ᠤᠯᠤᠰ ᠲᠥᠷᠥ ᠶᠢᠨ ᠵᠥᠪᠯᠡᠯᠭᠡᠨ ᠤ ᠲᠦᠴᠢᠦᠸᠠᠨ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠭᠡᠰᠢᠭᠦᠳ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/12/8
        12 ᠰᠠᠷ᠎ᠠ ᠶᠢᠨ 8 ᠤ ᠡᠳᠦᠷ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠨ ᠪᠥᠸᠧ ᠤᠯᠤᠰ ᠲᠥᠷᠥ ᠶᠢᠨ ᠵᠥᠪᠯᠡᠯᠭᠡᠨ ᠤ ᠲᠦᠴᠢᠦᠸᠠᠨ ᠰᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠭᠡᠰᠢᠭᠦᠳ ᠤᠨ ᠬᠤᠷᠠᠯ ᠬᠤᠷᠠᠯᠳᠤᠪᠠ᠃ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠬᠠᠨ ᠯᠢ ᠵᠢᠶᠦ᠋ᠨ᠂ ᠯᠢ ᠳ᠋ᠧ ᠯᠢᠶᠠᠩ᠂ ᠸᠠᠩ ᠬᠠᠢ ᠵᠢᠶᠦ᠋ᠨ᠂ ᠴᠧᠨ ᠭᠦᠸᠧ ᠴᠢᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠠᠶᠢᠩᠭᠤ ᠶᠢᠨ ᠭᠡᠰᠢᠭᠦᠨ ᠪᠠ ᠡᠯ᠎ᠡ ᠰᠢᠶᠠᠩ ᠪᠠᠯᠭᠠᠰᠤᠨ ᠤ ᠭᠡᠰᠢᠭᠦᠳ ᠤᠨ ᠠᠵᠢᠯᠯᠠᠭᠠᠨ ᠤ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠪᠠ᠃ ᠰᠢᠶᠠᠨ ᠤ ᠤᠳᠤᠷᠢᠳᠤᠯᠭ᠎ᠠ ᠹᠧᠩ ᠵᠢᠶᠠᠨ ᠵᠥᠩ᠂ ᠪᠦᠦ ᠬᠤᠩ ᠢᠩ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃         ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠳᠦᠷᠢᠮ︾  ᠢ ᠤᠯᠠᠮᠵᠢᠯᠠᠨ ᠰᠤᠷᠤᠯᠴᠠᠵᠤ᠂ ᠰᠢᠶᠠᠨ ᠤ ᠳᠤᠯᠠᠭᠠᠯᠠᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠵᠠᠷᠯᠠᠯ ᠢ ᠰᠣᠨᠣᠰᠴᠤ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ︾  ᠤᠨ ᠲᠤᠰᠬᠠᠢ ᠰᠡᠳᠦᠪᠲᠦ ᠵᠥᠪᠯᠡᠯᠭᠡ ᠶᠢ ᠥᠷᠨᠢᠭᠦᠯᠵᠦ᠂ ︽ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠤᠨ ᠡᠩᠨᠡᠭᠡᠨ ᠤ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾ ᠪᠣᠯᠣᠨ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠵᠦᠢᠯᠡᠰ ᠢ ᠬᠢᠨᠠᠨ ᠵᠥᠪᠯᠡᠵᠦ ᠪᠠᠲᠤᠯᠠᠪᠠ᠃         ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠦᠴᠦᠨ ᠴᠢᠳᠠᠯ ᠣᠯᠬᠤ ᠶᠢᠨ ᠳᠤᠮᠳᠠ ᠡᠷᠡᠯᠬᠡᠭᠯᠡᠨ ᠤᠷᠤᠭᠰᠢᠯᠠᠬᠤ ᠬᠡᠷᠡᠭᠲᠡᠢ᠃ᠲᠤᠰ ᠲᠤᠰ ᠤᠨ ᠢᠶᠠᠨ ᠰᠢᠰᠲ᠋ᠧᠮ ᠤᠨ ᠬᠦᠷᠢᠶᠡᠨ ᠳᠤ ᠰᠤᠷᠤᠯᠴᠠᠵᠤ᠂ ᠳᠤᠭᠤᠶᠢᠯᠠᠩ ᠤᠨ ᠳᠠᠷᠤᠭ᠎ᠠ ᠲᠦᠷᠦᠭᠦᠯᠡᠨ ᠰᠤᠷᠤᠯᠴᠠᠵᠤ᠂ ᠤᠯᠠᠨ ᠵᠦᠢᠯ ᠤᠨ ᠬᠡᠯᠪᠡᠷᠢ ᠪᠠᠷ ᠰᠤᠷᠤᠯᠴᠠᠵᠤ᠂ ᠭᠦᠨᠵᠡᠭᠡᠢ ᠨᠡᠪᠲᠡᠷᠬᠡᠢ ᠰᠤᠷᠤᠯᠴᠠᠬᠤ ᠶᠢ ᠪᠠᠲᠤᠯᠠᠬᠤ ᠬᠡᠷᠡᠭᠲᠡᠢ᠃ ᠡᠭᠦᠨ ᠤ ᠵᠡᠷᠭᠡᠴᠡᠭᠡᠪᠡᠷ ᠤᠯᠠᠨ ᠠᠷᠭ᠎ᠠ ᠵᠠᠮ᠂ ᠤᠯᠠᠨ ᠬᠡᠯᠪᠡᠷᠢ ᠪᠠᠷ ᠥᠷᠭᠡᠨ ᠢᠶᠠᠷ ᠤᠬᠠᠭᠤᠯᠤᠨ ᠲᠠᠶᠢᠯᠪᠤᠷᠢᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤᠮᠳᠠ ᠤᠯᠤᠰ ᠲᠦᠷᠦ ᠶᠢᠨ ᠵᠥᠪᠯᠡᠯᠭᠡᠨ ᠳᠤ ᠰᠢᠨ᠎ᠡ ᠬᠤᠪᠢ ᠨᠡᠮᠡᠷᠢ ᠦᠵᠡᠭᠦᠯᠵᠦ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠰᠢᠨ᠎ᠡ ᠪᠠᠶᠢᠳᠠᠯ ᠢ ᠪᠤᠢ ᠪᠣᠯᠭᠠᠪᠠ᠃ ᠬᠤᠶᠠᠷ ᠲᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠦᠷ᠎ᠡ ᠪᠦᠲᠦᠭᠡᠯ ᠢᠶᠠᠨ ᠬᠤᠪᠢᠷᠠᠭᠤᠯᠬᠤ ᠶᠢ ᠪᠡᠶᠡᠯᠡᠭᠦᠯᠬᠦ ᠬᠡᠷᠡᠭᠲᠡᠢ᠃ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠭᠤᠣᠯ ᠠᠵᠢᠯ ᠲᠠᠢ ᠨᠢᠭᠲᠠ ᠤᠶᠠᠯᠳᠤᠭᠤᠯᠤᠨ ᠤᠯᠤᠰ ᠲᠦᠷᠦ ᠶᠢᠨ ᠵᠥᠪᠯᠡᠯᠭᠡᠨ ᠤ ᠠᠵᠢᠯ ᠢ ᠲᠥᠯᠥᠪᠯᠡᠨ ᠥᠷᠨᠢᠭᠦᠯᠵᠦ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠭᠤᠣᠯ ᠠᠵᠢᠯ ᠢ ᠬᠠᠮᠢᠭ᠎ᠠ ᠬᠦᠷᠲᠡᠯ᠎ᠡ ᠠᠬᠢᠭᠤᠯᠪᠠᠯ᠂ ᠤᠯᠤᠰ ᠲᠦᠷᠦ ᠶᠢᠨ ᠵᠥᠪᠯᠡᠯᠭᠡᠨ ᠤ ᠡᠭᠦᠷᠭᠡ ᠲᠤᠰᠢᠶᠠᠯ ᠢᠶᠠᠨ ᠲᠡᠨᠳᠡ ᠬᠦᠷᠲᠡᠯ᠎ᠡ ᠭᠦᠢᠴᠡᠳᠬᠡᠬᠦ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠭᠡᠰᠢᠭᠦᠳ ᠢ ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠭᠦᠨᠵᠡᠭᠡᠢ ᠵᠠᠰᠠᠭ ᠲᠤ ᠲᠤᠰᠠᠯᠠᠨ ᠰᠠᠨᠠᠯ ᠵᠥᠪᠯᠡᠯᠭᠡ ᠳᠤᠷᠠᠳᠴᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠦᠴᠦᠨ ᠨᠡᠮᠡᠷᠢᠯᠡᠪᠡ᠃ ᠭᠤᠷᠪᠠ ᠳᠤ᠂ ᠦᠨᠳᠦᠰᠦ ᠰᠠᠭᠤᠷᠢ ᠶᠢ ᠪᠠᠲᠤᠳᠬᠠᠬᠤ ᠶᠢ ᠢᠮᠠᠭᠲᠠ ᠪᠠᠷᠢᠮᠲᠠᠯᠠᠵᠤ᠂ ᠭᠡᠰᠢᠭᠦᠳ ᠤᠨ ᠳᠦᠷᠢ ᠲᠥᠷᠬᠦ ᠶᠢ ᠱᠤᠭᠤᠬᠤ ᠳᠤᠮᠳᠠ ᠡᠭᠦᠷᠭᠡ ᠬᠠᠷᠢᠭᠤᠴᠠᠯᠭ᠎ᠠ ᠪᠠᠨ ᠢᠯᠡᠷᠡᠭᠦᠯᠬᠦ ᠬᠡᠷᠡᠭᠲᠡᠢ᠃ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠭᠦᠷᠭᠡᠯᠡᠬᠦ ᠶᠢ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠢᠶᠠᠨ ᠦᠨᠡᠨᠬᠦ ᠡᠭᠦᠷᠭᠡᠯᠡᠬᠦ ᠶᠢ ᠴᠢᠩᠭᠠᠳᠬᠠᠵᠤ᠂ ᠲᠦᠴᠢᠦᠸᠠᠨ ᠤ ᠬᠥᠭᠵᠢᠯᠲᠡ ᠳᠤ ᠬᠠᠷᠢᠭᠤᠴᠠᠬᠤ᠂ ᠠᠷᠠᠳ ᠲᠦᠮᠡᠨ ᠤ ᠠᠰᠢᠭ ᠲᠤᠰᠠ ᠳᠤ ᠬᠠᠷᠢᠭᠤᠴᠠᠬᠤ᠂ ᠤᠯᠤᠰ ᠲᠦᠷᠦ ᠶᠢᠨ ᠵᠥᠪᠯᠡᠯᠭᠡᠨ ᠤ ᠦᠢᠯᠡᠰ ᠲᠤ ᠬᠠᠷᠢᠭᠤᠴᠠᠬᠤ ᠵᠣᠷᠢᠭ ᠰᠠᠨᠠᠭ᠎ᠠ ᠪᠠᠷ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠤᠯᠤᠰ ᠲᠦᠷᠦ ᠶᠢᠨ ᠵᠥᠪᠯᠡᠯᠭᠡ ᠬᠢᠬᠦ᠂ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠬᠦ ᠡᠯ᠎ᠡ ᠵᠦᠢᠯ ᠤᠨ ᠡᠭᠦᠷᠭᠡ ᠴᠢᠳᠠᠪᠤᠷᠢ ᠪᠠᠨ ᠭᠦᠢᠴᠡᠳ ᠭᠦᠢᠴᠡᠳᠬᠡᠬᠦ ᠬᠡᠷᠡᠭᠲᠡᠢ ᠭᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号