ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠬᠤᠷᠠᠯ ᠬᠤᠷᠠᠯᠳᠤᠭᠤᠯᠪᠠ    ᠰᠦᠨ ᠱᠤᠤ ᠴᠧᠩ ᠬᠤᠷᠠᠯ  ᠢ ᠡᠷᠭᠢᠯᠡᠵᠦ ᠸᠠᠩ ᠯᠢ ᠰᠢᠶᠠ ᠣᠷᠣᠯᠴᠠᠵᠠᠢ
ᠨᠡᠶᠢᠲᠡᠯᠡᠭᠰᠡᠨ ᠴᠠᠭ᠄
2022/12/30
         12 ᠰᠠᠷ᠎ᠠ ᠶᠢᠨ 29 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠭᠦ ᠲᠠᠯ᠎ᠠ  ᠪᠠᠷ ᠭᠦᠨᠵᠡᠭᠡᠶᠢᠷᠡᠭᠦᠯᠬᠦ  ᠬᠤᠷᠢᠶ᠎ᠠ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠭᠦ  ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃      ᠬᠤᠷᠠᠯ ᠠᠴᠠ ᠲᠣᠭᠠᠴᠢᠯᠠᠬᠤ ᠪᠣᠬᠢᠷᠳᠤᠯ ᠦᠭᠡᠶᠢᠵᠢᠭᠦᠯᠭᠦ ᠬᠠᠮᠵᠢᠯᠴᠠᠨ ᠭᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠠᠵᠢᠯᠯᠠᠭᠠᠨ ᠤ ᠲᠥᠰᠥᠯ᠂ ᠰᠢᠨᠵᠢᠯᠡᠬᠦ  ᠤᠬᠠᠭᠠᠨ ᠲᠧᠭᠨᠢᠭ ᠮᠡᠷᠭᠡᠵᠢᠯ ᠢᠶᠠᠷ ᠤᠷᠮᠠᠰᠢᠭᠤᠯᠬᠤ ᠶᠢ ᠴᠢᠨᠠᠭᠰᠢᠳᠠ ᠴᠢᠩᠭᠠᠳᠬᠠᠬᠤ ᠠᠷᠭ᠎ᠠ ᠬᠡᠮᠵᠢᠶ᠎ᠡ ᠨᠦᠭᠦᠳ᠂ ᠪᠠᠶᠢᠭᠤᠯᠤᠮᠵᠢ ᠲᠣᠭᠲᠠᠴᠠ ᠶᠢ ᠥᠭᠡᠷᠡᠴᠢᠯᠡᠨ  ᠲᠡᠭᠦᠯᠳᠡᠷᠵᠢᠭᠦᠯᠵᠦ ᠪᠠᠶᠢᠯᠳᠤᠬᠤ ᠪᠣᠳᠣᠯᠭ᠎ᠠ ᠪᠣᠯᠣᠨ ᠪᠠᠴᠢᠮ ᠪᠠᠶᠢᠳᠠᠯ  ᠢ ᠠᠷᠭᠠᠴᠠᠭᠠᠬᠤ ᠡᠳ᠋ ᠪᠣᠳᠠᠰ ᠨᠥᠭᠡᠴᠡᠯᠡᠬᠦ ᠠᠮᠤᠷ ᠲᠦᠪᠰᠢᠨ ᠤ ᠬᠠᠮᠢᠶᠠᠷᠤᠯᠲᠠ  ᠶᠢ  ᠴᠢᠩᠭᠠᠳᠬᠠᠬᠤ ᠬᠡᠷᠡᠭᠵᠢᠭᠦᠯᠦᠯᠲᠡ ᠶᠢᠨ ᠲᠥᠰᠥᠯ ᠵᠡᠷᠭᠡ 3 ᠥᠭᠡᠷᠡᠴᠢᠯᠡᠯᠲᠡ ᠶᠢᠨ ᠲᠥᠰᠥᠯ ᠢ ᠬᠢᠨᠠᠨ ᠵᠥᠪᠯᠡᠵᠦ᠂ ᠪᠦᠭᠦ ᠣᠷᠣᠨ ᠤ ᠮᠡᠳᠡᠭᠡ ᠵᠠᠩᠭᠢᠵᠢᠯᠲᠠ ᠶᠢᠨ  ᠬᠥᠭᠵᠢᠯᠲᠡ ᠪᠣᠯᠣᠨ ᠥᠭᠡᠷᠡᠴᠢᠯᠡᠯᠲᠡ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ᠂  ᠨᠠᠰᠤᠵᠢᠯ ᠤᠨ ᠠᠰᠠᠷᠠᠮᠵᠢ ᠨᠢᠯᠬᠠᠰ ᠢ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠡᠷᠡᠭᠦᠯ ᠬᠥᠭᠵᠢᠯᠲᠡ ᠶᠢ ᠠᠬᠢᠭᠤᠯᠬᠤ ᠥᠪᠡᠷᠲᠡᠭᠡᠨ ᠵᠠᠰᠠᠬᠤ ᠣᠷᠣᠨ ᠤ  ᠬᠡᠷᠡᠭᠵᠢᠭᠦᠯᠦᠯᠲᠡ ᠶᠢᠨ ᠲᠥᠰᠥᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ᠂ ᠬᠥᠭᠵᠢᠯᠲᠡ ᠳᠤ ᠰᠡᠳᠦᠪ ᠭᠠᠷᠭᠠᠵᠤ᠂ ᠥᠭᠡᠷᠡᠴᠢᠯᠡᠯᠲᠡ ᠳᠤ ᠠᠷᠭ᠎ᠠ ᠤᠬᠠᠭᠠᠨ ᠭᠠᠷᠭᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ  ᠮᠥᠴᠢᠷ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠳᠤᠷᠠᠳᠤᠭᠰᠠᠨ ᠰᠢᠨ᠎ᠡ  ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠶᠡᠷᠦᠩᠬᠡᠢ ᠱᠦᠵᠢ ᠰᠢ ᠶᠢᠨ  ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠬᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ  ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ  ᠶᠢᠨ ᠲᠣᠭᠤᠷᠢᠨ  ᠳᠤ᠂ ᠦᠵᠡᠯ ᠰᠠᠨᠠᠭ᠎ᠠ ᠪᠠᠨ  ᠴᠢᠯᠦᠭᠡᠯᠡᠵᠦ᠂ ᠦᠵᠡᠯᠲᠡ ᠪᠠᠨ ᠬᠤᠪᠢᠷᠠᠭᠤᠯᠵᠤ᠂ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠱᠠᠯᠠᠪᠳᠠᠨ ᠲᠥᠯᠥᠪᠵᠢᠭᠦᠯᠵᠦ᠂ ᠨᠢᠭᠡ ᠪᠦᠯᠦᠭ  ᠬᠥᠭᠵᠢᠯᠲᠡ ᠶᠢᠨ ᠪᠣᠭᠤᠮᠢ ᠶᠢ ᠰᠢᠢᠳᠪᠦᠷᠢᠯᠡᠬᠦ᠂ ᠬᠥᠳᠡᠯᠭᠡᠭᠦ ᠬᠦᠴᠦᠨ ᠠᠮᠢᠵᠢᠷᠠᠯ ᠤᠨ ᠬᠦᠴᠦᠨ ᠢ ᠬᠥᠭᠵᠢᠭᠡᠬᠦ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ  ᠲᠦᠷᠭᠡᠳᠬᠡᠨ ᠲᠣᠭᠲᠠᠭᠠᠵᠤ᠂ ᠬᠥᠭᠵᠢᠯᠲᠡ ᠶᠢ ᠲᠦᠷᠭᠡᠳᠬᠡᠬᠦ ᠳᠤ ᠦᠷᠭᠦᠯᠵᠢᠯᠡᠨ ᠬᠦᠴᠦᠲᠡᠢ ᠬᠥᠳᠡᠯᠭᠡᠭᠦ ᠡᠨᠧᠷᠭᠢ ᠨᠡᠮᠡᠷᠢᠯᠡᠬᠦ ᠬᠡᠷᠡᠭᠲᠡᠢ᠃ ᠥᠭᠡᠷᠡᠴᠢᠯᠡᠯᠲᠡ ᠶᠢᠨ  ᠰᠡᠳᠬᠢᠬᠦᠢ᠂ ᠰᠢᠢᠳᠪᠦᠷᠢᠯᠡᠬᠦ ᠰᠡᠳᠬᠢᠬᠦᠢ ᠪᠠᠨ ᠴᠢᠩᠭᠠᠳᠬᠠᠵᠤ᠂ ᠪᠣᠳᠠᠲᠤ ᠪᠠᠶᠢᠳᠠᠯ ᠳᠤ ᠰᠠᠭᠤᠷᠢᠯᠠᠨ ᠵᠣᠷᠢᠭᠲᠠᠢ ᠲᠤᠷᠰᠢᠵᠤ᠂ ᠵᠣᠷᠢᠭᠲᠠᠢ ᠬᠢᠵᠦ᠂ ᠠᠭᠤᠯᠠ ᠲᠠᠭᠠᠷᠠᠪᠠᠯ  ᠵᠠᠮ ᠨᠡᠭᠡᠭᠡᠵᠦ᠂ ᠤᠰᠤ ᠲᠠᠭᠠᠷᠠᠪᠠᠯ ᠬᠥᠭᠦᠷᠭᠡ ᠲᠠᠯᠪᠢᠵᠤ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠭᠦ ᠪᠠᠷ ᠬᠥᠭᠵᠢᠯᠲᠡ ᠶᠢᠨ ᠬᠦᠴᠢᠷ ᠠᠰᠠᠭᠤᠳᠠᠯ ᠢ  ᠰᠢᠢᠳᠪᠦᠷᠢᠯᠡᠬᠦ ᠬᠡᠷᠡᠭᠲᠡᠢ᠃ ᠵᠠᠷᠢᠮ ᠥᠭᠡᠷᠡᠴᠢᠯᠡᠯᠲᠡ ᠳᠤ᠂ ᠠᠷᠭᠠᠴᠠᠭᠠᠵᠤ ᠡᠪᠯᠡᠭᠦᠯᠭᠦ ᠨᠢ ᠦᠨᠳᠦᠰᠦᠨ ᠠᠴᠠ ᠨᠢ ᠰᠢᠢᠳᠪᠦᠷᠢᠯᠡᠬᠦ ᠶᠢ ᠬᠦᠷᠬᠦ ᠦᠭᠡᠢ ᠭᠡᠵᠦ ᠪᠠᠶᠢᠭ᠎ᠠ   ᠨᠢ ᠳᠠᠷᠤᠢ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃            ᠬᠤᠷᠠᠯ ᠠᠴᠠ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠠᠵᠢᠯ ᠨᠢᠭᠡᠨᠲᠡ ᠰᠢᠨ᠎ᠡ ᠱᠠᠲᠤᠨ ᠳᠤ ᠣᠷᠣᠪᠠ᠂ ᠡᠯ᠎ᠡ ᠭᠠᠵᠠᠷ ᠣᠷᠣᠨ ᠡᠯ᠎ᠡ  ᠰᠠᠯᠠᠭ᠎ᠠ ᠮᠥᠴᠢᠷ ᠤᠨ ᠬᠢᠨ ᠥᠭᠡᠷᠡᠴᠢᠯᠡᠯᠲᠡ ᠶᠢᠨ ᠲᠣᠭᠲᠠᠯ ᠬᠦᠴᠦᠨ ᠪᠣᠯᠣᠨ ᠤᠶᠠᠨ ᠬᠠᠳᠠᠨ ᠴᠢᠨᠠᠷ ᠢᠶᠠᠨ ᠪᠠᠲᠤᠯᠠᠵᠤ᠂ ᠭᠠᠷᠳᠠᠬᠤ ᠴᠡᠭ ᠪᠣᠯᠣᠨ ᠭᠤᠣᠯᠳᠠᠯᠭ᠎ᠠ ᠪᠠᠨ  ᠣᠨᠣᠪᠴᠢᠲᠠᠢ ᠣᠯᠵᠤ᠂ ᠡᠳᠦᠷ ᠪᠣᠯᠭᠠᠨ ᠬᠢᠵᠦ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠵᠣᠷᠢᠭᠲᠠᠢ ᠪᠠᠷ ᠬᠠᠷᠢᠭᠤᠴᠠᠯᠭ᠎ᠠ  ᠡᠭᠦᠷᠭᠡᠯᠡᠵᠦ᠂ ᠪᠣᠳᠠᠲᠠᠢ ᠠᠴᠠ ᠡᠭᠦᠰᠴᠦ ᠥᠭᠡᠷᠡᠴᠢᠯᠡᠯᠲᠡ ᠶᠢᠨ ᠠᠵᠢᠯ ᠢ ᠪᠦᠲᠦᠭᠡᠯᠴᠢ ᠪᠠᠷ ᠰᠠᠶᠢᠲᠤᠷ ᠠᠳᠬᠤᠬᠤ ᠳᠠᠭᠠᠨ ᠴᠢᠳᠠᠮᠠᠭᠠᠢ ᠪᠠᠶᠢᠬᠤ ᠬᠡᠷᠡᠭᠲᠡᠢ᠃ ᠦᠷ᠎ᠡ  ᠳ᠋ᠦᠩ ᠢᠶᠠᠷ ᠤᠳᠤᠷᠢᠳᠤᠮᠵᠢ ᠪᠤᠯᠭᠠᠬᠤ ᠪᠠ ᠲᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠢ ᠨᠠᠷᠢᠨ ᠬᠢᠨᠠᠮᠠᠭᠠᠢ  ᠡᠮᠬᠢᠯᠡᠨ ᠪᠦᠷᠢᠳᠬᠡᠵᠦ᠂ ᠬᠤᠷᠳᠤᠴᠠ ᠪᠠᠨ ᠲᠦᠷᠭᠡᠳᠬᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ  ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃            ᠬᠤᠷᠢᠶᠠᠨ ᠤ ᠳᠡᠳ᠋ ᠡᠷᠭᠢᠯᠡᠭᠴᠢ ᠸᠠᠩ ᠯᠢ ᠰᠢᠶᠠ᠂ ᠶᠠᠩ ᠸᠧᠢ ᠳ᠋ᠦᠩ᠂ ᠬᠤᠸᠠᠩ ᡁᠢ ᠴᠢᠶᠠᠩ᠂ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂  ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号