ᠥᠰᠥᠭ ᠪᠢᠴᠢᠭ ᠢᠶᠠᠷ ᠥᠭᠦᠯᠡᠬᠦᠢ᠄ ︽ᠥᠪᠡᠷᠲᠡᠭᠡᠨ ᠵᠠᠰᠠᠬᠤ ᠣᠷᠣᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠬᠡᠷᠡᠭᠵᠢᠭᠦᠯᠬᠦ  ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ  ᠲᠢᠩᠬᠢᠮ ᠤᠨ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2022/12/30
       ᠨᠢᠭᠡ᠂ ︽ᠬᠡᠷᠡᠭᠵᠢᠭᠦᠯᠬᠦ ᠲᠥᠰᠥᠯ︾ ᠢ ᠨᠡᠶᠢᠲᠡᠯᠡᠭᠰᠡᠨ ᠠᠬᠤᠢ ᠪᠠᠶᠢᠳᠠᠯ             2021 ᠣᠨ ᠤ ᠡᠴᠦᠰ ᠲᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽︿ᠠᠷᠪᠠᠨ ᠳᠥᠷᠪᠡᠳᠦᠭᠡᠷ ᠲᠠᠪᠤᠨ ᠵᠢᠯ﹀ ᠤᠨ  ᠲᠥᠯᠦᠪᠵᠢᠭᠦᠯᠭᠡ ᠶᠢᠨ ᠬᠤᠭᠤᠴᠠᠭᠠᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠲᠥᠯᠦᠪᠵᠢᠭᠦᠯᠭᠡ︾ ︵ᠲᠥᠷᠥ ᠠᠯᠪᠠᠨ ᠲᠠᠷᠬᠠᠭᠠᠭᠰᠠᠨ  ﹇2021﹈ 46 ᠳ᠋ᠤᠭᠠᠷ ᠲᠣᠭᠠᠲᠤ︶ ︵ᠳᠣᠷᠣᠭᠰᠢ ︽ᠲᠥᠯᠦᠪᠵᠢᠭᠦᠯᠭᠡ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠣᠳᠣᠬᠠᠨ ᠤ ᠪᠠ  ᠬᠤᠶᠢᠰᠢᠳᠠ ᠶᠢᠨ ᠨᠢᠭᠡ ᠬᠡᠰᠡᠭ ᠬᠤᠭᠤᠴᠠᠭᠠᠨ ᠳᠠᠬᠢ ᠮᠠᠨ ᠤ ᠤᠯᠤᠰ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠳᠤ ᠦᠵᠦ  ᠳᠠᠪᠬᠤᠷᠭ᠎ᠠ ᠶᠢᠨ ᠵᠢᠷᠤᠭ ᠲᠥᠯᠥᠪᠯᠡᠭᠡ ᠪᠠ ᠰᠢᠰᠲ᠋ᠧᠮ ᠤᠨ ᠵᠢᠯᠣᠭᠤᠳᠤᠯᠭ᠎ᠠ ᠶᠢ ᠲᠣᠳᠣᠷᠬᠠᠢ ᠲᠣᠭᠲᠠᠭᠠᠪᠠ᠃ ︽ᠲᠥᠯᠦᠪᠵᠢᠭᠦᠯᠭᠡ︾ ᠳᠤ ᠡᠯ᠎ᠡ ᠮᠤᠵᠢ ᠶᠢᠨ  ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠲᠥᠯᠦᠪᠵᠢᠭᠦᠯᠭᠡ ᠳᠤ ᠲᠣᠭᠲᠠᠭᠠᠭᠰᠠᠨ ᠭᠤᠣᠯ ᠬᠠᠷᠠᠯᠲᠠ ᠪᠠ ᠭᠤᠣᠯᠳᠠᠯᠭ᠎ᠠ ᠲᠠᠢ ᠡᠭᠦᠷᠭᠡ ᠶᠢᠨ ᠶᠣᠰᠣᠭᠠᠷ᠂  ᠲᠣᠰ ᠭᠠᠵᠠᠷ ᠣᠷᠣᠨ ᠤ ᠪᠠᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠲᠥᠯᠦᠪᠵᠢᠭᠦᠯᠭᠡ ᠪᠤᠶᠤ ᠬᠡᠷᠡᠭᠵᠢᠭᠦᠯᠬᠦ ᠲᠥᠰᠥᠯ ᠢ ᠨᠢᠭᠡᠳᠦᠯᠲᠡᠢ  ᠲᠥᠯᠥᠪᠯᠡᠨ ᠲᠣᠭᠲᠠᠭᠠᠬᠤ ᠬᠡᠷᠡᠭᠲᠡᠢ ᠭᠡᠵᠦ ᠱᠠᠭᠠᠷᠳᠠᠪᠠ᠃              ︽ᠲᠥᠯᠦᠪᠵᠢᠭᠦᠯᠭᠡ︾ ᠶᠢᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ  ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠪᠡᠷᠲᠡᠭᠡᠨ ᠵᠠᠰᠠᠬᠤ ᠣᠷᠣᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠥᠭᠵᠢᠯᠲᠡ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ  ᠲᠠᠷᠬᠠᠭᠠᠭᠰᠠᠨ ﹇2022﹈ 82 ᠳ᠋ᠤᠭᠠᠷ ᠲᠣᠭᠠᠲᠤ︶ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ︽ᠬᠡᠷᠡᠭᠵᠢᠭᠦᠯᠬᠦ ᠲᠥᠰᠥᠯ︾ ᠨᠢ ᠤᠯᠤᠰ ᠤᠨ ︽ᠲᠥᠯᠦᠪᠵᠢᠭᠦᠯᠭᠡ︾ ᠶᠢ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ  ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠦᠢᠯᠡᠳᠪᠦᠷᠢᠯᠡᠯ᠂ ᠭᠦᠢᠯᠭᠡᠭᠡ ᠂ ᠬᠡᠷᠡᠭᠯᠡᠭᠡᠨ ᠤ ᠪᠣᠳᠠᠲᠤ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂  ᠥᠪᠡᠷᠲᠡᠭᠡᠨ ᠵᠠᠰᠠᠬᠤ ᠣᠷᠣᠨ ᠤ ᠭᠤᠷᠪᠠᠨ ᠱᠠᠲᠤᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ ᠲᠣᠣᠷ ᠰᠦᠯᠵᠢᠶ᠎ᠡ ᠶᠢ ᠪᠠᠶᠢᠭᠤᠯᠬᠤ ᠪᠠ  ᠣᠲᠣ ᠦᠶ᠎ᠡ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠪᠠᠶᠢᠭᠤᠯᠬᠤ ᠪᠠᠷ ᠭᠤᠣᠯ ᠪᠣᠯᠭᠠᠵᠤ᠂ ᠪᠣᠳᠠᠲᠠᠢ ᠶᠢ ᠡᠷᠬᠢᠮᠯᠡᠭᠰᠡᠨ᠂  ᠨᠠᠶᠢᠳᠠᠪᠤᠷᠢᠵᠢᠭᠤᠯᠵᠤ ᠪᠤᠯᠠᠬᠤᠶᠢᠴᠠ ᠠᠯᠢ ᠣᠯᠠᠨ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ  ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃              ᠬᠤᠶᠠᠷ᠂ ︽ᠬᠡᠷᠡᠭᠵᠢᠭᠦᠯᠬᠦ ᠲᠥᠰᠥᠯ︾ ᠤᠨ ᠭᠤᠣᠯ ᠠᠭᠤᠯᠭ᠎ᠠ              ︽ᠬᠡᠷᠡᠭᠵᠢᠭᠦᠯᠬᠦ ᠲᠥᠰᠥᠯ︾ ᠳᠤ ᠭᠤᠣᠯ ᠬᠠᠷᠠᠯᠲᠠ᠂ ᠭᠤᠣᠯᠳᠠᠯᠭ᠎ᠠ ᠲᠠᠢ ᠡᠭᠦᠷᠭᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠭᠡᠬᠦ 3 ᠬᠡᠰᠡᠭ ᠠᠭᠤᠯᠭ᠎ᠠ ᠪᠠᠭᠲᠠᠨ᠎ᠠ᠄              ᠨᠢᠭᠡᠳᠦᠭᠡᠷ ᠬᠡᠰᠡᠭ ᠨᠢ ᠭᠤᠣᠯ ᠬᠠᠷᠠᠯᠲᠠ ᠪᠣᠯᠣᠨ᠎ᠠ᠃ ᠡᠭᠦᠨ ᠳᠤ 2025 ᠣᠨ ᠪᠣᠯᠲᠠᠯ᠎ᠠ᠂ ᠤᠯᠤᠰ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ  ᠭᠤᠣᠯᠯᠠᠭᠴᠢ ᠰᠠᠭᠤᠷᠢᠨ ᠭᠠᠵᠠᠷ ᠪᠠ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ 5 - 6᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠦᠢᠲᠡᠨ ᠬᠡᠯᠬᠢᠶᠡᠲᠦ  ᠲᠥᠪᠯᠡᠷᠡᠭᠦᠯᠦᠨ ᠲᠣᠬᠢᠷᠠᠭᠤᠯᠬᠤ ᠲᠥᠪ 6 - 8᠂ ᠭᠠᠷᠤᠯᠲᠠ ᠶᠢᠨ ᠣᠷᠣᠨ ᠤ ᠰᠢᠨ᠎ᠡ ᠰᠣᠷᠭᠤᠭ ᠢ ᠪᠠᠲᠤᠯᠠᠬᠤ ᠲᠥᠬᠦᠭᠡᠷᠦᠮᠵᠢ 500  ᠶᠢ ᠴᠢᠷᠮᠠᠶᠢᠨ ᠪᠠᠶᠢᠭᠤᠯᠵᠤ᠂  ᠤᠯᠤᠰ ᠤᠨ ᠨᠢᠷᠤᠭᠤᠪᠴᠢ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢᠨ ᠭᠠᠵᠠᠷ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠦᠢᠲᠡᠨ ᠬᠡᠯᠬᠢᠶᠡᠲᠦ  ᠪᠠᠷᠠᠭᠠᠨ ᠤ ᠭᠦᠢᠯᠭᠡᠭᠡᠨ ᠤ ᠲᠥᠪ ᠪᠠ ᠬᠤᠶᠠᠷ ᠦᠵᠦᠭᠦᠷ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠪᠠᠷ ᠲᠤᠯᠭᠠᠭᠤᠷᠢᠯᠠᠭᠰᠠᠨ ᠭᠤᠷᠪᠠᠨ  ᠱᠠᠲᠤᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ ᠲᠣᠣᠷ ᠰᠦᠯᠵᠢᠶ᠎ᠡ ᠶᠢ ᠪᠠᠶᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ  ᠪᠦᠲᠦᠭᠡᠭᠳᠡᠬᠦᠨ ᠤ ᠤᠯᠠᠷᠢᠯ ᠠᠯᠤᠰᠯᠠᠭᠰᠠᠨ ᠬᠠᠩᠭᠠᠯᠭ᠎ᠠ᠂ ᠬᠦᠢᠲᠡᠨ ᠬᠡᠯᠬᠢᠶᠡᠲᠦ ᠪᠦᠲᠦᠭᠡᠭᠳᠡᠬᠦᠨ ᠤ ᠣᠷᠣᠨ ᠪᠦᠰᠡ ᠠᠯᠤᠰᠯᠠᠭᠰᠠᠨ ᠭᠦᠢᠯᠭᠡᠭᠡᠨ ᠤ ᠴᠢᠳᠠᠪᠤᠷᠢ ᠪᠠ  ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠵᠦ᠂ ᠰᠠᠭᠠᠳ ᠦᠭᠡᠢ ᠪᠥᠭᠡᠳ ᠥᠨᠳᠥᠷ ᠦᠷ᠎ᠡ ᠪᠦᠲᠦᠮᠵᠢᠲᠡᠶ᠂ ᠠᠮᠤᠷ ᠲᠦᠪᠰᠢᠨ ᠪᠥᠭᠡᠳ ᠪᠣᠬᠢᠷᠳᠤᠯ ᠦᠭᠡᠢ᠂  ᠣᠶᠤᠨᠴᠢ ᠪᠥᠭᠡᠳ ᠳᠥᠭᠦᠮ ᠳᠥᠲᠡ᠂ ᠪᠠᠲᠤᠯᠠᠭ᠎ᠠ ᠲᠠᠢ ᠣᠲᠣ ᠦᠶ᠎ᠡ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠦᠨᠳᠦᠰᠦᠨ ᠳᠤ ᠪᠠᠨ  ᠪᠠᠶᠢᠭᠤᠯᠤᠨ᠎ᠠ ᠭᠡᠵᠦ ᠭᠤᠣᠯᠳᠠᠯᠭ᠎ᠠ ᠲᠠᠢ ᠳᠤᠷᠠᠳᠪᠠ᠃             ᠬᠤᠶᠠᠳᠤᠭᠠᠷ ᠬᠡᠰᠡᠭ ᠨᠢ ᠭᠤᠣᠯᠳᠠᠯᠭ᠎ᠠ ᠲᠠᠢ ᠡᠭᠦᠷᠭᠡ ᠪᠣᠯᠣᠨ᠎ᠠ᠃ ᠤᠯᠤᠰ ᠤᠨ ᠲᠥᠯᠦᠪᠵᠢᠭᠦᠯᠭᠡ ᠶᠢᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠲᠠᠢ  ᠬᠠᠷᠭᠤᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠪᠠᠨ ᠪᠣᠳᠠᠲᠠᠢ ᠲᠠᠢ ᠤᠶᠠᠯᠳᠤᠭᠤᠯᠤᠨ᠂ ᠲᠠᠪᠤᠨ ᠲᠠᠯ᠎ᠠ ᠶᠢᠨ 20 ᠵᠦᠢᠯ ᠤᠨ ᠭᠤᠣᠯᠳᠠᠯᠭ᠎ᠠ ᠲᠠᠢ  ᠡᠭᠦᠷᠭᠡ ᠶᠢ ᠳᠤᠷᠠᠳᠪᠠ᠃       ᠨᠢᠭᠡ ᠳᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠰᠠᠭᠤᠷᠢ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ  ᠲᠦᠷᠭᠡᠳᠬᠡᠨ᠎ᠡ᠂ ᠡᠭᠦᠨ ᠳᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠭᠤᠣᠯᠯᠠᠭᠴᠢ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ᠬᠦᠢᠲᠡᠨ ᠬᠡᠯᠬᠢᠶᠡᠲᠦ  ᠲᠥᠪᠯᠡᠷᠡᠭᠦᠯᠦᠨ ᠲᠣᠬᠢᠷᠠᠭᠤᠯᠬᠤ ᠲᠥᠪ ᠢ ᠲᠦᠷᠭᠡᠬᠡᠨ ᠪᠦᠲᠦᠭᠡᠨ ᠪᠠᠶᠢᠭᠤᠯᠬᠤ᠂ ᠦᠢᠯᠡᠳᠪᠦᠷᠢᠯᠡᠯ ᠪᠣᠷᠤᠯᠠᠭᠤᠯᠭ᠎ᠠ ᠶᠢᠨ ᠬᠤᠶᠠᠷ ᠦᠵᠦᠭᠦᠷ ᠤᠨ ᠬᠦᠢᠲᠡᠨ ᠬᠡᠯᠬᠢᠶᠡᠲᠦ  ᠪᠠᠷᠠᠭᠠᠨ ᠤ ᠭᠦᠢᠯᠭᠡᠭᠡᠨ ᠤ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠶᠢ ᠪᠠᠭᠲᠠᠭᠠᠨ᠎ᠠ᠃              ᠬᠤᠶᠠᠷ ᠲᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠪᠦᠲᠦᠭᠡᠭᠳᠡᠬᠦᠨ ᠤ ᠲᠣᠭᠲᠠᠯᠴᠠᠭ᠎ᠠ ᠶᠢ ᠪᠦᠷᠢᠨᠰᠢᠭᠦᠯᠦᠨ᠎ᠡ᠂ ᠡᠭᠦᠨ ᠳᠤ ᠮᠢᠬᠠᠨ ᠤ ᠲᠥᠷᠥᠯ ᠤᠨ  ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠬᠥᠭᠵᠢᠭᠦᠯᠬᠦ᠂ ᠵᠢᠮᠢᠰ ᠢᠳᠡᠰᠢᠨ ᠨᠣᠭᠤᠭ᠎ᠠ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠬᠥᠭᠵᠢᠭᠦᠯᠬᠦ᠂  ᠴᠠᠭᠠᠨ ᠢᠳᠡᠭᠡᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠬᠥᠭᠵᠢᠭᠦᠯᠬᠦ᠂ ᠤᠰᠤᠨ ᠭᠠᠷᠤᠯᠲᠠ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ  ᠬᠥᠭᠵᠢᠭᠦᠯᠬᠦ᠂ ᠲᠦᠷᠭᠡᠨ ᠬᠥᠯᠳᠡᠭᠡᠭᠰᠡᠨ ᠢᠳᠡᠭᠡᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠬᠥᠭᠵᠢᠭᠦᠯᠬᠦ ᠪᠠ ᠡᠮ ᠡᠮᠨᠡᠯᠭᠡ ᠶᠢᠨ ᠦᠢᠯᠡᠳᠬᠦᠨ ᠤ ᠬᠦᠢᠲᠡᠨ  ᠬᠡᠯᠬᠢᠶᠡᠲᠦ ᠪᠠᠷᠠᠭᠠᠨ ᠤ ᠭᠦᠢᠯᠭᠡᠭᠡ ᠶᠢ ᠬᠥᠭᠵᠢᠭᠦᠯᠬᠦ ᠶᠢ ᠪᠠᠭᠲᠠᠭᠠᠨ᠎ᠠ᠃              ᠭᠤᠷᠪᠠ ᠳᠤ᠂ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠂ ᠡᠭᠦᠨ ᠳᠤ ᠬᠦᠢᠲᠡᠨ ᠬᠡᠯᠬᠢᠶᠡᠲᠦ ᠭᠤᠣᠯ  ᠰᠠᠯᠪᠤᠷᠢ ᠱᠤᠭᠤᠮ ᠤᠨ ᠲᠡᠭᠡᠭᠡᠪᠦᠷᠢ ᠶᠢ ᠴᠢᠩᠭᠠᠷᠠᠭᠤᠯᠬᠤ᠂ ᠬᠤᠳᠠ ᠬᠥᠳᠡᠭᠡ ᠶᠢᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠬᠤᠣᠰ ᠴᠢᠭᠯᠡᠯ ᠤᠨ ᠨᠡᠪᠲᠡᠷᠡᠬᠦ  ᠵᠠᠮ ᠢ ᠲᠡᠭᠦᠯᠳᠡᠷᠵᠢᠭᠦᠯᠬᠦ᠂ ᠬᠦᠢᠲᠡᠨ ᠬᠡᠯᠬᠢᠶᠡᠲᠦ ᠤᠯᠠᠨ ᠬᠡᠯᠪᠡᠷᠢ ᠶᠢᠨ ᠬᠤᠯᠪᠣᠭᠠᠯᠠᠭᠰᠠᠨ ᠲᠡᠭᠡᠭᠡᠪᠦᠷᠢ ᠶᠢ ᠬᠥᠭᠵᠢᠭᠦᠯᠬᠦ ᠪᠠ ᠬᠦᠢᠲᠡᠨ ᠬᠡᠯᠬᠢᠶᠡᠲᠦ ᠲᠡᠭᠡᠭᠡᠪᠦᠷᠢ ᠶᠢᠨ  ᠤᠯᠠᠨ ᠤᠯᠤᠰ ᠤᠨ ᠨᠡᠪᠲᠡᠷᠡᠬᠦ ᠵᠠᠮ ᠢ ᠰᠠᠭᠠᠳ ᠦᠭᠡᠢ ᠨᠡᠪᠲᠡᠷᠡᠭᠦᠯᠬᠦ ᠶᠢ ᠪᠠᠭᠲᠠᠭᠠᠨ᠎ᠠ᠃              ᠳᠥᠷᠪᠡ ᠳᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠡᠯᠧᠮᠧᠨ᠋ᠲ ᠤᠨ ᠲᠤᠯᠭᠠᠭᠤᠷᠢᠯᠠᠯ ᠢ ᠴᠢᠩᠭᠠᠷᠠᠭᠤᠯᠤᠨ᠎ᠠ᠂ ᠡᠭᠦᠨ ᠳᠤ ᠬᠦᠢᠲᠡᠨ ᠬᠡᠯᠬᠢᠶᠡᠲᠦ  ᠲᠤᠨᠤᠭ ᠲᠥᠬᠦᠭᠡᠷᠦᠮᠵᠢ ᠶᠢᠨ ᠲᠡᠰ ᠳᠡᠪᠰᠢᠬᠦ ᠶᠢ ᠠᠬᠢᠭᠤᠯᠬᠤ᠂ ᠲᠣᠭᠠᠴᠢᠯᠠᠭᠰᠠᠨ ᠣᠶᠤᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠬᠦ᠂ ᠬᠦᠢᠲᠡᠨ ᠬᠡᠯᠬᠢᠶᠡᠲᠦ  ᠪᠠᠷᠠᠭᠠᠨ ᠤ ᠭᠦᠢᠯᠭᠡᠭᠡ ᠶᠢᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠬᠤ ᠪᠠ ᠬᠦᠢᠲᠡᠨ ᠬᠡᠯᠬᠢᠶᠡᠲᠦ ᠪᠠᠷᠠᠭᠠᠨ ᠤ  ᠭᠦᠢᠯᠭᠡᠭᠡ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠬᠤ ᠶᠢ ᠪᠠᠭᠲᠠᠭᠠᠨ᠎ᠠ᠃              ᠲᠠᠪᠤ ᠳᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠪᠦᠬᠦ ᠬᠡᠯᠬᠢᠶᠡᠰᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠂ ᠡᠭᠦᠨ ᠳᠤ ᠬᠢᠨᠠᠯᠲᠠ  ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠬᠦ᠂ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠰᠢᠨᠡᠴᠢᠯᠡᠨ ᠰᠢᠯᠢᠳᠡᠭᠵᠢᠭᠦᠯᠬᠦ᠂ ᠰᠢᠯᠭᠠᠨ ᠪᠠᠶᠢᠴᠠᠭᠠᠬᠤ ᠬᠢᠵᠢᠭ  ᠪᠠᠶᠢᠴᠠᠭᠠᠬᠤ ᠶᠢ ᠴᠢᠩᠭᠠᠳᠬᠠᠬᠤ ᠶᠢ ᠪᠠᠭᠲᠠᠭᠠᠨ᠎ᠠ᠃              ᠭᠤᠷᠪᠠᠳᠤᠭᠠᠷ ᠬᠡᠰᠡᠭ ᠨᠢ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠲᠥᠷᠥ ᠶᠢᠨ  ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠬᠤ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠬᠥᠮᠦᠵᠢᠯ ᠢ ᠴᠢᠩᠭᠠᠳᠬᠠᠬᠤ᠂ ᠪᠠᠷᠢᠮᠵᠢᠶ᠎ᠠ ᠪᠠ ᠲᠤᠭ᠎ᠠ ᠪᠦᠷᠢᠳᠬᠡᠯ ᠤᠨ  ᠲᠣᠭᠲᠠᠯᠴᠠᠭ᠎ᠠ ᠶᠢ ᠲᠡᠭᠦᠯᠳᠡᠷᠵᠢᠭᠦᠯᠬᠦ ᠵᠡᠷᠭᠡ 4 ᠲᠠᠯ᠎ᠠ ᠠᠴᠠ ᠬᠡᠷᠡᠭᠵᠢᠭᠦᠯᠦᠯᠲᠡ ᠪᠠᠲᠤᠯᠠᠭ᠎ᠠ ᠶᠢ ᠰᠠᠶᠢᠲᠤᠷ ᠬᠢᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠪᠠ᠃              ᠡᠭᠦᠨ ᠤ ᠬᠠᠮᠲᠤ᠂ ᠤᠯᠤᠰ ᠤᠨ ᠲᠥᠯᠦᠪᠵᠢᠭᠦᠯᠭᠡ ᠶᠢᠨ ᠬᠠᠮᠢᠶ᠎ᠠ ᠪᠦᠬᠦᠢ ᠡᠭᠦᠷᠭᠡ ᠪᠠ ︽ᠬᠡᠷᠡᠭᠵᠢᠭᠦᠯᠬᠦ ᠲᠥᠰᠥᠯ︾ ᠤᠨ ᠭᠤᠣᠯ ᠡᠭᠦᠷᠭᠡ ᠶᠢ ᠨᠠᠩ ᠰᠠᠶᠢᠲᠤᠷ  ᠨᠠᠶᠢᠳᠠᠪᠤᠷᠢᠵᠢᠭᠤᠯᠬᠤ ᠶᠢᠨ ᠲᠤᠰᠠᠳᠠ᠂ ᠮᠠᠨ ᠤ ᠣᠷᠣᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ 10 ᠵᠦᠢᠯ ᠤᠨ ᠭᠤᠣᠯᠳᠠᠯᠭ᠎ᠠ ᠲᠠᠢ ᠢᠨᠵᠧᠨᠧᠷᠢᠩ ᠢ  ᠰᠢᠰᠲ᠋ᠧᠮ ᠲᠠᠢ ᠳᠤᠷᠠᠳᠪᠠ᠃ ᠡᠭᠦᠨ ᠳᠤ ᠨᠢᠭᠡᠳᠦᠭᠡᠷ᠂ ᠭᠤᠷᠪᠠᠳᠤᠭᠠᠷ ᠱᠠᠲᠤᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠵᠠᠩᠭᠢᠶᠠᠰᠤ ᠴᠡᠭ ᠤᠨ ᠪᠦᠲᠦᠭᠡᠨ  ᠪᠠᠶᠢᠭᠤᠯᠤᠯᠲᠠ ᠶᠢᠨ ᠢᠨᠵᠧᠨᠧᠷᠢᠩ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠬᠦᠢᠲᠡᠨ ᠬᠡᠯᠬᠢᠶᠡᠲᠦ ᠪᠠᠷᠠᠭᠠᠨ ᠤ  ᠭᠦᠢᠯᠭᠡᠭᠡᠨ ᠤ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠬᠦ ᠢᠨᠵᠧᠨᠧᠷᠢᠩ᠂ ᠬᠦᠢᠲᠡᠨ ᠬᠡᠯᠬᠢᠶᠡᠲᠦ ᠲᠡᠭᠡᠭᠡᠪᠦᠷᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ  ᠠᠰᠢᠭ ᠢ ᠨᠡᠮᠡᠭᠳᠡᠭᠦᠯᠵᠦ ᠥᠪᠡᠷ ᠤᠨ ᠥᠷᠲᠡᠭ ᠢ ᠪᠠᠭᠤᠷᠠᠭᠤᠯᠬᠤ ᠢᠨᠵᠧᠨᠧᠷᠢᠩ᠂ ᠪᠣᠷᠤᠯᠠᠭᠤᠯᠭ᠎ᠠ ᠶᠢᠨ ᠭᠠᠵᠠᠷ ᠤᠨ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ  ᠳᠡᠭᠡᠭᠰᠢᠯᠡᠭᠦᠯᠬᠦ ᠢᠨᠵᠧᠨᠧᠷᠢᠩ᠂ ᠡᠮ ᠡᠮᠨᠡᠯᠭᠡ ᠶᠢᠨ ᠦᠢᠯᠡᠳᠬᠦᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ᠂  ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠰᠢᠨ᠎ᠡ ᠶᠢ ᠡᠭᠦᠳᠴᠦ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠢᠨᠵᠧᠨᠧᠷᠢᠩ᠂ ᠬᠦᠢᠲᠡᠨ  ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠲᠥᠬᠦᠭᠡᠷᠦᠮᠵᠢ ᠶᠢ ᠰᠢᠨᠡᠴᠢᠯᠡᠬᠦ ᠢᠨᠵᠧᠨᠧᠷᠢᠩ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠨᠢᠷᠤᠭᠤᠪᠴᠢ ᠠᠵᠤ  ᠠᠬᠤᠶᠢᠯᠠᠯ ᠢ ᠪᠣᠶᠢᠵᠢᠭᠤᠯᠬᠤ ᠢᠨᠵᠧᠨᠧᠷᠢᠩ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢᠨ ᠪᠠᠷᠢᠮᠵᠢᠶ᠎ᠠ ᠲᠣᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢᠨ  ᠢᠨᠵᠧᠨᠧᠷᠢᠩ᠂ ᠬᠦᠢᠲᠡᠨ ᠬᠡᠯᠬᠢᠶᠡᠲᠦ ᠢᠳᠡᠭᠡᠨ ᠤ ᠪᠥᠬᠦ ᠬᠡᠯᠬᠢᠶᠡᠰᠦ ᠶᠢᠨ ᠬᠢᠨᠠᠯᠲᠠ ᠬᠠᠮᠢᠶᠠᠷᠤᠯᠲᠠ ᠶᠢᠨ ᠢᠨᠵᠧᠨᠧᠷᠢᠩ ᠢ ᠪᠠᠭᠲᠠᠭᠠᠵᠤ᠂  ᠴᠢᠭᠯᠡᠯᠲᠦ ᠴᠢᠨᠠᠷᠲᠠᠢ ᠪᠠᠷ  ᠥᠪᠡᠷᠲᠡᠭᠡᠨ ᠵᠠᠰᠠᠬᠤ ᠣᠷᠣᠨ ᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠳᠤᠲᠠᠭᠤᠳᠠᠯ ᠢ ᠨᠥᠬᠦᠪᠦᠷᠢᠯᠡᠬᠦ᠂ ᠪᠠᠭᠤᠷᠠᠢ ᠲᠠᠯ᠎ᠠ ᠶᠢ ᠴᠢᠩᠭᠠᠷᠠᠭᠤᠯᠬᠤ ᠶᠢ  ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号