ᠸᠠᠩ ᠯᠢ ᠰᠢᠶᠠ ᠪᠦᠬᠦ ᠣᠷᠣᠨ ᠤ ᠰᠢᠨ᠎ᠡ ᠲᠢᠲᠢᠮᠯᠡᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠤᠨ ᠸᠢᠳᠢᠤ᠋ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/12/8
     10 ᠰᠠᠷ᠎ᠠ ᠶᠢᠨ 26 ᠤ ᠣᠷᠣᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠦᠬᠦ ᠣᠷᠣᠨ ᠤ ᠰᠢᠨ᠎ᠡ ᠲᠢᠲᠢᠮᠯᠡᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠤᠨ ᠸᠢᠳᠢᠤ᠋ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃            ᠸᠠᠩ ᠯᠢ ᠰᠢᠶᠠ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠪᠠᠶᠢᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ ᠢ ᠪᠠᠲᠤ ᠪᠤᠢ ᠪᠣᠯᠭᠠᠵᠤ᠂ ᠤᠬᠠᠮᠰᠠᠷ ᠠᠴᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠰᠠᠶᠢᠨ ᠡᠬᠢᠯᠡᠯᠲᠡ ᠲᠠᠢ ᠪᠣᠯᠭᠠᠬᠤ ᠥᠨᠳᠥᠷᠴᠡ ᠳᠤ ᠵᠣᠭᠰᠣᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠠᠲᠤᠯᠠᠬᠤ ᠥᠨᠳᠥᠷᠴᠡ ᠳᠤ ᠵᠣᠭᠰᠣᠵᠤ᠂ ︽ᠡᠪᠡᠳᠴᠢᠨ ᠤ ᠵᠢᠱᠢᠶ᠎ᠡ ᠶᠢ ᠦᠭᠡᠢ ᠪᠣᠯᠭᠠᠬᠤ︾ ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠶᠡᠭᠡ ᠲᠠᠯ᠎ᠠ ᠶᠢ ᠪᠠᠲᠤᠯᠠᠬᠤ᠂ ᠶᠡᠭᠡ ᠲᠠᠯ᠎ᠠ ᠶᠢ ᠬᠠᠷᠠᠭᠠᠯᠵᠠᠬᠤ᠂ ᠶᠡᠭᠡ ᠲᠠᠯ᠎ᠠ ᠶᠢ ᠪᠣᠳᠣᠯᠬᠢᠯᠠᠬᠤ ᠶᠢ ᠪᠠᠷᠢᠮᠲᠠᠯᠠᠵᠤ᠂ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠵᠦ᠂ ᠬᠠᠮᠲᠤᠷᠠᠯ ᠬᠦᠴᠦᠨ ᠢ ᠨᠢᠭᠲᠠᠷᠠᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠨᠢᠭᠡ ᠰᠡᠳᠬᠢᠯ ᠢᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠰᠢᠪᠲᠤᠯᠬᠤ ᠬᠠᠲᠠᠭᠤ ᠳᠠᠶᠢᠯᠠᠯᠳᠤᠭᠠᠨ ᠤ ᠢᠯᠠᠯᠲᠠ ᠶᠢ ᠣᠯᠬᠤ ᠬᠡᠷᠡᠭᠲᠡᠢ᠃ ᠨᠠᠷᠢᠯᠢᠭ ᠣᠨᠣᠴᠠᠲᠠᠢ ᠪᠠᠷ ᠲᠦᠷᠦᠯ ᠬᠤᠪᠢᠶᠠᠨ ᠰᠢᠢᠳᠪᠦᠷᠢᠯᠡᠬᠦ ᠶᠢ ᠪᠠᠷᠢᠮᠲᠠᠯᠠᠵᠤ᠂ ᠬᠢᠵᠢᠭ ᠦᠭᠡᠢ ᠰᠤᠷᠭᠠᠭᠤᠯᠢ ᠶᠢᠨ ᠰᠤᠷᠤᠭᠴᠢᠳ ᠤᠨ ᠨᠤᠲᠤᠭ ᠲᠠᠭᠠᠨ ᠪᠤᠴᠠᠬᠤ ᠶᠢ ᠡᠮᠬᠢ ᠵᠢᠷᠤᠮ ᠲᠠᠢ ᠪᠠᠷ ᠵᠣᠬᠢᠶᠠᠨ ᠪᠠᠶᠢᠭᠤᠯᠵᠤ᠂ ᠬᠢᠵᠢᠭ ᠲᠤ ᠬᠤᠯᠪᠣᠭᠳᠠᠭᠰᠠᠨ ᠰᠤᠷᠭᠠᠭᠤᠯᠢ ᠶᠢᠨ ᠬᠠᠮᠢᠶ᠎ᠠ ᠪᠦᠬᠦᠢ ᠬᠥᠮᠥᠰ ᠢ ᠰᠢᠯᠵᠢᠭᠦᠯᠦᠨ ᠲᠡᠭᠡᠭᠡᠪᠦᠷᠢᠯᠡᠵᠦ ᠲᠤᠰᠠᠭᠠᠷᠯᠠᠬᠤ ᠶᠢ ᠬᠠᠮᠵᠢᠯᠴᠠᠨ ᠰᠠᠶᠢᠲᠤᠷ ᠠᠳᠬᠤᠵᠤ᠂ ᠬᠠᠷᠢᠶ᠎ᠠ ᠭᠠᠵᠠᠷ ᠤᠨ ᠬᠠᠮᠢᠶᠠᠷᠴᠤ ᠠᠪᠤᠷᠠᠨ ᠡᠮᠨᠡᠬᠦ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠭᠤᠭᠴᠣᠭᠠᠨ ᠳᠠᠬᠢ ᠠᠵᠢᠯ ᠢ ᠴᠢᠩᠭ᠎ᠠ ᠠᠪᠴᠠᠯᠳᠤᠭᠤᠯᠵᠤ᠂ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠵᠦᠢᠯ ᠤᠨ ᠠᠵᠢᠯ ᠢ ᠴᠢᠩᠭ᠎ᠠ ᠨᠠᠷᠢᠨ ᠨᠢᠭᠲᠠ᠂ ᠠᠮᠤᠷ ᠲᠦᠪᠰᠢᠨ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠠᠩ ᠸᠧᠢ ᠳ᠋ᠦᠩ᠂ ᠬᠤᠸᠠᠩ ᡁᠢ ᠴᠢᠶᠠᠩ᠂ ᠵᠠᠩ ᠱᠣᠣ ᠴᠦᠨ᠂ ᠪᠣᠣ ᠰᠢᠶᠠᠨ ᠬᠤᠸᠠ᠂ ᠵᠧᠩ ᠭᠤᠸᠠᠩ ᠵᠣᠣ ᠥᠪᠡᠷᠲᠡᠭᠡᠨ ᠵᠠᠰᠠᠬᠤ ᠣᠷᠣᠨ ᠤ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠠᠢ᠃ ᠪᠣᠣ ᠭᠠᠩ᠂ ᠳ᠋ᠢᠩ ᠰᠢᠦ ᠹᠧᠩ ᠠᠶᠢᠮᠠᠭ ᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号