ᠠᠶᠢᠮᠠᠭ ᠤᠨ ᠵᠠᠬᠢᠷᠭ᠎ᠠ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/12/7
   12 ᠰᠠᠷ᠎ᠠ ᠶᠢᠨ 4 ᠤ ᠡᠳᠦᠷ᠂ ᠠᠶᠢᠮᠠᠭ ᠤᠨ ᠵᠠᠬᠢᠷᠭ᠎ᠠ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠲᠠᠩᠭᠠᠷᠢᠭᠯᠠᠭᠰᠠᠨ ᠪᠥᠭᠡᠳ ᠶᠠᠷᠢᠶ᠎ᠠ ᠲᠠᠯᠪᠢᠵᠠᠶ᠃    ᠲᠠᠩᠭᠠᠷᠢᠭᠯᠠᠬᠤ ᠶᠣᠰᠣᠯᠠᠯ ᠤᠨ ᠲᠤᠬᠠᠶ ᠶᠢᠨ ᠲᠠᠯᠠᠪᠤᠷ ᠲᠤ ᠤᠯᠤᠰ ᠤᠨ ᠰᠦᠯᠳᠡ ᠥᠨᠳᠥᠷ ᠡᠯᠭᠦᠭᠳᠡᠵᠦ᠂ ᠤᠯᠤᠰ ᠤᠨ ᠲᠤᠭ ᠲᠥᠪ ᠶᠡᠬᠡᠮᠰᠦᠭ ᠪᠠᠶᠢᠵᠤ᠂ ᠲᠠᠩᠭᠠᠷᠢᠭᠯᠠᠬᠤ ᠲᠠᠶᠢᠰᠠᠨ ᠳᠡᠭᠡᠷ᠎ᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ︾ ᠶᠢ ᠲᠠᠯᠪᠢᠵᠠᠶ᠃ ᠦᠳᠡ ᠶᠢᠨ ᠡᠮᠦᠨᠡᠬᠢ 11 ᠴᠠᠭ ᠲᠤ᠂ ᠲᠠᠩᠭᠠᠷᠢᠭᠯᠠᠬᠤ ᠶᠣᠰᠣᠯᠠᠯ ᠡᠬᠢᠯᠡᠪᠡ᠃ ᠪᠦᠭᠦᠳᠡᠭᠡᠷ ᠢᠶᠠᠨ ᠬᠢᠴᠢᠶᠡᠩᠭᠦ᠋ᠢᠯᠡᠨ ᠵᠣᠭᠰᠣᠵᠤ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢ ᠳᠠᠭᠤᠯᠠᠪᠠ᠃ ᠳᠠᠷᠠᠭ᠎ᠠ ᠳᠤᠨᠢ᠂ ᠲᠠᠩᠭᠠᠷᠢᠭᠯᠠᠭᠴᠢ ᠨᠢ ᠦᠨᠳᠦᠰᠦᠨ ᠬᠠᠤᠯᠢ ᠶᠢ ᠢᠯᠪᠢᠵᠦ᠂ ᠲᠠᠩᠭᠠᠷᠢᠭ ᠤᠨ ᠦᠭᠡ ᠶᠢ ᠳᠠᠭᠠᠭᠤᠯᠤᠨ ᠤᠩᠰᠢᠵᠤ᠂ ᠪᠤᠰᠤᠳ ᠲᠠᠩᠭᠠᠷᠢᠭᠯᠠᠭᠴᠢ ᠨᠢ ᠲᠠᠩᠭᠠᠷᠢᠭ ᠤᠨ ᠦᠭᠡ ᠶᠢ ᠲᠠᠭᠠᠨ ᠤᠩᠰᠢᠪᠠ᠃     ᠰᠦᠬᠡ ᠤᠯᠠᠨ ᠢᠶᠠᠷ ᠢᠶᠠᠨ ᠲᠠᠩᠭᠠᠷᠢᠭ ᠢᠶᠠᠨ ᠪᠠᠲᠤ ᠴᠡᠭᠡᠵᠢᠯᠡᠵᠦ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠡᠷᠡᠯᠬᠡᠭᠯᠡᠨ ᠲᠡᠮᠡᠴᠡᠵᠦ᠂ ᠪᠦᠯᠬᠦᠮᠳᠡᠨ ᠲᠡᠮᠡᠴᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠵᠠᠮ ᠳᠤ ᠬᠢᠩᠭᠠᠨ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠬᠦᠰᠡᠵᠦ ᠪᠠᠶᠢᠨ᠎ᠠ ᠭᠡᠪᠡ᠃    ᠰᠦᠬᠡ ᠴᠢᠬᠤᠯᠠᠴᠢᠯᠠᠬᠤ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠦ ᠂ ︽ᠬᠤᠶᠠᠷ ᠢ ᠲᠣᠭᠲᠠᠭᠠᠬᠤ ︾ ᠶᠢ ᠦᠨᠡᠨᠴᠢ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ ︾ ᠶᠢ ᠡᠷᠡᠰ ᠪᠡᠶᠡᠯᠡᠭᠦᠯᠵᠦ᠂ ᠲᠠᠪᠤᠨ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠬᠤ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠶᠢᠨ ᠶᠡᠷᠦᠩᠬᠡᠶᠢᠯᠡᠨ ᠵᠢᠯᠣᠭᠤᠳᠬᠤ ᠴᠢᠨᠠᠷᠲᠠᠶ ᠭᠠᠷᠳᠠᠴᠠ ᠪᠣᠯᠭᠠᠵᠤ᠂ ᠬᠠᠷᠠᠯᠲᠠ ᠡᠭᠦᠷᠭᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠤᠨ ᠵᠠᠳᠠᠯᠵᠤ᠂ ᠲᠦᠯᠬᠢᠨ ᠠᠬᠢᠭᠤᠯᠬᠤ ᠠᠷᠭ᠎ᠠ ᠬᠡᠮᠵᠢᠶ᠎ᠡ ᠪᠠ ᠬᠠᠷᠢᠭᠤᠴᠠᠯᠭ᠎ᠠ ᠶᠢ ᠲᠣᠳᠣᠷᠬᠠᠶ ᠪᠣᠯᠭᠠᠵᠤ᠂ ᠴᠠᠭ ᠤᠨ ᠬᠦᠰᠦᠨᠦᠭᠲᠦ ᠪᠠ ᠵᠠᠮ ᠱᠤᠭᠤᠮ ᠤᠨ ᠵᠢᠷᠤᠭ ᠢ ᠲᠣᠭᠲᠠᠭᠠᠵᠤ᠂ ᠡᠯ᠎ᠡ ᠵᠦᠢᠯ ᠤᠨ ᠠᠵᠢᠯ ᠢ ᠴᠢᠨᠠᠷ ᠰᠠᠶᠢᠲᠠᠶ ᠪᠥᠭᠡᠳ ᠥᠨᠳᠥᠷ ᠪᠦᠲᠦᠮᠵᠢᠲᠡᠶ ᠪᠠᠷ ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠨ᠎ᠠ᠃ ᠪᠦᠬᠦ ᠲᠠᠯ᠎ᠠ ᠪᠠᠷ ᠬᠠᠤᠯᠢ ᠶᠣᠰᠣᠭᠠᠷ ᠠᠶᠢᠮᠠᠭ ᠢ ᠵᠠᠰᠠᠬᠤ ᠶᠢ ᠴᠥᠬᠦᠷᠡᠰᠢ ᠦᠭᠡᠢ ᠠᠬᠢᠭᠤᠯᠵᠤ᠂ ᠦᠨᠳᠦᠰᠦᠨ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠱᠠᠭᠠᠷᠳᠠᠯᠭ᠎ᠠ ᠶᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠭᠵᠢᠯᠲᠡ ᠶᠢ ᠠᠬᠢᠭᠤᠯᠬᠤ᠂ ᠵᠥᠷᠢᠴᠡᠯ ᠢ ᠠᠷᠢᠯᠭᠠᠬᠤ᠂ ᠲᠣᠭᠲᠠᠭᠤᠨ ᠢ ᠬᠠᠮᠠᠭᠠᠯᠠᠬᠤ ᠡᠯ᠎ᠡ ᠲᠠᠯ᠎ᠠ ᠳᠤ ᠢᠯᠡᠷᠡᠭᠦᠯᠵᠦ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠠᠤᠯᠢᠵᠢᠯ ᠢ ᠡᠷᠬᠢᠮᠯᠡᠬᠦ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠪᠠᠷ ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠤᠷᠢᠭ᠎ᠠ ᠱᠤᠭᠤᠮ ᠢ ᠢᠮᠠᠭᠲᠠ ᠪᠠᠲᠤ ᠰᠠᠬᠢᠵᠤ᠂ ︽ᠵᠢᠷᠭᠤᠭᠠᠨ ᠶᠡᠭᠡ ᠰᠠᠬᠢᠯᠭ᠎ᠠ ᠪᠠᠲᠤ ︾ ᠶᠢ ᠴᠢᠩᠭ᠎ᠠ ᠰᠠᠬᠢᠵᠤ᠂ ᠠᠵᠢᠯ ᠤᠨ ᠰᠤᠷᠲᠠᠯ ᠢᠶᠠᠨ ᠦᠷᠭᠦᠯᠵᠢᠯᠡᠨ ᠬᠤᠪᠢᠷᠠᠭᠤᠯᠵᠤ᠂ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠪᠠᠨ ᠦᠨᠡᠨ ᠬᠦ ᠳᠡᠭᠡᠭᠰᠢᠯᠡᠭᠦᠯᠵᠦ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠶᠡᠭᠡ ᠪᠠᠷ ᠪᠤᠢ ᠪᠣᠯᠭᠠᠬᠤ ᠬᠡᠷᠡᠭᠲᠡᠶ ᠭᠡᠪᠡ᠃    ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠵᠢᠶᠠᠩ ᠲᠢᠶᠠᠨ ᠬᠤ ᠶᠣᠰᠣᠯᠠᠯ ᠢ ᠡᠷᠭᠢᠯᠡᠵᠦ᠂ ᠠᠶᠢᠮᠠᠭ ᠤᠨ ᠵᠠᠬᠢᠷᠭ᠎ᠠ ᠶᠢᠨ ᠪᠠᠭ ᠤᠨ ᠪᠦᠷᠢᠯᠳᠦᠬᠦᠨ ᠪᠠ ᠠᠶᠢᠮᠠᠭ ᠤᠨ ᠵᠠᠬᠢᠷᠭ᠎ᠠ ᠶᠢᠨ ᠠᠵᠢᠯ ᠤᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠶᠣᠰᠣᠯᠠᠯ ᠳᠤ ᠣᠷᠣᠯᠴᠠᠵᠠᠶ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号