠡᠳ ᠰᠠᠭᠠᠳ ᠦᠭᠡᠢ ᠨᠡᠪᠲᠡᠷᠡᠬᠦ ᠶᠢ | ᠬᠠᠮᠠᠭᠠᠯᠠᠨ᠂ ᠰᠢᠤᠳᠠᠨ ᠤ ᠦᠢᠯᠡᠰ ᠤᠨ ᠠᠮᠤᠷ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠶᠢᠨ ᠲᠥᠯᠥᠭᠡ ᠶᠤᠮ᠃ | ᠬᠤᠶᠠᠷ᠂ ︽ᠪᠡᠯᠡᠳᠬᠡᠯ ᠲᠥᠰᠥᠯ︾ ᠢ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠤᠳᠠᠨ ᠤ ᠬᠠᠤᠯᠢ︾ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠤᠯᠢ︾ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠶᠤᠯ ᠦᠭᠡᠢ ᠦᠢᠯᠡᠳᠪᠦᠷᠢᠯᠡᠯ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠰᠦᠷᠳᠡᠭᠦᠯᠬᠦ ᠦᠵᠡᠯ ᠢ ᠡᠰᠡᠷᠭᠦᠴᠡᠬᠦ ᠬᠠᠤᠯᠢ︾ ︽ᠲᠦᠷᠭᠡᠨ ᠬᠦᠷᠭᠡᠯᠲᠡ ᠶᠢᠨ ᠲᠦᠷ ᠬᠡᠷᠡᠭᠵᠢᠭᠦᠯᠬᠦ | ᠳᠦᠷᠢᠮ︾ ︽ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠭᠠᠬᠤ ᠳᠦᠷᠢᠮ︾ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠶᠠᠪᠤᠳᠠᠯ ᠤᠨ ᠳᠦᠷᠢᠮ︾ ︽ᠰᠢᠤᠳᠠᠨ ᠤ | ᠦᠢᠯᠡᠰ ᠤᠨ ᠢᠯᠡᠭᠡᠨ ᠬᠦᠷᠭᠡᠬᠦ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ︾ ︽ᠤᠯᠤᠰ ᠤᠨ | ᠰᠢᠤᠳᠠᠨ ᠤ ᠦᠢᠯᠡᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠲᠥᠰᠥᠯ︾ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠶᠢᠨ ᠬᠡᠷᠡᠭ ᠤᠨ ᠶᠡᠷᠦᠩᠬᠡᠢ ᠪᠠᠴᠢᠮ ᠪᠠᠶᠢᠳᠠᠯ ᠢ | ᠠᠷᠭᠠᠴᠠᠭᠠᠬᠤ ᠲᠥᠰᠥᠯ︾ ︽ᠢᠯᠡᠭᠡᠨ ᠬᠦᠷᠭᠡᠬᠦ ᠶᠢ ᠴᠠᠭᠠᠵᠠᠯᠠᠬᠤ ᠡᠳ᠋ ᠪᠣᠳᠠᠰ ᠤᠨ ᠬᠠᠮᠢᠶᠠᠷᠤᠯᠲᠠ ᠶᠢᠨ ᠲᠣᠭᠲᠠᠭᠠᠯ︾ | ᠵᠡᠷᠭᠡ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠬᠤᠯᠪᠣᠭᠳᠠᠯ ᠪᠦᠬᠦᠢ ᠲᠣᠭᠲᠠᠭᠠᠯ ᠢ | ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠦᠢᠯᠡᠰ ᠤᠨ ᠪᠣᠳᠠᠲᠤ | ᠪᠠᠶᠢᠳᠠᠯ ᠲᠠᠢ ᠤᠶᠠᠯᠳᠤᠭᠤᠯᠤᠨ ᠲᠤᠰ ᠪᠡᠯᠡᠳᠬᠡᠯ ᠲᠥᠰᠥᠯ ᠢ ᠨᠠᠶᠢᠷᠠᠭᠤᠯᠤᠨ ᠵᠣᠬᠢᠶᠠᠪᠠ᠃ | ᠭᠤᠷᠪᠠ᠂ ︽ᠪᠡᠯᠡᠳᠬᠡᠯ ᠲᠥᠰᠥᠯ︾ ᠤᠨ ᠭᠤᠣᠯ ᠠᠭᠤᠯᠭ᠎ᠠ | ︵ᠨᠢᠭᠡ︶ ᠶᠡᠷᠦᠩᠬᠡᠢ ᠳᠦᠷᠢᠮ | ᠨᠠᠶᠢᠷᠠᠭᠤᠯᠤᠨ ᠵᠣᠬᠢᠶᠠᠭᠰᠠᠨ ᠵᠣᠷᠢᠯᠭ᠎ᠠ᠂ ᠨᠠᠶᠢᠷᠠᠭᠤᠯᠤᠨ ᠵᠣᠬᠢᠶᠠᠭᠰᠠᠨ ᠦᠨᠳᠦᠰᠦᠯᠡᠯ᠂ ᠬᠡᠷᠡᠭᠯᠡᠬᠦ ᠬᠡᠪᠴᠢᠶ᠎ᠡ᠂ | ᠠᠵᠢᠯ ᠤᠨ ᠵᠠᠷᠴᠢᠮ᠂ ᠪᠡᠯᠡᠳᠬᠡᠯ ᠲᠥᠰᠥᠯ ᠤᠨ ᠲᠣᠭᠲᠠᠯᠴᠠᠭ᠎ᠠ᠂ ᠬᠡᠷᠡᠭ ᠶᠠᠪᠤᠳᠠᠯ ᠢ ᠲᠥᠷᠥᠯ ᠬᠤᠪᠢᠶᠠᠨ ᠲᠠᠰ | ᠬᠤᠪᠢᠶᠠᠬᠤ ᠶᠢ ᠲᠣᠳᠣᠷᠬᠠᠶᠢᠯᠠᠪᠠ᠃ ᠨᠢᠭᠡᠳᠦᠯᠲᠡᠢ ᠤᠳᠤᠷᠢᠳᠤᠯᠭ᠎ᠠ᠂ ᠵᠣᠬᠢᠴᠠᠭᠤᠯᠤᠨ ᠬᠠᠮᠲᠤᠷᠠᠯᠴᠠᠬᠤ᠂ ᠱᠠᠲᠤ | ᠬᠤᠪᠢᠶᠠᠨ ᠬᠠᠷᠢᠭᠤᠴᠠᠬᠤ᠂ ᠬᠠᠷᠢᠶ᠎ᠠ ᠭᠠᠵᠠᠷ ᠢᠶᠠᠷ ᠭᠤᠣᠯᠯᠠᠭᠤᠯᠬᠤ᠂ ᠥᠨᠳᠥᠷ ᠪᠦᠲᠦᠮᠵᠢᠲᠡᠢ ᠡᠮᠬᠢ ᠵᠢᠷᠤᠮ ᠲᠠᠢ | ᠪᠠᠶᠢᠬᠤ᠂ ᠶᠡᠷᠦᠩᠬᠡᠶᠢᠯᠡᠨ ᠠᠷᠭᠠᠴᠠᠭᠠᠬᠤ᠂ ᠬᠠᠤᠯᠢ ᠶᠣᠰᠣᠭᠠᠷ ᠵᠢᠷᠤᠮᠵᠢᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ | ᠲᠤᠯᠭᠠᠭᠤᠷᠢᠯᠠᠬᠤ᠂ ᠣᠷᠣᠨ ᠪᠦᠰᠡ ᠪᠠᠷ ᠬᠠᠮᠵᠢᠯᠴᠠᠬᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ | ᠴᠢᠬᠤᠯᠠᠴᠢᠯᠠᠪᠠ᠃ | ︵ᠬᠤᠶᠠᠷ︶ ᠵᠣᠬᠢᠶᠠᠨ ᠪᠠᠶᠢᠭᠤᠯᠵᠤ ᠵᠢᠯᠤᠭᠤᠳᠬᠤ ᠲᠣᠭᠲᠠᠯᠴᠠᠭ᠎ᠠ ᠬᠢᠭᠡᠳ ᠡᠭᠦᠷᠭᠡ ᠬᠠᠷᠢᠭᠤᠴᠠᠯᠭ᠎ᠠ | ᠥᠪᠡᠷᠲᠡᠭᠡᠨ ᠵᠠᠰᠠᠬᠤ ᠣᠷᠣᠨ ᠤ ᠰᠢᠤᠳᠠᠨ ᠤ ᠦᠢᠯᠡᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠭᠠᠬᠤ ᠵᠢᠯᠤᠭᠤᠳᠬᠤ ᠭᠠᠵᠠᠷ᠂ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠭᠠᠵᠠᠷ ᠤᠨ ᠠᠯᠪᠠᠨ ᠭᠡᠷ᠂ | ᠲᠤᠬᠠᠢ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠭᠠᠬᠤ ᠵᠢᠯᠤᠭᠤᠳᠬᠤ ᠭᠠᠵᠠᠷ᠂ ᠪᠠᠴᠢᠮ ᠪᠠᠶᠢᠳᠠᠯ ᠢ | ᠠᠷᠭᠠᠴᠠᠭᠠᠬᠤ ᠮᠡᠷᠭᠡᠵᠢᠯᠲᠡᠨ ᠤ ᠵᠥᠪᠯᠡᠯᠭᠡ ᠥᠭᠬᠦ ᠳᠤᠭᠤᠶᠢᠯᠠᠩ ᠤᠨ ᠵᠣᠬᠢᠶᠠᠨ ᠪᠠᠶᠢᠭᠤᠯᠤᠯᠲᠠ ᠶᠢᠨ ᠲᠣᠭᠲᠠᠯᠴᠠᠭ᠎ᠠ | ᠵᠢᠴᠢ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠲᠣᠭᠲᠠᠴᠠ ᠵᠡᠷᠭᠡ ᠶᠢ ᠲᠣᠳᠣᠷᠬᠠᠶᠢᠯᠠᠪᠠ᠃ | ︵ᠭᠤᠷᠪᠠ︶ ᠤᠷᠢᠳᠴᠢᠯᠠᠨ ᠰᠡᠷᠭᠡᠶᠢᠯᠡᠬᠦ ᠪᠠ ᠤᠷᠢᠳᠴᠢᠯᠠᠨ ᠰᠡᠷᠡᠮᠵᠢᠯᠡᠭᠦᠯᠬᠦ | ᠡᠭᠦᠨ ᠳᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠬᠢᠨᠠᠨ ᠰᠢᠨᠵᠢᠯᠡᠬᠦ᠂ ᠤᠷᠢᠳᠴᠢᠯᠠᠨ ᠰᠡᠷᠡᠮᠵᠢᠯᠡᠭᠦᠯᠬᠦ | ᠵᠡᠷᠭᠡ ᠠᠭᠤᠯᠭ᠎ᠠ ᠶᠢ ᠪᠠᠭᠲᠠᠭᠠᠵᠤ᠂ ᠤᠷᠢᠳᠴᠢᠯᠠᠨ ᠰᠡᠷᠡᠮᠵᠢᠯᠡᠭᠦᠯᠬᠦ ᠶᠢᠨ ᠲᠠᠰ ᠬᠤᠪᠢᠶᠠᠬᠤ᠂ ᠮᠡᠳᠡᠭᠡ ᠵᠠᠩᠭᠢ ᠶᠢᠨ | ᠢᠷᠡᠯᠲᠡ᠂ ᠮᠡᠳᠡᠭᠦᠯᠬᠦ᠂ ᠡᠬᠢᠯᠡᠭᠦᠯᠬᠦ᠂ ᠴᠤᠤᠷᠢᠶᠠᠲᠤᠨ ᠳᠠᠭᠠᠬᠤ᠂ ᠳᠠᠭᠤᠰᠬᠠᠬᠤ ᠵᠡᠷᠭᠡ ᠶᠢ ᠲᠣᠳᠣᠷᠬᠠᠶᠢᠯᠠᠬᠤ ᠪᠠ | ᠱᠠᠭᠠᠷᠳᠠᠪᠠ᠃ | ︵ᠳᠥᠷᠪᠡ︶ ᠪᠠᠴᠢᠮ ᠪᠠᠶᠢᠳᠠᠯ ᠢ ᠠᠷᠭᠠᠴᠠᠭᠠᠬᠤ ᠶᠢ ᠴᠤᠤᠷᠢᠶᠠᠲᠤᠨ ᠳᠠᠭᠠᠬᠤ | ᠪᠥᠬᠦ ᠣᠷᠣᠨ ᠤ ᠰᠢᠤᠳᠠᠨ ᠤ ᠦᠢᠯᠡᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠭᠠᠬᠤ ᠳᠤ ᠴᠤᠤᠷᠢᠶᠠᠲᠤᠨ ᠳᠠᠭᠠᠬᠤ ᠲᠠᠰ ᠢ ᠬᠤᠪᠢᠶᠠᠬᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ | ᠮᠡᠳᠡᠭᠡ ᠵᠠᠩᠭᠢ ᠶᠢ ᠮᠡᠳᠡᠭᠦᠯᠬᠦ᠂ ᠮᠡᠳᠡᠭᠡ ᠵᠠᠩᠭᠢ ᠶᠢ ᠨᠡᠶᠢᠲᠡᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠳᠤ | ᠴᠤᠤᠷᠢᠶᠠᠲᠤᠨ ᠲᠠᠭᠠᠬᠤ ᠶᠢ ᠵᠣᠭᠰᠤᠭᠠᠬᠤ ᠵᠡᠷᠭᠡ ᠠᠭᠤᠯᠭ᠎ᠠ ᠶᠢ ᠪᠠᠭᠲᠠᠭᠠᠵᠤ᠂ I – IV ᠲᠠᠰ ᠤᠨ ᠰᠢᠤᠳᠠᠨ ᠤ | ᠦᠢᠯᠡᠰ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠳᠤ ᠴᠤᠤᠷᠢᠶᠠᠲᠤᠨ ᠳᠠᠭᠠᠬᠤ ᠭᠤᠣᠯ | ᠴᠣᠭᠴᠠ ᠪᠠ ᠴᠤᠤᠷᠢᠶᠠᠲᠤᠨ ᠳᠠᠭᠠᠬᠤ ᠲᠠᠰ ᠳᠠᠷᠠᠭᠠᠯᠠᠯ ᠢ ᠲᠣᠳᠣᠷᠬᠠᠶᠢᠯᠠᠪᠠ᠃ | ︵ᠲᠠᠪᠤ︶ ᠰᠡᠭᠦᠯᠴᠢ ᠶᠢᠨ ᠬᠤᠭᠤᠴᠠᠭᠠᠨ ᠤ ᠰᠢᠢᠳᠪᠦᠷᠢᠯᠡᠯᠲᠡ | ᠭᠤᠣᠯᠳᠠᠭᠤ ᠬᠡᠷᠡᠭ ᠢ ᠦᠨᠡᠯᠡᠨ ᠵᠢᠱᠢᠬᠦ᠂ ᠰᠡᠭᠦᠯᠴᠢ ᠶᠢᠨ ᠶᠠᠪᠤᠳᠠᠯ ᠢ ᠰᠢᠢᠳᠪᠦᠷᠢᠯᠡᠬᠦ᠂ ᠲᠠᠲᠠᠪᠤᠷᠢᠯᠠᠨ | ᠬᠡᠷᠡᠭᠯᠡᠬᠦ ᠨᠥᠬᠦᠪᠦᠷᠢ᠂ ᠳᠠᠭᠠᠳᠬᠠᠯ ᠪᠠ ᠦᠨᠡᠯᠡᠨ ᠵᠢᠱᠢᠵᠦ ᠳ᠋ᠦᠩᠨᠡᠬᠦ ᠵᠡᠷᠭᠡ ᠬᠤᠯᠪᠣᠭᠳᠠᠯ ᠪᠦᠬᠦᠢ ᠠᠵᠢᠯ ᠳᠤ | ᠱᠠᠭᠠᠷᠳᠠᠯᠭ᠎ᠠ ᠳᠤᠷᠠᠳᠪᠠ᠃ | ︵ᠵᠢᠷᠭᠤᠭ᠎ᠠ︶ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ | ᠡᠭᠦᠨ ᠳᠤ ᠡᠩᠨᠡᠭᠡᠨ ᠤ ᠪᠠᠲᠤᠯᠠᠭ᠎ᠠ᠂ ᠲᠣᠨᠤᠭ ᠲᠥᠬᠦᠭᠡᠷᠦᠮᠵᠢ ᠡᠳ᠋ ᠪᠣᠳᠠᠰ ᠤᠨ ᠪᠠᠲᠤᠯᠠᠭ᠎ᠠ᠂ ᠪᠡᠯᠡ | ᠮᠥᠩᠭᠦᠨ ᠤ ᠪᠠᠲᠤᠯᠠᠭ᠎ᠠ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠲᠤᠯᠠᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠪᠠᠲᠤᠯᠠᠭ᠎ᠠ᠂ ᠴᠢᠮᠡᠭᠡ ᠬᠤᠯᠪᠣᠭ᠎ᠠ ᠶᠢᠨ ᠪᠠᠲᠤᠯᠠᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ᠂ | ᠪᠣᠯᠪᠠᠰᠤᠷᠠᠯ ᠬᠥᠮᠦᠵᠢᠯ᠂ ᠬᠠᠷᠢᠭᠤᠴᠠᠯᠭ᠎ᠠ ᠬᠢᠭᠡᠳ ᠱᠠᠩᠨᠠᠯ ᠲᠣᠷᠭᠠᠭᠤᠯᠢ᠂ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ | ᠠᠭᠤᠯᠭ᠎ᠠ ᠶᠢ ᠪᠠᠭᠲᠠᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠪᠠ | ᠠᠵᠢᠯ ᠲᠥᠷᠥᠯ ᠤᠨ ᠡᠮᠬᠢ ᠳᠢᠭᠯᠢᠮ ᠲᠠᠢ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ | ︵ᠲᠤᠯᠤᠭ᠎ᠠ︶ ᠳᠠᠭᠠᠯᠳᠤᠭᠤᠯᠤᠭᠰᠠᠨ ᠳᠦᠷᠢᠮ | ᠪᠡᠯᠡᠳᠬᠡᠯ ᠲᠥᠰᠥᠯ ᠢ ᠬᠠᠮᠢᠶᠠᠷᠬᠤ ᠪᠠ ᠰᠢᠨᠡᠳᠬᠡᠬᠦ᠂ ᠪᠡᠯᠡᠳᠬᠡᠯ ᠲᠥᠰᠥᠯ ᠢ ᠲᠣᠭᠲᠠᠭᠠᠬᠤ ᠪᠠ | ᠲᠠᠶᠢᠯᠪᠤᠷᠢᠯᠠᠬᠤ᠂ ᠪᠡᠯᠡᠳᠬᠡᠯ ᠲᠥᠰᠥᠯ ᠢ ᠬᠡᠷᠡᠭᠵᠢᠭᠦᠯᠬᠦ ᠴᠠᠭ᠂ ᠨᠡᠷ᠎ᠡ ᠲᠣᠮᠢᠶ᠎ᠠ ᠶᠢ ᠲᠠᠶᠢᠯᠪᠤᠷᠢᠯᠠᠬᠤ ᠵᠡᠷᠭᠡ | ᠠᠭᠤᠯᠭ᠎ᠠ ᠶᠢ ᠲᠣᠳᠣᠷᠬᠠᠶᠢᠯᠠᠪᠠ᠃ | | |