2021 ᠣᠨ ᠤ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠵᠢᠷᠭᠤᠳᠣᠭᠠᠷ ᠬᠤᠭᠤᠴᠠᠭ᠎ᠠ (ᠨᠢᠭᠡ )
ᠨᠡᠶᠢᠲᠡᠯᠡᠭᠰᠡᠨ ᠴᠠᠭ᠄
2022/2/21
    11 ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠣᠷᠣᠯᠠᠭᠴᠢ ᠰᠢᠶᠠᠨ ᠤ ᠳᠠᠷᠤᠭ᠎ᠠ ᠸᠠᠩ ᠶᠦᠩ ᠵᠢᠶᠠ 2021 ᠣᠨ ᠤ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠷᠪᠠᠨ ᠨᠢᠭᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠰᠬᠠᠢ ᠰᠡᠳᠦᠪ ᠢᠶᠠᠷ ᠰᠤᠷᠤᠯᠴᠠᠪᠠ᠃ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠵᠢᠴᠢ ᠰᠤᠯᠠ ᠣᠷᠣᠯᠴᠠᠭᠰᠠᠳ ᠬᠤᠷᠠᠯ ᠳᠤ ᠣᠷᠣᠯᠴᠠᠪᠠ᠃     11 ᠰᠠᠷ᠎ᠠ ᠶᠢᠨ 28 ᠤ ᠡᠳᠦᠷ᠂ ᠪᠡᠭᠡᠵᠢᠩ ᠬᠤᠲᠠ ᠶᠢᠨ ᠹᠠᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠲᠣᠭᠤᠷᠢᠭ ᠤᠨ ᠳᠠᠷᠤᠭ᠎ᠠ ᠶᠠᠩ ᠪᠥᠸᠧ ᠨᠠᠷ ᠪᠥᠬᠦ ᠰᠢᠶᠠᠨ ᠳᠤ ᠬᠦᠷᠴᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠪᠡ᠃ ᠠᠶᠢᠮᠠᠭ ᠤᠨ ᠳᠡᠳ᠋ ᠳᠠᠷᠤᠭ᠎ᠠ ᠴᠢᠦᠢ ᠵᠧᠨ ᠨᠢᠶᠠᠨ᠂ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠬᠤᠸᠠᠩ ᠢ ᠬᠤ᠋᠂ ᠯᠢ ᠬᠤᠩ ᠰᠢᠩ ᠵᠢᠴᠢ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃     11 ᠰᠠᠷ᠎ᠠ ᠶᠢᠨ 29 ᠤ ᠡᠳᠦᠷ᠂ ᠪᠦᠬᠦ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠪᠠᠴᠢᠮ ᠬᠠᠷᠠᠭᠠᠨ ᠳᠠᠪᠲᠠᠮᠵᠢ ᠶᠢᠨ ᠬᠤᠷᠠᠯ ᠤᠨ ᠳᠠᠷᠠᠭ᠎ᠠ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ᠂ ᠰᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠸᠠᠩ ᠶᠦᠩ ᠵᠢᠶᠠ ᠪᠥᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠪᠠᠴᠢᠮ ᠬᠠᠷᠠᠭᠠᠨ ᠳᠠᠪᠲᠠᠮᠵᠢ ᠶᠢᠨ ᠬᠤᠷᠠᠯ ᠤᠨ ᠵᠣᠷᠢᠭ ᠰᠠᠨᠠᠭ᠎ᠠ ᠶᠢ ᠲᠡᠷᠡ ᠳᠠᠷᠤᠢ ᠳᠤᠨᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠳᠠᠬᠢᠨ ᠲᠣᠬᠢᠷᠠᠭᠤᠯᠤᠯᠲᠠ᠂ ᠳᠠᠬᠢᠨ ᠪᠠᠶᠢᠷᠢᠯᠠᠭᠤᠯᠤᠯᠲᠠ ᠬᠢᠪᠡ᠃     11 ᠰᠠᠷ᠎ᠠ ᠶᠢᠨ 30 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠳᠥᠴᠢᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠸᠠᠩ ᠵᠢᠶᠠ ᠵᠢᠶᠦ᠋ᠨ᠂ ᠴᠧᠨ ᠭᠦᠸᠧ ᠮᠢᠩ᠂ ᠽᠠᠩ ᠬᠠᠢ ᠵᠢᠶᠠ᠂ ᠬᠤᠸᠠᠩ ᠢ ᠬᠤ᠋᠂ ᠯᠢ ᠼᠦᠨ ᠴᠢ᠂ ᠯᠢ ᠬᠤᠩ ᠰᠢᠩ᠂ ᠹᠧᠩ ᠵᠢᠶᠠᠨ ᠵᠥᠩ᠂ ᠪᠦᠦ ᠬᠤᠩ ᠶᠢᠩ᠂ ᠯᠢᠦ ᠰᠢᠩ ᠬᠤᠸᠠ᠂ ᠰᠥᠩ ᠽᠧ ᠬᠠᠢ ᠵᠡᠷᠭᠡ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠵᠤ᠂ ᠰᠢᠶᠠᠨ ᠤ ᠤᠳᠤᠷᠢᠳᠤᠯᠭ᠎ᠠ ᠯᠠᠨ ᠰᠢᠶᠠᠨ ᠹᠧᠩ᠂ ᠸᠠᠩ ᠬᠠᠢ ᠵᠢᠶᠦ᠋ᠨ ᠵᠢᠴᠢ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃    
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号