ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ  ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ  ᠤᠯᠠᠮᠵᠢᠯᠠᠨ ᠲᠤᠭᠤᠰᠢᠯᠠᠭᠤᠯᠪᠠ  ᠰᠦᠨ ᠱᠣᠣ ᠴᠧᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2022/12/30
       12 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ  ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ  ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠩ ᠬᠤᠷᠠᠯ ᠢ  ᠡᠷᠬᠢᠯᠡᠵᠡᠢ᠃        ᠬᠤᠷᠠᠯ ᠠᠴᠠ᠂ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶ᠎ᠠ ᠡᠩ ᠲᠡᠷᠢᠭᠦᠨ ᠳᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ  ᠰᠠᠶᠢᠲᠠᠢ ᠬᠤᠷᠠᠯᠳᠤᠭᠤᠯᠵᠤ᠂ ᠡᠯ᠎ᠡ ᠱᠠᠲᠤᠨ ᠤ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠤᠨ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠢ  ᠲᠥᠪ ᠴᠢᠩᠭ᠎ᠠ ᠪᠣᠯᠭᠠᠬᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠳᠤ ᠬᠡᠪ ᠳᠠᠭᠤᠷᠢᠶᠠᠯ ᠦᠵᠡᠭᠦᠯᠪᠡ᠃ ᠶᠡᠷᠦᠩᠬᠡᠢ ᠱᠦᠵᠢ ᠰᠢ ᠶᠢᠨ ᠫᠢᠩ ᠤᠨ  ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠣᠶᠢᠯᠠᠭᠠᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ  ᠭᠦᠨᠵᠡᠭᠡᠢ ᠣᠶᠢᠯᠠᠭᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ  ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ︽ᠬᠤᠶᠠᠷ ᠢ ᠬᠠᠮᠠᠭᠠᠯᠠᠬᠤ︾ ᠶᠢ ᠨᠡᠩ ᠡᠷᠡᠰ ᠪᠠᠲᠤ  ᠤᠬᠠᠮᠰᠠᠷ ᠠᠴᠠ ᠪᠠᠨ ᠪᠡᠶᠡᠯᠡᠭᠦᠯᠬᠦ ᠬᠡᠷᠡᠭᠲᠡᠢ᠃ ᠪᠦᠯᠬᠦᠮᠳᠡᠨ ᠲᠡᠮᠡᠴᠡᠬᠦ ᠶᠢ ᠪᠠᠷᠢᠮᠲᠠᠯᠠᠵᠤ᠂ ᠰᠢᠰᠲ᠋ᠧᠮᠲᠦ ᠦᠵᠡᠯᠲᠡ ᠪᠠᠨ ᠴᠢᠩᠭᠠᠳᠬᠠᠵᠤ᠂ ᠺᠠᠳ᠋ᠷᠴᠤᠳ ᠤᠨ  ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ  ᠲᠤᠭᠤᠰᠢᠯᠠᠭᠤᠯᠬᠤ ᠡᠬᠢᠯᠡᠯᠲᠡ ᠶᠢᠨ ᠵᠢᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ  ᠨᠡᠩ ᠰᠠᠶᠢᠲᠤᠷ ᠦᠢᠯᠡᠴᠢᠯᠡᠬᠦ ᠪᠠ ᠪᠠᠲᠤᠯᠠᠬᠤ ᠬᠡᠷᠡᠭᠲᠡᠢ᠃ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨ ᠬᠦ  ᠡᠭᠦᠷᠭᠡᠯᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠲᠥᠪ ᠪᠤᠰᠤ ᠰᠤᠷᠲᠠᠯ ᠪᠣᠯᠣᠨ  ᠢᠯᠵᠠᠷᠠᠯ ᠤᠨ ᠦᠵᠡᠭᠳᠡᠯ ᠲᠠᠢ ᠡᠷᠡᠰ ᠲᠡᠮᠡᠴᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠲᠤᠬᠠᠢ ᠴᠢᠬᠤᠯᠠ ᠵᠢᠭᠠᠪᠤᠷᠢ ᠶᠢ  ᠤᠯᠠᠮᠵᠢᠯᠠᠨ ᠰᠣᠷᠣᠯᠴᠠᠵᠤ᠂ ᠮᠠᠨ ᠤ ᠣᠷᠣᠨ ᠤ ᠭᠠᠵᠠᠷ ᠠᠭᠤᠳᠠᠮ ᠬᠥᠮᠥᠨ ᠰᠡᠶᠢᠷᠡᠭ᠂ ᠹᠷᠣᠨᠲ ᠤᠷᠲᠤ ᠪᠠᠶᠢᠬᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂  ᠨᠡᠩ ᠴᠢᠭᠯᠡᠭᠦᠯᠦᠯᠲᠦ ᠴᠢᠨᠠᠷᠲᠠᠢ ᠪᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠵᠦ᠂ ᠬᠤᠲᠠ ᠬᠥᠳᠡᠭᠡ ᠶᠢᠨ ᠣᠷᠴᠢᠨ  ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠶᠢ ᠭᠦᠨᠵᠡᠭᠡᠢ ᠠᠬᠢᠭᠤᠯᠵᠤ᠂ ᠪᠥᠬᠦ ᠨᠡᠶᠢᠭᠡᠮ ᠳᠤ ᠪᠣᠯᠪᠠᠰᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ  ᠶᠡᠭᠡ ᠪᠠᠷ ᠪᠣᠶᠢᠵᠢᠭᠤᠯᠤᠨ ᠦᠢᠯᠡᠳᠦᠯᠭᠡᠵᠢᠭᠦᠯᠬᠦ ᠬᠡᠷᠡᠭᠲᠡᠢ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠳᠠᠪᠠᠭᠤᠯᠢᠭ ᠢ ᠭᠦᠢᠴᠡᠳ  ᠪᠠᠳᠠᠷᠠᠭᠤᠯᠵᠤ᠂ ᠡᠯ᠎ᠡ ᠲᠠᠯ᠎ᠠ ᠶᠢᠨ ᠬᠢᠨ ᠤ ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠢᠳᠡᠪᠬᠢᠵᠢᠯ ᠢ ᠰᠠᠶᠢᠲᠤᠷ ᠳᠠᠶᠢᠴᠢᠯᠠᠬᠤ  ᠬᠡᠷᠡᠭᠲᠡᠢ ᠭᠡᠵᠦ ᠱᠠᠭᠠᠷᠳᠠᠪᠠ᠃        ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠳᠣᠷᠣᠨᠠᠳᠠᠬᠢᠨ ᠤ ᠲᠣᠭᠯᠠᠯᠲᠠ ᠶᠢᠨ ᠪᠦᠯᠦᠭᠯᠡᠯ ᠤᠨ ᠤᠷᠠᠯᠢᠭᠴᠢᠳ ᠲᠤ  ᠢᠯᠡᠭᠡᠭᠰᠡᠨ ᠬᠠᠷᠢᠭᠤ ᠵᠠᠬᠢᠳᠠᠯ ᠢ ᠤᠯᠠᠮᠵᠢᠯᠠᠨ ᠰᠣᠷᠣᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠥᠨᠢᠳ ᠪᠠᠷᠠᠭᠤᠨ ᠬᠤᠰᠢᠭᠤᠨ ᠤ ᠤᠯᠠᠭᠠᠨᠮᠥ᠋ᠴᠢᠷ ᠤᠨ  ᠭᠡᠰᠢᠭᠦᠳ ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠰᠣᠷᠣᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ᠤᠳᠬ᠎ᠠ ᠤᠷᠠᠯᠢᠭ ᠤᠨ ᠡᠩᠨᠡᠭᠡᠨ ᠤ  ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠨ᠂ ᠤᠯᠤᠰ ᠤᠨ ᠥᠮᠴᠢᠯᠡᠯ ᠤᠨ ᠤᠳᠬ᠎ᠠ ᠤᠷᠠᠯᠢᠭ ᠤᠨ ᠬᠦᠷᠢᠶᠡᠯᠡᠩ ᠪᠦᠯᠬᠦᠮ ᠤᠨ ᠥᠭᠡᠷᠡᠴᠢᠯᠡᠯᠲᠡ ᠶᠢ  ᠭᠦᠨᠵᠡᠭᠡᠶᠢᠷᠡᠭᠦᠯᠵᠦ᠂ ᠨᠡᠩ ᠣᠯᠠᠨ ᠰᠣᠳᠣᠨ ᠪᠦᠲᠦᠭᠡᠯ ᠢ ᠴᠢᠷᠮᠠᠶᠢᠨ ᠵᠣᠬᠢᠶᠠᠨ ᠪᠦᠲᠦᠭᠡᠵᠦ᠂ ᠤᠷᠠᠯᠢᠭ ᠢᠶᠠᠷ ᠥᠪᠥᠷ ᠮᠣᠩᠭᠤᠯ ᠤᠨ ᠦᠯᠢᠭᠡᠷ ᠢ ᠰᠠᠶᠢᠲᠤᠷ ᠶᠠᠷᠢᠵᠤ᠂  ᠥᠪᠥᠷ ᠮᠣᠩᠭᠤᠯ ᠤᠨ ᠳᠦᠷᠢ ᠲᠥᠷᠬᠦ ᠶᠢ ᠰᠠᠶᠢᠲᠤᠷ ᠱᠤᠭᠤᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号