ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠢᠷᠭᠤᠳᠤᠭᠠᠷ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2022/12/30
      12 ᠰᠠᠷ᠎ᠠ ᠶᠢᠨ 30 ᠤ ᠡᠳᠦᠷ᠂ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠢᠷᠭᠤᠳᠤᠭᠠᠷ ᠬᠤᠷᠠᠯ ᠬᠤᠷᠠᠯᠳᠣᠪᠠ᠃       ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ   ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠸᠧᠨ ᠭᠧ ᠬᠤᠷᠠᠯ ᠡᠷᠭᠢᠯᠡᠵᠦ᠂ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ   ᠶᠢᠨ ᠬᠤᠷᠢᠶᠠᠨ ᠤ ᠪᠦᠷᠢᠯᠳᠦᠭᠦᠨ ᠬᠤᠷᠠᠯ ᠳᠤ ᠣᠷᠣᠯᠴᠠᠵᠤ᠂ ᠰᠢᠶᠠᠨ ᠤ ᠳᠡᠳ᠋ ᠳᠠᠷᠤᠭ᠎ᠠ ᠪᠦᠦ ᠬᠤᠩ ᠶᠢᠩ᠂ ᠰᠢᠶᠠᠨ ᠤ ᠤᠯᠤᠰ ᠲᠥᠷᠥ   ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠬᠥᠭᠵᠢᠭᠦᠯᠦᠯᠲᠡ ᠥᠭᠡᠷᠡᠴᠢᠯᠡᠯᠲᠡ   ᠶᠢᠨ ᠬᠤᠷᠢᠶᠠᠨ ᠤ ᠡᠷᠬᠢᠯᠡᠭᠴᠢ ᠸᠠᠩ ᠬᠠᠢ ᠵᠢᠶᠦ᠋ᠨ᠂ ᠰᠢᠶᠠᠨ ᠤ ᠰᠢᠭᠦᠬᠦ ᠬᠤᠷᠢᠶᠠᠨ ᠤ ᠳᠠᠷᠤᠭ᠎ᠠ ᠴᠧᠨ ᠯᠢ᠂ ᠰᠢᠶᠠᠨ ᠤ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠭᠤᠣ ᠹᠧᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃      ᠬᠤᠷᠠᠯ ᠠᠴᠠ ᠬᠢᠩᠭᠠᠨ ᠠᠶᠢᠮᠠᠭ ᠤᠨ ᠨᠠᠮ ᠤᠨ ᠬᠤᠷᠢᠶ᠎ᠠ︵ᠥᠷᠭᠡᠳᠬᠡᠭᠰᠡᠨ︶ ᠶᠢᠨ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠴᠢᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠳᠥᠷᠪᠡᠳᠦᠭᠡᠷ ᠪᠦᠬᠦᠳᠡ ᠬᠤᠷᠠᠯ ᠵᠢᠴᠢ ᠪᠦᠬᠦ ᠰᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠢ ᠬᠤᠷᠠᠯᠳᠤᠭᠤᠯᠬᠤ ᠲᠤᠬᠠᠢ ᠲᠣᠭᠲᠠᠭᠠᠯ ᠵᠡᠷᠭᠡ 9 ᠰᠠᠨᠠᠯ ᠵᠥᠪᠯᠡᠯᠭᠡ ᠶᠢᠨ ᠲᠥᠰᠥᠯ ᠢ ᠰᠣᠨᠣᠰᠴᠤ ᠬᠢᠨᠠᠨ ᠵᠥᠪᠯᠡᠪᠡ︔ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ᠂ ᠡᠳ᠋ ᠤᠨ ᠵᠠᠰᠠᠭ ᠵᠡᠷᠭᠡ 8 ᠠᠵᠢᠯ ᠤᠨ ᠢᠯᠡᠳᠬᠡᠯ ︵ᠨᠣᠣᠷᠠᠭ︶ ᠢ ᠵᠠᠷᠴᠢᠮ ᠳᠡᠭᠡᠷ᠎ᠡ ᠪᠠᠨ ᠪᠠᠲᠤᠯᠠᠪᠠ᠃ᠡᠭᠦᠨ ᠤ ᠬᠠᠮᠲᠤ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠶᠢ ᠥᠩᠭᠡᠷᠡᠪᠡ᠃      ᠬᠤᠷᠠᠯ ᠠᠴᠠ ᠵᠢᠭᠠᠵᠦ ᠭᠠᠷᠭᠠᠭᠰᠠᠨ ᠨᠢ᠂ᠥᠩᠭᠡᠷᠡᠭᠰᠡᠨ ᠨᠢᠭᠡ ᠵᠢᠯ ᠳᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠬᠠᠤᠯᠢ ᠶᠣᠰᠣᠭᠠᠷ ᠬᠢᠨᠠᠯᠲᠠ ᠲᠠᠯᠪᠢᠬᠤ᠂ ᠬᠠᠤᠯᠢ ᠶᠣᠰᠣᠭᠠᠷ ᠲᠣᠮᠢᠯᠠᠵᠤ ᠪᠠᠭᠤᠯᠭᠠᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ᠂ ᠲᠥᠯᠥᠭᠡᠯᠡᠭᠴᠢ ᠶᠢ ᠬᠠᠮᠢᠶᠠᠷᠬᠤ ᠵᠢᠴᠢ ᠮᠡᠳᠡᠭᠡ ᠵᠠᠩᠭᠢ ᠶᠢ ᠤᠬᠠᠭᠤᠯᠬᠤ ᠵᠡᠷᠭᠡ ᠲᠠᠯ᠎ᠠ ᠪᠠᠷ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠢ  ᠳᠤᠨᠢ ᠲᠤᠰᠬᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠵᠦ᠂ ᠨᠡᠯᠢᠶᠡᠳ ᠰᠠᠶᠢᠨ ᠠᠵᠢᠯ ᠤᠨ ᠦᠷ᠎ᠡ ᠪᠦᠲᠦᠮᠵᠢ ᠣᠯᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ 2023 ᠣᠨ ᠤ 1 ᠰᠠᠷ᠎ᠠ ᠶᠢᠨ ᠡᠬᠢ ᠪᠠᠷ ᠬᠤᠷᠠᠯᠳᠤᠨ᠎ᠠ᠃ᠤᠳᠠᠯ ᠦᠭᠡᠢ ᠬᠤᠷᠠᠯᠳᠤᠬᠤ ᠭᠡᠵᠦ ᠪᠠᠶᠢᠭ᠎ᠠ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠪᠣᠯ ᠪᠦᠬᠦ ᠰᠢᠶᠠᠨ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠰᠢᠨ᠎ᠡ ᠰᠢᠯᠭᠠᠯᠲᠠ ᠳᠤ ᠣᠷᠤᠯᠴᠠᠬᠤ ᠵᠠᠮ ᠢᠶᠠᠷ ᠵᠠᠮᠨᠠᠬᠤ ᠵᠠᠩᠭᠢᠯᠠᠭ᠎ᠠ ᠶᠢᠨ ᠦᠶ᠎ᠡ ᠳᠤ ᠬᠤᠷᠠᠯᠳᠤᠬᠤ ᠨᠢᠭᠡ ᠤᠳᠠᠭᠠᠨ ᠤ ᠲᠤᠶᠢᠯ ᠤᠨ ᠴᠢᠬᠤᠯᠠ ᠬᠤᠷᠠᠯ ᠪᠣᠯᠣᠨ᠎ᠠ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠤᠯᠤᠰ ᠲᠦᠷᠦ ᠶᠢᠨ ᠠᠮᠢᠳᠤᠷᠠᠯ ᠳᠠᠬᠢ ᠨᠢᠭᠡᠨ ᠶᠡᠭᠡ ᠶᠠᠪᠤᠳᠠᠯ ᠪᠣᠯᠣᠨ᠎ᠠ᠃ᠤᠯᠠᠨ ᠢᠶᠠᠷ ᠢᠶᠠᠨ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠤᠳᠠᠯ ᠦᠭᠡᠢ ᠬᠤᠷᠠᠯᠳᠤᠬᠤ ᠭᠡᠵᠦ ᠪᠠᠶᠢᠭ᠎ᠠ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠢ ᠰᠠᠶᠢᠲᠤᠷ ᠪᠡᠯᠡᠳᠬᠡᠵᠦ᠂ ᠰᠠᠶᠢᠲᠤᠷ ᠲᠥᠯᠥᠪᠵᠢᠭᠦᠯᠵᠦ᠂ ᠡᠨᠡ ᠤᠳᠠᠭ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠠᠷᠠᠳᠴᠢᠯᠠᠯ ᠲᠠᠢ᠂ ᠪᠦᠯᠬᠦᠮᠳᠡᠯ ᠲᠠᠢ᠂ ᠦᠨᠡᠨ ᠢ ᠪᠠᠷᠢᠮᠲᠠᠯᠠᠭᠰᠠᠨ᠂ ᠡᠷᠡᠯᠬᠡᠭᠯᠡᠨ ᠤᠷᠤᠭᠰᠢᠯᠠᠬᠤ ᠶᠡᠭᠡ ᠬᠤᠷᠠᠯ ᠪᠣᠯᠭᠠᠨ ᠬᠤᠷᠠᠯᠳᠤᠭᠤᠯᠵᠤ᠂ ᠬᠤᠷᠠᠯ ᠤᠨ ᠡᠯ᠎ᠡ ᠵᠦᠢᠯ ᠤᠨ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号