ᠠᠶᠢᠮᠠᠭ ᠤᠨ ᠱᠠᠲᠤᠨ ᠤ ᠤᠳᠤᠷᠢᠳᠬᠤ ᠨᠥᠬᠦᠳ ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠶᠡᠭᠡ ᠬᠤᠷᠠᠯ ᠢ ᠬᠦᠯᠢᠶᠡᠨ ᠠᠪᠴᠤ ᠦᠵᠡᠪᠡ
ᠨᠡᠶᠢᠲᠡᠯᠡᠭᠰᠡᠨ ᠴᠠᠭ᠄
2022/12/9
   12 ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠠᠶᠢᠮᠠᠭ ᠤᠨ ᠱᠠᠲᠤᠨ ᠤ ᠤᠳᠤᠷᠢᠳᠬᠤ ᠨᠥᠬᠦᠳ ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠶᠡᠭᠡ ᠬᠤᠷᠠᠯ ᠢ ᠲᠥᠪᠯᠡᠷᠡᠭᠦᠯᠦᠨ ᠰᠣᠨᠣᠰᠴᠤ ᠦᠵᠡᠪᠡ᠃     ᠵᠠᠩ ᠰᠢᠶᠤᠤ ᠪᠢᠩ᠂ ᠰᠦᠬᠡ᠂ ᠰᠢᠤᠢ ᠵᠦᠸᠧ᠂ ᠯᠢᠦ ᠱᠦ ᠴᠧᠩ᠂ ᠯᠢ ᠬᠤᠩ ᠼᠠᠢ ᠵᠡᠷᠭᠡ ᠠᠶᠢᠮᠠᠭ ᠤᠨ ᠱᠠᠲᠤᠨ ᠤ ᠤᠳᠤᠷᠢᠳᠬᠤ ᠨᠥᠬᠦᠳ ᠬᠡᠬᠦᠳᠡᠭ ᠴᠡᠭᠡᠵᠢᠨ ᠳᠡᠭᠡᠨ ᠴᠠᠭᠠᠨ ᠬᠤᠸᠠᠷ ᠵᠡᠭᠦᠵᠦ᠂ ᠲᠣᠪ ᠳᠤᠭᠤᠶ ᠲᠥᠪ ᠵᠣᠭᠰᠣᠨ᠂ ᠲᠦᠢᠯ ᠤᠨ ᠡᠮᠭᠡᠨᠢᠯᠲᠡᠶ ᠰᠡᠳᠬᠢᠯᠭᠡ ᠪᠠᠷ ᠵᠢᠶᠠᠩ ᠽᠧ ᠮᠢᠨ ᠨᠥᠬᠦᠷ ᠢ ᠭᠦᠨ᠎ᠡ ᠮᠥᠷᠥᠭᠡᠳᠦᠨ ᠰᠠᠨᠠᠭᠠᠯᠵᠠᠪᠠ᠃ ᠤᠯᠠᠨ ᠢᠶᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠭᠠᠰᠢᠭᠤᠳᠠᠯ ᠤᠨ ᠶᠡᠭᠡ ᠬᠤᠷᠠᠯ ᠳᠡᠭᠡᠷ᠎ᠡ ᠬᠡᠯᠡᠭᠰᠡᠨ ᠭᠠᠰᠢᠭᠤᠳᠠᠯ ᠤᠨ ᠦᠭᠡ ᠶᠢ ᠬᠢᠨᠠᠮᠠᠭᠠᠶ ᠰᠣᠨᠣᠰᠴᠤ᠂ ᠵᠢᠶᠠᠩ ᠽᠧ ᠮᠢᠨ ᠨᠥᠬᠦᠷ ᠤᠨ ᠠᠭᠤᠤ ᠶᠡᠭᠡ ᠭᠡᠷᠡᠯ ᠰᠠᠴᠤᠷᠠᠩᠭᠤᠶ ᠨᠢᠭᠡ ᠨᠠᠰᠤ ᠶᠢ ᠬᠠᠮᠲᠤ ᠪᠠᠷ ᠡᠷᠭᠢᠴᠡᠭᠦᠯᠪᠡ᠃     ᠵᠢᠶᠠᠩ ᠽᠧ ᠮᠢᠨ ᠨᠥᠬᠦᠷ ᠪᠣᠯ ᠮᠠᠨ ᠤ ᠨᠠᠮ ᠮᠠᠨ ᠤ ᠴᠡᠷᠢᠭ ᠮᠠᠨ ᠤ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠡᠶᠢᠲᠡ ᠪᠠᠷ ᠢᠶᠠᠨ ᠮᠡᠳᠡᠷᠡᠵᠦ ᠪᠠᠶᠢᠭ᠎ᠠ ᠡᠷᠬᠢᠮ ᠳᠡᠭᠡᠳᠦ ᠨᠡᠷ᠎ᠡ ᠬᠦᠨᠳᠦ ᠲᠠᠢ ᠭᠠᠷᠮᠠᠭᠠᠶ ᠤᠳᠤᠷᠢᠳᠬᠤ ᠬᠥᠮᠦᠨ ᠮᠥᠨ᠃ ᠠᠭᠤᠤ ᠶᠡᠭᠡ ᠮᠠᠷᠺᠰ ᠤᠨ ᠦᠵᠡᠯᠳᠡᠨ᠂ ᠠᠭᠤᠤ ᠶᠡᠭᠡ ᠦᠭᠡᠶᠢᠭᠦᠦ ᠠᠩᠭᠢ ᠶᠢᠨ ᠬᠤᠪᠢᠰᠬᠠᠯᠴᠢ᠂ ᠤᠯᠤᠰ ᠲᠦᠷᠦᠴᠢᠨ᠂ ᠴᠡᠷᠢᠭ ᠤᠨ ᠡᠷᠳᠡᠮᠲᠡᠨ᠂ ᠭᠠᠳᠠᠭᠠᠳᠤ ᠬᠠᠷᠢᠯᠴᠠᠭᠠᠨ ᠤ ᠵᠢᠳᠬᠦᠯᠲᠡᠨ᠂ ᠤᠷᠳᠤ ᠬᠤᠭᠤᠴᠠᠭᠠᠨ ᠤ ᠰᠢᠯᠭᠠᠯᠲᠠ ᠶᠢ ᠥᠩᠭᠡᠷᠡᠭᠡᠭᠰᠡᠨ ᠡᠪ ᠬᠠᠮᠲᠤ ᠶᠣᠰᠣᠨ ᠤ ᠪᠠᠶᠢᠯᠳᠤᠭᠴᠢ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠤᠨ ᠰᠢᠯᠭᠠᠷᠠᠭᠰᠠᠨ ᠤᠳᠤᠷᠢᠳᠤᠭᠴᠢ᠂ ᠨᠠᠮ ᠤᠨ ᠭᠤᠷᠪᠠᠳᠤᠭᠠᠷ ᠦᠶ᠎ᠡ ᠶᠢᠨ ᠲᠥᠪ ᠬᠤᠷᠢᠶᠠᠨ ᠤ ᠤᠳᠤᠷᠢᠳᠬᠤ ᠬᠠᠮᠲᠤ ᠶᠢᠨ ᠭᠤᠣᠯᠯᠠᠭᠴᠢ᠂ ︽ᠭᠤᠷᠪᠠ ᠶᠢ ᠲᠥᠯᠥᠭᠡᠯᠡᠬᠦ ︾ ᠴᠢᠬᠤᠯᠠ ᠦᠵᠡᠯ ᠰᠠᠨᠠᠭᠠᠨ ᠤ ᠭᠤᠣᠯ ᠡᠭᠦᠳᠦᠭᠴᠢ ᠮᠥᠨ᠃     ᠣᠯᠠᠨ ᠢᠶᠠᠷ ᠢᠶᠠᠨ ᠰᠠᠨᠠᠯ ᠨᠢᠭᠡᠲᠡᠶ ᠢᠯᠡᠷᠬᠡᠶᠢᠯᠡᠬᠦ ᠳᠡᠭᠡᠨ᠂ ᠡᠮᠭᠡᠨᠢᠯ ᠭᠠᠰᠢᠭᠤᠳᠠᠯ ᠢᠶᠠᠨ ᠬᠦᠴᠦᠨ ᠪᠣᠯᠭᠠᠵᠤ᠂ ᠵᠢᠶᠠᠩ ᠽᠧ ᠮᠢᠨ ᠨᠥᠬᠦᠷ ᠤᠨ ᠭᠡᠷᠢᠶᠡᠰ ᠵᠣᠷᠢᠭ ᠢ ᠵᠠᠯᠭᠠᠮᠵᠢᠯᠠᠵᠤ᠂ ᠵᠢᠶᠠᠩ ᠽᠧ ᠮᠢᠨ ᠨᠥᠬᠦᠷ ᠢ ᠭᠠᠰᠢᠭᠤᠳᠠᠬᠤ ᠶᠠᠪᠤᠳᠠᠯ ᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠤᠬᠠᠮᠰᠠᠷ ᠠᠴᠠ ᠪᠠᠨ ᠪᠦᠯᠬᠦᠮᠳᠡᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠶ ᠭᠡᠵᠠᠢ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号