2021 ᠣᠨ ᠤ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠵᠢᠷᠭᠤᠳᠣᠭᠠᠷ ᠬᠤᠭᠤᠴᠠᠭ᠎ᠠ ︵ᠬᠤᠶᠠᠷ︶
ᠨᠡᠶᠢᠲᠡᠯᠡᠭᠰᠡᠨ ᠴᠠᠭ᠄
2022/2/22
     12 ᠰᠠᠷ᠎ᠠ ᠶᠢᠨ 8 ᠤ ᠡᠳᠦᠷ᠂ ᠪᠦᠬᠦ ᠰᠢᠶᠠᠨ ᠤ ᠭᠤᠣᠯᠳᠠᠯᠭ᠎ᠠ  ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ᠂ ᠪᠡᠭᠡᠵᠢᠩ ᠥᠪᠥᠷ ᠮᠣᠩᠭᠤᠯ ᠬᠠᠮᠵᠢᠯᠴᠠᠬᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠬᠦ᠂ ︽ᠬᠤᠶᠠᠷ ᠪᠠᠶᠠᠷ︾ ᠠᠴᠠ ᠡᠮᠦᠨᠡᠬᠢ ᠨᠡᠶᠢᠭᠡᠮ ᠤᠨ ᠲᠣᠭᠲᠠᠭᠤᠨ ᠢ ᠡᠵᠡᠮᠳᠡᠬᠦ ᠪᠠ ᠵᠠᠬᠢᠳᠠᠯ ᠰᠣᠷᠪᠤᠯᠵᠢᠯᠠᠭ᠎ᠠ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠪᠦᠬᠦ ᠰᠢᠶᠠᠨ ᠢ ᠳᠠᠶᠢᠴᠢᠯᠠᠨ ᠪᠠᠶᠢᠳᠠᠯ ᠢ ᠤᠯᠠᠮ ᠨᠢᠭᠡ ᠠᠯᠬᠤᠮ ᠲᠣᠳᠣᠷᠬᠠᠢ ᠲᠠᠨᠢᠭᠤᠯᠵᠤ᠂ ᠪᠠᠴᠢᠮ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠤᠨ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠤᠷᠤᠭᠰᠢᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂  ᠪᠣᠦ ᠬᠦᠭᠵᠢᠯᠲᠦ᠂ ᠸᠠᠩ ᠵᠢᠶᠠ ᠵᠢᠶᠦ᠋ᠨ᠂ ᠴᠧᠨ ᠭᠦᠸᠧ ᠮᠢᠩ᠂ ᠵᠧᠦ ᠱᠢ ᠷᠦᠩ᠂ ᠨᠢᠩ ᠬᠠᠢ ᠶᠠᠨ᠂ ᠯᠢᠦ ᠴᠦᠨ ᠯᠢ᠂ ᠴᠢᠦᠢ ᠲᠦᠩ ᠨᠢᠶᠠᠨ᠂ ᠯᠢ ᠬᠤᠩ ᠰᠢᠩ᠂ ᠳ᠋ᠠᠢ ᠯᠢ ᠮᠢᠩ᠂ ᠸᠠᠩ ᠬᠠᠢ ᠵᠢᠶᠦ᠋ᠨ ᠵᠢᠴᠢ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃        12 ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠤ ᠣᠷᠴᠢᠯ ᠠᠵᠤ ᠠᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠸᠠᠩ ᠵᠢᠶᠠ ᠵᠢᠶᠦ᠋ᠨ᠂ ᠵᠧᠦ ᠱᠢ ᠷᠦᠩ᠂ ᠵᠢᠶᠠ ᠭᠦᠸᠧ ᠬᠠᠢ᠂ ᠸᠠᠩ ᠬᠠᠢ ᠵᠢᠶᠦ᠋ᠨ ᠵᠢᠴᠢ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃  12 ᠰᠠᠷ᠎ᠠ   ᠶᠢᠨ 19 ᠤ ᠡᠳᠦᠷ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠳᠥᠴᠢᠨ ᠨᠢᠭᠡᠳᠦᠭᠡᠷ ᠤᠳᠠᠭᠠᠨ ᠤ ᠪᠠᠶᠢᠩᠭᠤ   ᠶᠢᠨ ᠬᠤᠷᠠᠯ   ᠢ ᠡᠷᠬᠢᠯᠡᠨ ᠬᠤᠷᠠᠯᠳᠤᠭᠤᠯᠪᠠ᠃ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠵᠤ᠂ ᠰᠢᠶᠠᠨ ᠤ ᠤᠳᠤᠷᠢᠳᠤᠯᠭ᠎ᠠ ᠯᠠᠨ ᠰᠢᠶᠠᠨ ᠹᠸᠡᠭ᠂ ᠸᠠᠩ ᠬᠠᠢ ᠵᠢᠶᠦ᠋ᠨ ᠵᠢᠴᠢ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃      12 ᠰᠠᠷ᠎ᠠ ᠶᠢᠨ 21 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠱᠦᠵᠢ᠂ ᠲᠣᠪᠴᠢᠶ᠎ᠠ ᠶᠢᠨ ᠳᠠᠷᠤᠭ᠎ᠠ ᠼᠤᠤ ᠺᠠᠢ ᠬᠤᠩ ᠲᠦᠴᠢᠦᠸᠠᠨ ᠰᠢᠶᠠᠨ ᠳᠤ ᠪᠠᠶᠢᠴᠠᠭᠠᠨ ᠰᠤᠳᠤᠯᠤᠯᠲᠠ ᠬᠢᠵᠦ᠂ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠪᠣᠦ ᠬᠦᠭᠵᠢᠯᠲᠦ᠂ ᠳ᠋ᠠᠢ ᠯᠢ ᠮᠢᠩ ᠵᠢᠴᠢ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃     12 ᠰᠠᠷ᠎ᠠ   ᠶᠢᠨ 30 ᠤ ᠡᠳᠦᠷ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠳᠥᠴᠢᠨ ᠬᠤᠶᠠᠳᠤᠭᠠᠷ ᠤᠳᠠᠭᠠᠨ ᠤ ᠪᠠᠶᠢᠩᠭᠤ   ᠶᠢᠨ ᠬᠤᠷᠠᠯ   ᠢ ᠡᠷᠬᠢᠯᠡᠨ ᠬᠤᠷᠠᠯᠳᠤᠭᠤᠯᠵᠤ᠂ ᠰᠢᠶᠠᠨ ᠤ ᠤᠳᠤᠷᠢᠳᠤᠯᠭ᠎ᠠ ᠸᠠᠩ ᠵᠢᠶᠠ ᠵᠢᠶᠦ᠋ᠨ᠂ ᠴᠧᠨ ᠭᠦᠸᠧ ᠮᠢᠩ᠂ ᠽᠠᠩ ᠬᠠᠢ ᠵᠢᠶᠠ᠂ ᠯᠢ ᠬᠤᠩ ᠰᠢᠩ᠂ ᠹᠧᠩ ᠵᠢᠶᠠᠨ ᠵᠥᠩ᠂ ᠳ᠋ᠠᠢ ᠯᠢ ᠮᠢᠩ᠂ ᠪᠦᠦ ᠬᠤᠩ ᠢᠩ᠂ ᠵᠢᠶᠠ ᠭᠦᠸᠧ ᠬᠠᠢ᠂ ᠯᠢᠦ ᠰᠢᠩ ᠬᠤᠸᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号