ᠲᠦᠴᠢᠦᠸᠠᠨ ᠰᠢᠶᠠᠨ᠄ ᠪᠣᠯᠪᠠᠰᠤᠨ ᠤ ᠦᠢᠯᠡᠳᠦᠯᠭᠡ ᠪᠠᠷ ᠤᠯᠠᠨ ᠲᠦᠮᠡᠨ ᠳᠤ ᠦᠢᠯᠡᠴᠢᠯᠡᠬᠦ ︽ᠥᠴᠥᠬᠡᠨ ᠴᠦ ᠵᠥᠷᠢᠶ᠎ᠡ ᠦᠭᠡᠢ︾
ᠨᠡᠶᠢᠲᠡᠯᠡᠭᠰᠡᠨ ᠴᠠᠭ᠄
2022/2/27
     ︽ᠲᠣᠰᠬᠤᠨ ᠤ ᠬᠢᠨ ᠨᠠᠮᠠᠶᠢ ᠰᠠᠨᠠᠵᠤ᠂ ᠪᠠᠩᠰᠢ ᠠᠪᠴᠢᠷᠠᠵᠤ ᠥᠭᠭᠦᠭᠰᠡᠨ ᠳᠤ ᠲᠠᠯᠠᠷᠬᠠᠯ᠎ᠠ᠂ ᠮᠢᠨᠤ ᠰᠡᠳᠬᠢᠯ ᠳᠤ ᠳᠤᠯᠠᠭᠠᠬᠠᠨ ᠪᠠᠶᠢᠨ᠎ᠠ︾ ᠭᠡᠵᠦ ᠬᠡᠯᠡᠪᠡ᠃ ︽ᠪᠢ ᠶᠠᠭ ᠠᠮᠠᠪᠴᠢ ᠬᠠᠳᠠᠭᠠᠯᠠᠶ᠎ᠠ ᠭᠡᠵᠦ ᠪᠣᠳᠣᠵᠤ ᠪᠠᠶᠢᠲᠠᠯ᠎ᠠ ᠲᠠ ᠨᠠᠷ ᠬᠦᠷᠭᠡᠵᠦ ᠢᠷᠡᠯ᠎ᠡ᠂ ᠦᠨᠡᠬᠡᠷ ᠰᠠᠨᠠᠭ᠎ᠠ  ᠲᠠᠢ ᠪᠣᠯᠣᠯ᠎ᠠ᠂ ᠪᠠᠶᠠᠷᠯᠠᠯ᠎ᠠ︾ ᠭᠡᠵᠦ ᠲᠠᠯᠠᠷᠬᠠᠯ ᠤᠨ ᠦᠭᠡ ᠨᠢ ᠤᠯᠠᠨ ᠲᠦᠮᠡᠨ ᠤ ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠲᠦᠴᠢᠦᠸᠠᠨ ᠪᠠᠯᠭᠠᠰᠤ ᠶᠢᠨ ᠴᠧᠩ ᠭᠤᠸᠠᠨ ᠼᠦᠨ ᠲᠣᠰᠬᠤᠨ ᠤ ᠪᠣᠯᠪᠠᠰᠤᠨ ᠤ ᠦᠢᠯᠡᠳᠦᠯᠭᠡ ᠳᠤ ᠦᠢᠯᠡᠴᠢᠯᠡᠬᠦ ᠰᠠᠶᠢᠨ ᠳᠤᠷ᠎ᠠ ᠶᠢᠨ ᠠᠵᠢᠯᠯᠠᠭᠴᠢ ᠶᠢᠨ ᠲᠤᠬᠠᠢ ᠮᠡᠳᠡᠷᠡᠮᠵᠢ ᠶᠢ ᠳᠠᠮᠵᠢᠭᠤᠯᠵᠤ᠂ ᠰᠠᠶᠢᠨ ᠳᠤᠷ᠎ᠠ ᠶᠢᠨ ᠠᠵᠢᠯᠯᠠᠭᠴᠢ ᠶᠢᠨ ᠬᠤᠶᠢᠰᠢᠳᠠ ᠶᠢᠨ ᠦᠷᠭᠦᠯᠵᠢᠯᠡᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠬᠦ ᠢᠲᠡᠭᠡᠯ ᠵᠣᠷᠢᠭ ᠢ ᠤᠯᠠᠮ ᠪᠠᠲᠤᠳᠬᠠᠪᠠ᠃       ᠪᠠᠭᠤᠷᠠᠢ ᠬᠥᠮᠥᠰ ᠲᠤ ᠨᠠᠮ ᠤᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠦᠨᠡᠨ ᠪᠣᠳᠠᠲᠠᠢ ᠬᠠᠶᠢᠷ᠎ᠠ ᠬᠠᠯᠠᠮᠵᠢ ᠶᠢ ᠬᠦᠷᠲᠡᠭᠡᠬᠦ ᠶᠢᠨ ᠲᠥᠯᠥᠭᠡ᠂ ᠲᠦᠴᠢᠦᠸᠠᠨ ᠰᠢᠶᠠᠨ ᠤ ᠲᠦᠴᠢᠦᠸᠠᠨ ᠪᠠᠯᠭᠠᠰᠤᠨ ᠤ ᠴᠧᠩ ᠭᠤᠸᠠᠨ ᠼᠦᠨ ᠲᠣᠰᠬᠤᠨ ᠤ ᠰᠠᠶᠢᠨ ᠳᠤᠷ᠎ᠠ ᠶᠢᠨ ᠦᠢᠯᠡᠴᠢᠯᠡᠭᠴᠢᠳ ᠬᠦᠨᠳᠦ ᠡᠪᠡᠳᠴᠢᠲᠡᠨ ᠳᠤ ᠭᠤᠯᠢᠷ ᠪᠣᠳᠠᠭ᠎ᠠ ᠬᠦᠷᠭᠡᠵᠦ᠂ ᠪᠠᠭᠤᠷᠠᠢ ᠬᠥᠮᠥᠰ ᠲᠤ ᠠᠮᠠᠪᠴᠢ ᠪᠣᠯᠣᠨ ᠠᠷᠢᠭᠤᠳᠬᠠᠬᠤ ᠰᠢᠩᠭᠡᠨ ᠵᠡᠷᠭᠡ ᠬᠢᠵᠢᠭ ᠢ ᠰᠡᠷᠭᠡᠶᠢᠯᠡᠬᠦ ᠡᠳ᠋ ᠪᠣᠳᠠᠰ ᠬᠦᠷᠭᠡᠵᠦ᠂ ᠨᠠᠰᠤᠲᠠᠶᠢᠴᠤᠳ ᠲᠤ ᠥᠪᠡᠷ ᠤᠨ ᠭᠠᠷ ᠢᠶᠠᠷ ᠢᠶᠠᠨ ᠪᠣᠭᠤᠭᠰᠠᠨ ᠬᠠᠯᠠᠭᠤᠨ ᠪᠠᠩᠰᠢ ᠬᠦᠷᠭᠡᠵᠡᠢ ᠁       ᠡᠳᠦᠭᠡ ᠲᠦᠴᠢᠦᠸᠠᠨ ᠰᠢᠶᠠᠨ ᠤ ᠡᠬᠡ ᠭᠠᠵᠠᠷ ᠲᠤ᠂ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠨᠤᠭᠤᠳ ᠢᠶᠠᠷ ᠰᠢᠨ᠎ᠡ ᠦᠵᠡᠯ ᠰᠠᠨᠠᠭ᠎ᠠ᠂ ᠰᠢᠨ᠎ᠡ ᠲᠦᠷᠦ ᠶᠢᠨ ᠪᠣᠳᠣᠯᠭ᠎ᠠ᠂ ᠰᠢᠨ᠎ᠡ ᠬᠡᠪ ᠰᠤᠷᠲᠠᠯ ᠢ ᠤᠯᠠᠨ ᠲᠦᠮᠡᠨ ᠤ ᠳᠡᠷᠭᠡᠳᠡ ᠬᠦᠷᠭᠡᠵᠦ᠂ ᠲᠡᠳᠡᠨ ᠤ ᠰᠡᠳᠬᠢᠯ ᠵᠢᠷᠦᠬᠡᠨ ᠳᠤ ᠰᠢᠩᠭᠡᠭᠰᠡᠨ ᠪᠠᠶᠢᠨ᠎ᠠ᠃   ᠭᠤᠣᠯ ᠬᠦᠴᠦᠨ   ᠢ ᠪᠤᠶ ᠪᠣᠯᠭᠠᠵᠤ᠂ ᠪᠣᠯᠪᠠᠰᠤᠨ ᠤ ᠦᠢᠯᠡᠳᠦᠯᠭᠡ   ᠶᠢᠨ ᠡᠩᠨᠡᠭᠡ   ᠶᠢ ᠪᠠᠶᠢᠭᠤᠯᠤᠨ ᠬᠦᠴᠦᠷᠬᠡᠭᠵᠢᠭᠦᠯᠦᠨ᠎ᠡ       ︽ᠲᠠ ᠨᠠᠷ ᠠᠮᠠᠷᠠᠭᠠᠳ ᠠᠪ᠂ ᠪᠢᠲᠡᠭᠡᠢ ᠶᠠᠭᠠᠷᠠᠭᠠᠳ ᠪᠠᠢ︾ ᠭᠡᠪᠡ᠃ ᠲᠦᠴᠢᠦᠸᠠᠨ ᠰᠢᠶᠠᠨ ᠤ ᠵᠡᠭᠦᠨ ᠲᠦᠷᠦᠯᠵᠢ ᠪᠠᠯᠭᠠᠰᠤᠨ ᠤ ᠲᠦᠷᠦᠯᠵᠢ ᠲᠣᠰᠬᠤᠨ ᠤ ᠰᠠᠶᠢᠨ ᠳᠤᠷ᠎ᠠ ᠶᠢᠨ ᠦᠢᠯᠡᠴᠢᠯᠡᠭᠴᠢᠳ ᠭᠤᠣᠨᠢ ᠨᠠᠰᠤᠲᠠᠨ ᠹᠠᠨ ᡁᠢ ᠹᠸᠡᠭ ᠤᠨ ᠭᠡᠷ ᠲᠤ ᠴᠡᠪᠡᠷᠯᠡᠭᠡ ᠬᠢᠵᠦ ᠪᠠᠶᠢᠬᠤ ᠳᠤ᠂ ᠨᠠᠰᠤᠲᠠᠨ ᠶᠠᠭᠠᠷᠠᠯᠲᠠᠢ ᠠᠵᠢᠯᠯᠠᠵᠤ ᠪᠠᠶᠢᠭ᠎ᠠ ᠰᠠᠶᠢᠨ ᠳᠤᠷ᠎ᠠ ᠶᠢᠨ ᠦᠢᠯᠡᠴᠢᠯᠡᠭᠴᠢᠳ ᠢ ᠬᠠᠷᠠᠵᠤ ᠢᠳᠬᠠᠨ ᠬᠡᠯᠡᠪᠡ᠃       ︽ᠠᠬ᠎ᠠ ᠠ᠂ ᠲᠠᠨ ᠳᠤ ᠨᠢᠭᠡ ᠬᠠᠢᠷᠴᠠᠭ  ᠰᠦ ᠠᠪᠴᠢᠷᠠᠵᠤ  ᠦᠭᠴᠡᠢ᠂ ᠬᠡᠳᠦᠨ ᠡᠳᠦᠷ ᠤᠨ ᠳᠠᠷᠠᠭ᠎ᠠ ᠪᠢᠳᠡ ᠲᠠᠨ ᠢ  ᠡᠷᠬᠢᠵᠦ ᠦᠵᠡᠬᠦ ᠪᠠᠷ ᠢᠷᠡᠶ᠎ᠡ︾ ᠭᠡᠪᠡ᠃ ᠡᠨᠡ ᠪᠣᠯ ᠰᠠᠶᠢᠨ ᠳᠤᠷ᠎ᠠ   ᠶᠢᠨ ᠦᠢᠯᠡᠴᠢᠯᠡᠭᠴᠢᠳ ᠨᠢᠭᠡ ᠬᠠᠶᠢᠷᠴᠠᠭ ᠦᠨᠢᠶᠡᠨ ᠰᠦ ᠠᠪᠴᠤ ᠴᠧᠩ ᠭᠤᠸᠠᠨ ᠼᠦᠨ ᠲᠣᠰᠬᠤᠨ ᠤ 73 ᠨᠠᠰᠤᠲᠠᠢ ᠠᠬᠠᠮᠠᠳ ᠨᠠᠮ ᠤᠨ ᠭᠡᠰᠢᠭᠦᠳ   ᠢ ᠡᠷᠭᠢᠵᠦ ᠦᠵᠡᠬᠦ ᠪᠠᠷ ᠣᠴᠢᠬᠤ ᠳᠠᠭᠠᠨ ᠬᠡᠯᠡᠭᠰᠡᠨ ᠦᠭᠡ ᠮᠥᠨ ᠁       ᠡᠶᠢᠨ ᠬᠦ ᠰᠡᠳᠬᠢᠯ ᠲᠣᠯᠠᠭᠠᠨ ᠵᠢᠷᠤᠭ ᠳᠦᠷᠰᠦ ᠡᠳᠦᠷ ᠪᠦᠷᠢ ᠲᠦᠴᠢᠦᠸᠠᠨ ᠰᠢᠶᠠᠨ ᠤ ᠡᠯ᠎ᠡ ᠰᠢᠶᠠᠩ ᠪᠠᠯᠭᠠᠰᠤ ᠡᠯ᠎ᠡ ᠠᠶᠢᠯ ᠲᠣᠰᠬᠤᠨ ᠳᠤ ᠢᠯᠡᠷᠡᠵᠦ᠂ ᠰᠠᠶᠢᠨ ᠳᠤᠷ᠎ᠠ ᠶᠢᠨ ᠦᠢᠯᠡᠴᠢᠯᠡᠭᠡ ᠨᠢ ᠬᠥᠳᠡᠭᠡ ᠶᠢᠨ ᠬᠡᠪ ᠰᠤᠷᠲᠠᠯ ᠤᠨ ᠪᠣᠯᠪᠠᠰᠤᠨ ᠢ ᠭᠠᠶᠢᠬᠠᠭᠤᠯᠵᠤ᠂ ᠪᠦᠬᠦ ᠰᠢᠶᠠᠨ ᠳᠤ ᠬᠠᠷᠢᠯᠴᠠᠨ ᠬᠠᠪᠰᠤᠷᠤᠯᠴᠠᠬᠤ᠂ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ᠂ ᠡᠶ᠎ᠡ ᠵᠣᠬᠢᠴᠠᠩᠭᠤᠢ ᠨᠥᠬᠦᠷᠰᠡᠭ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠭᠰᠠᠨ ᠪᠠᠶᠢᠨ᠎ᠠ᠃       ᠣᠶᠢᠷ᠎ᠠ ᠶᠢᠨ ᠵᠢᠯ ᠠᠴᠠ᠂ ᠲᠦᠴᠢᠦᠸᠠᠨ ᠰᠢᠶᠠᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠤᠳᠤ ᠪᠣᠯᠲᠠᠯ᠎ᠠ᠂ ᠪᠣᠯᠪᠠᠰᠤᠨ ᠤ ᠦᠢᠯᠡᠳᠦᠯᠭᠡ ᠶᠢᠨ ᠲᠥᠪ ᠤᠨ ᠰᠦᠯᠵᠢᠶᠡᠨ ᠳᠡᠭᠡᠷᠡᠬᠢ ᠰᠠᠶᠢᠨ ᠳᠤᠷ᠎ᠠ ᠶᠢᠨ ᠦᠢᠯᠡᠴᠢᠯᠡᠭᠡᠨ ᠤ ᠲᠠᠪᠴᠠᠩ ᠳᠤ ᠨᠢᠭᠡᠨᠲᠡ 34968 ᠰᠠᠶᠢᠨ ᠳᠤᠷ᠎ᠠ ᠶᠢᠨ ᠦᠢᠯᠡᠴᠢᠯᠡᠭᠴᠢ ᠶᠢ ᠳᠠᠩᠰᠠᠯᠠᠭᠤᠯᠵᠠᠢ᠂ ᠡᠶᠢᠮᠦᠷᠬᠦ ᠡᠳᠦᠷ ᠲᠤᠳᠤᠮ ᠤᠨ ᠴᠢᠨᠠᠷᠲᠠᠢ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠪᠠᠷ ᠳᠠᠮᠵᠢᠭᠤᠯᠵᠤ᠂ ᠲᠣᠭᠲᠠᠭᠤᠨ ᠬᠠᠪᠰᠤᠷᠤᠨ ᠲᠡᠳᠬᠦᠬᠦ ᠬᠠᠷᠢᠴᠠᠭ᠎ᠠ ᠶᠢ ᠪᠠᠶᠢᠭᠤᠯᠤᠭᠰᠠᠨ ᠪᠠᠶᠢᠨ᠎ᠠ᠃ ᠰᠢᠶᠠᠨ ᠤ ᠱᠠᠲᠤᠨ ᠤ ᠳᠠᠪᠬᠤᠷᠭ᠎ᠠ ᠳᠤ ︽8+N︾ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢ 609 ᠪᠠᠶᠢᠭᠤᠯᠵᠤ᠂ ᠰᠢᠶᠠᠨ ᠤ ᠪᠣᠯᠪᠠᠰᠤᠨ ᠤ ᠦᠢᠯᠡᠳᠦᠯᠭᠡ ᠶᠢᠨ ᠲᠥᠪ ᠨᠢ ᠤᠯᠠᠨ ᠲᠦᠮᠡᠨ ᠤ ᠵᠠᠬᠢᠶᠠᠯᠠᠭ᠎ᠠ ᠶᠢᠨ ᠬᠠᠭᠤᠳᠠᠰᠤ᠂ ᠲᠤᠰᠬᠠᠢ ᠮᠡᠷᠭᠡᠵᠢᠯ ᠤᠨ ᠲᠣᠮᠢᠯᠠᠯᠲᠠ ᠶᠢᠨ ᠬᠠᠭᠤᠳᠠᠰᠤ᠂ ᠬᠡᠷᠡᠭᠴᠡᠭᠡ ᠪᠠᠷ ᠨᠢ ᠵᠠᠬᠢᠶᠠᠯᠠᠭ᠎ᠠ ᠶᠢᠨ ᠬᠠᠭᠤᠳᠠᠰᠤ ᠬᠦᠷᠭᠡᠬᠦ᠂ ᠲᠥᠪ ᠤᠨ ᠬᠢᠨᠠᠨ ᠪᠠᠶᠢᠴᠠᠭᠠᠬᠤ ᠬᠠᠭᠤᠳᠠᠰᠤ᠂ ᠤᠯᠠᠨ ᠲᠦᠮᠡᠨ ᠤ ᠦᠨᠡᠯᠡᠯᠲᠡ ᠶᠢᠨ ᠬᠠᠭᠤᠳᠠᠰᠤ︽ᠲᠠᠪᠤᠨ ᠬᠠᠭᠤᠳᠠᠰᠤ ᠶᠢᠨ ᠠᠵᠢᠯᠯᠠᠭ᠎ᠠ︾ ᠶᠢᠨ ᠵᠠᠭᠪᠤᠷ ᠢᠶᠠᠷ ᠤᠯᠠᠨ ᠲᠦᠮᠡᠨ ᠤ ᠬᠡᠷᠡᠭᠴᠡᠭᠡ ᠶᠢ ᠨᠠᠶᠢᠳᠠᠪᠤᠷᠢᠵᠢᠭᠤᠯᠪᠠ︔ ᠲᠣᠰᠬᠤᠨ ᠤ ᠲᠡᠰ ᠳᠠᠪᠬᠤᠷᠭ᠎ᠠ ᠳᠤ ︽12+N︾ ᠬᠠᠷᠢᠯᠴᠠᠨ ᠬᠠᠪᠰᠤᠷᠤᠯᠴᠠᠬᠤ ᠬᠡᠯᠪᠡᠷᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠪᠠᠶᠢᠭᠤᠯᠵᠤ᠂ ᠪᠦᠬᠦ ᠰᠢᠶᠠᠨ ᠢᠶᠠᠷ ᠢᠶᠠᠨ ᠡᠯ᠎ᠡ ᠨᠢᠭᠡᠴᠡ ᠳᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠴᠡᠭ ᠢ ᠪᠠᠶᠢᠭᠤᠯᠵᠤ᠂ ︽ᠪᠢ ᠪᠣᠯ ᠡᠮᠴᠢ· ᠪᠢ ᠴᠢᠮᠠᠶᠢ ᠬᠠᠪᠰᠤᠷᠤᠨ᠎ᠠ︾᠂ ︽ᠪᠢ ᠪᠣᠯ ᠡᠪᠯᠡᠯ ᠤᠨ ᠭᠡᠰᠢᠭᠦᠨ· ᠪᠢ ᠴᠢᠮᠠᠶᠢ ᠬᠠᠪᠰᠤᠷᠤᠨ᠎ᠠ︾᠂ ︽ᠪᠢ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ · ᠪᠢ ᠴᠢᠮᠠᠶᠢ ᠬᠠᠪᠰᠤᠷᠤᠨ᠎ᠠ︾ ᠵᠡᠷᠭᠡ ︽ᠪᠢ ᠴᠢᠮᠠᠶᠢ ᠬᠠᠪᠰᠤᠷᠤᠨ᠎ᠠ︾123 ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠪᠠᠶᠢᠭᠤᠯᠪᠠ᠃ ᠡᠯ᠎ᠡ ᠲᠦᠷᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ᠂ ᠥᠨᠥᠴᠢᠨ ᠪᠡᠯᠪᠡᠰᠦᠨ ᠨᠠᠰᠤᠲᠠᠨ ᠢ ᠬᠠᠯᠠᠮᠵᠢᠯᠠᠨ ᠬᠠᠶᠢᠷᠠᠯᠠᠬᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ᠂ ᠰᠢ ᠵᠦᠴᠦᠭᠡ ᠶᠢ ᠬᠥᠳᠡᠭᠡ ᠬᠦᠷᠭᠡᠬᠦ ᠵᠡᠷᠭᠡ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠨᠡᠶᠢᠳᠡ 1.2 ᠲᠦᠮᠡ ᠭᠠᠷᠤᠢ ᠤᠳᠠᠭ᠎ᠠ ᠥᠷᠨᠢᠭᠦᠯᠵᠦ᠂ ᠨᠠᠮ ᠤᠨ ᠬᠠᠶᠢᠷ᠎ᠠ ᠬᠠᠯᠠᠮᠵᠢ ᠶᠢ ᠲᠦᠭ ᠲᠦᠮᠡᠨ ᠠᠶᠢᠯ ᠡᠷᠦᠬᠡ ᠳᠤ ᠬᠦᠷᠭᠡᠵᠦ᠂ ᠤᠯᠠᠨ ᠲᠦᠮᠡᠨ ᠤ ᠰᠡᠳᠬᠢᠯ ᠳᠤ ᠬᠦᠷᠭᠡᠵᠡᠢ᠃
    ᠲᠦᠴᠢᠦᠸᠠᠨ ᠰᠢᠶᠠᠨ ᠤ ᠵᠢᠦ ᠯᠦᠩ ᠰᠢᠶᠠᠩ ᠤᠨ  ᠯᠦᠩ ᠮᠸᠡ ᠲᠣᠰᠬᠤᠨ ᠤ ᠰᠠᠶᠢᠨ ᠳᠤᠷ᠎ᠠ ᠶᠢᠨ ᠠᠵᠢᠯᠯᠠᠭᠴᠢ ᠲᠣᠰᠬᠤᠨ ᠤ ᠠᠷᠠᠳ ᠤᠨ ᠬᠦᠷᠢᠶᠡᠨ ᠳᠤ ᠬᠤᠷᠠᠭᠰᠠᠨ ᠴᠠᠰᠤ ᠶᠢ ᠴᠡᠪᠡᠷᠯᠡᠵᠦ ᠥᠭᠴᠡᠢ᠃︵ᠰᠡᠭᠦᠳᠡᠷᠯᠡᠪᠡ᠄ ᠴᠧᠩ ᠶᠠᠩ︶     ᠠᠵᠢᠯᠯᠠᠭ᠎ᠠ ᠶᠢᠨ ᠠᠴᠢᠶᠠᠯᠠᠪᠤᠷᠢ ᠶᠢ ᠪᠠᠶᠠᠯᠢᠭᠵᠢᠭᠤᠯᠵᠤ᠂ ᠲᠥᠷᠥ ᠶᠢᠨ ᠪᠣᠳᠣᠯᠭ᠎ᠠ ᠶᠢ  ᠣᠬᠠᠭᠤᠯᠣᠨ᠎ᠠ      ︽ᠪᠢᠳᠡ ᠨᠠᠮ ᠳᠠᠭᠠᠨ ᠲᠠᠯᠠᠷᠬᠠᠬᠤ ᠬᠡᠷᠡᠭᠲᠡᠢ᠂ ᠨᠠᠮ ᠢᠶᠠᠨ ᠳᠠᠭᠠᠬᠤ ᠬᠡᠷᠡᠭᠲᠡᠢ᠂ ᠣᠳᠣ ᠶᠢᠨ ᠡᠶᠢᠮᠦ ᠰᠠᠶᠢᠨ ᠠᠮᠢᠳᠤᠷᠠᠯ ᠢ ᠴᠥᠮ ᠡᠪ ᠬᠠᠮᠲᠤ ᠨᠠᠮ ᠤᠨ ᠤᠳᠤᠷᠢᠳᠤᠯᠭ᠎ᠠ ᠶᠢᠨ ᠳᠣᠣᠷ᠎ᠠ ᠪᠢᠳᠡᠨ ᠳᠤ ᠠᠪᠴᠢᠷᠠᠵᠤ ᠥᠭᠭᠦᠭᠰᠡᠨ ᠶᠤᠮ︕︾ ᠲᠦᠴᠢᠦᠸᠠᠨ ᠰᠢᠶᠠᠨ ᠤ ᠲᠦᠴᠢᠦᠸᠠᠨ ᠪᠠᠯᠭᠠᠰᠤᠨ ᠤ ᠯᠢᠦ ᠾᠧ ᠲᠣᠰᠬᠤᠨ ᠤ ᠨᠠᠮ ᠤᠨ ᠭᠡᠰᠢᠭᠦᠨ ᠯᠢᠦ ᠱᠤ᠋ ᠳ᠋ᠧ ᠪᠦᠬᠦ ᠲᠣᠰᠬᠤᠨ ᠤ ︽ᠲᠦᠮᠡᠨ ᠬᠥᠮᠥᠨ ᠤ ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ︾ ᠳᠡᠭᠡᠷ᠎ᠡ ᠰᠡᠳᠬᠢᠯ ᠳᠣᠭᠳᠣᠯᠤᠨ ᠶᠠᠷᠢᠨ᠎ᠠ᠃   2021 ᠣᠨ ᠳᠤ ᠲᠦᠴᠢᠦᠸᠠᠨ ᠰᠢᠶᠠᠨ︽ᠲᠦᠮᠡᠨ ᠬᠥᠮᠥᠨ ᠤ ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ︾ ᠤᠨ ᠠᠵᠢᠯᠯᠠᠭ᠎ᠠ ᠥᠷᠨᠢᠭᠦᠯᠦᠭᠰᠡᠨ ᠠᠴᠠ ᠨᠠᠰᠢ᠂ ᠲᠦᠴᠢᠦᠸᠠᠨ ᠰᠢᠶᠠᠨ ᠤ ᠡᠯ᠎ᠡ ᠰᠢᠶᠠᠩ ᠪᠠᠯᠭᠠᠰᠤ ᠡᠯ᠎ᠡ ᠲᠣᠰᠬᠤᠨ ᠤ ᠬᠢᠴᠢᠶᠡᠯ ᠤᠨ ᠲᠠᠩᠬᠢᠮ ᠰᠠᠷ᠎ᠠ ᠪᠦᠷᠢ ᠲᠣᠭᠲᠠᠭᠰᠠᠨ ᠴᠠᠭ ᠲᠠᠭᠠᠨ ᠬᠤᠷᠠᠯᠳᠤᠵᠤ᠂ ᠲᠣᠰᠬᠤᠨ ᠤ ᠠᠷᠠᠳ ᠢᠳᠡᠪᠬᠢᠲᠡᠢ ᠣᠷᠣᠯᠴᠠᠵᠤ᠂ ᠢᠳᠡᠪᠬᠢᠲᠡᠢ ᠬᠤᠪᠢᠶᠠᠯᠴᠠᠵᠤ᠂ ᠲᠣᠰᠬᠤᠨ ᠤ ᠠᠷᠠᠳ ᠤᠨ ᠡᠳᠦᠷ ᠲᠤᠳᠤᠮ ᠤᠨ ᠠᠮᠢᠳᠤᠷᠠᠯ ᠳᠤ ᠠᠭᠤᠰᠤᠯᠴᠠᠵᠠᠢ᠃ ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ ᠤᠨ ᠬᠢᠴᠢᠶᠡᠯ ᠡᠬᠢᠯᠡᠮᠡᠭᠴᠡ ᠤᠯᠠᠨ ᠢᠶᠠᠷ ᠢᠶᠠᠨ ᠭᠠᠷ ᠲᠠᠬᠢ ᠠᠷᠰᠠᠷ ᠶᠠᠪᠤᠳᠠᠯ ᠢᠶᠠᠨ ᠬᠠᠶᠠᠵᠤ᠂ ᠢᠳᠡᠪᠬᠢᠲᠡᠢ ᠣᠷᠣᠯᠴᠠᠳᠠᠭ ᠪᠠᠶᠢᠯ᠎ᠠ᠃ ᠡᠬᠢᠯᠡᠩᠭᠦᠲᠡ ᠪᠠᠨ ᠲᠣᠰᠬᠤᠨ ᠤ ᠨᠠᠮ ᠤᠨ ᠡᠭᠦᠷ ᠤᠨ ᠱᠦᠵᠢ ᠶᠢᠨ ᠶᠠᠷᠢᠬᠤ ᠶᠢ ᠰᠣᠨᠣᠰᠴᠤ᠂ ᠠᠬᠠᠮᠠᠳ ᠨᠠᠮ ᠤᠨ ᠭᠡᠰᠢᠭᠦᠨ ᠤ ᠶᠠᠷᠢᠬᠤ ᠶᠢ ᠰᠣᠨᠣᠰᠤᠭᠰᠠᠨ ᠠᠴᠠ ᠰᠡᠭᠦᠯᠡᠷ ᠨᠢ ᠤᠯᠠᠨ ᠢᠶᠠᠷ ᠢᠶᠠᠨ ᠶᠠᠷᠢᠵᠤ᠂ ᠬᠠᠷᠢᠯᠴᠠᠨ ᠬᠤᠪᠢᠶᠠᠯᠴᠠᠵᠤ᠂ ᠪᠦᠬᠦ ᠰᠢᠶᠠᠨ ᠳᠤ ᠰᠤᠷᠤᠯᠴᠠᠬᠤ ᠥᠷᠨᠢᠯᠲᠡ ᠭᠠᠷᠪᠠ᠃      ᠲᠦᠴᠢᠦᠸᠠᠨ ᠰᠢᠶᠠᠨ ᠤ ᠥᠷᠨᠢᠭᠦᠯᠦᠭᠰᠡᠨ ︽ᠲᠦᠮᠡᠨ ᠬᠥᠮᠥᠨ ᠤ ᠰᠤᠷᠤᠯᠴᠠᠯᠭ᠎ᠠ ᠶᠢᠨ ᠬᠢᠴᠢᠶᠡᠯ ᠤᠨ ᠲᠠᠩᠬᠢᠮ︾ ᠤᠨ ᠠᠵᠢᠯᠯᠠᠭ᠎ᠠ ᠨᠢ ᠭᠤᠣᠯᠳᠠᠭᠤ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠤᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ ᠬᠢᠵᠦ᠂ ᠲᠦᠴᠢᠦᠸᠠᠨ ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠶᠢ ᠨᠢᠭᠡᠳᠦᠯᠲᠡᠢ ᠲᠣᠭᠲᠠᠭᠠᠵᠤ᠂ 188 ᠲᠣᠰᠬᠤᠨ ᠤ ᠬᠢᠨ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠰᠢᠯᠢᠳᠡᠭ ᠺᠠᠳ᠋ᠷ ᠲᠤ ᠲᠦᠰᠢᠭᠯᠡᠨ ᠤᠬᠠᠭᠤᠯᠤᠨ ᠲᠠᠶᠢᠯᠪᠤᠷᠢᠯᠠᠵᠤ᠂ ᠲᠣᠰᠬᠤᠨ ᠤ ᠬᠡᠯᠲᠡᠰ᠂ ᠠᠵᠢᠯᠯᠠᠭ᠎ᠠ ᠶᠢᠨ ᠲᠠᠯᠠᠪᠠᠢ ᠵᠡᠷᠭᠡ ᠭᠠᠵᠠᠷ ᠲᠤ ᠪᠣᠯᠪᠠᠰᠤᠷᠠᠯ ᠬᠦᠷᠲᠡᠭᠡᠵᠦ᠂ ᠡᠯ᠎ᠡ ᠲᠣᠰᠬᠤᠨ ᠤ  ᠬᠢᠨ ᠠᠳᠠᠯᠢ ᠨᠢᠭᠡᠨ ᠰᠡᠳᠦᠪ ᠢᠶᠠᠷ ᠤᠬᠠᠭᠤᠯᠤᠨ ᠲᠠᠶᠢᠯᠪᠤᠷᠢᠯᠠᠵᠤ᠂ ᠪᠦᠬᠦ ᠰᠢᠶᠠᠨ ᠤ ᠤᠯᠠᠨ ᠲᠦᠮᠡᠨ ᠵᠡᠷᠭᠡᠪᠡᠷ ᠨᠢᠭᠡ ᠤᠳᠠᠭ᠎ᠠ ᠲᠠᠷᠢᠬᠢ ᠲᠣᠯᠣᠭᠠᠢ ᠶᠢᠨ ᠰᠢᠭᠤᠷᠭ᠎ᠠ ᠬᠢᠵᠦ᠂ ᠨᠡᠶᠢᠳᠡ 5820 ᠲᠠᠯᠠᠪᠠᠢ ᠤᠳᠠᠭ᠎ᠠ ᠶᠠᠪᠤᠭᠳᠠᠭᠤᠯᠵᠤ᠂ ᠭᠥᠯᠢᠶᠡᠨ ᠠᠪᠤᠭᠴᠢᠳ ᠤᠨ ᠲᠤᠭ᠎ᠠ 36.6 ᠲᠦᠮᠡᠨ ᠬᠥᠮᠥᠨ ᠤᠳᠠᠭ᠎ᠠ ᠳᠤ ᠬᠦᠷᠴᠦ᠂ ᠨᠠᠮ ᠤᠨ ᠳᠠᠭᠤᠨ ᠢ ᠦᠨᠡᠨᠬᠦ ᠦᠨᠳᠦᠰᠦᠨ ᠱᠠᠲᠤᠨ ᠳᠤ ᠳᠠᠮᠵᠢᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠠᠷᠠᠳ ᠤᠯᠠᠨ ᠤ ᠰᠡᠳᠬᠢᠯ ᠳᠤ ᠭᠦᠨ ᠦᠨᠳᠦᠰᠦᠯᠡᠭᠦᠯᠵᠡᠢ᠃ ᠡᠭᠦᠨ ᠤ ᠵᠡᠷᠭᠡᠪᠡᠷ᠂ ︽ᠤᠨᠤᠯ ᠰᠤᠷᠤᠯᠴᠠᠬᠤ ᠬᠥᠩᠭᠡᠨ ᠮᠣᠷᠢᠲᠤ ᠴᠡᠷᠢᠭ︾ ᠤᠨ ᠰᠠᠯᠪᠤᠷᠢ ᠪᠠᠭ᠎ᠠ ᠠᠩᠭᠢ ᠶᠢᠨ ᠬᠢᠨ ᠦᠨᠳᠦᠰᠦᠨ ᠱᠠᠲᠤᠨ ᠳᠤ ᠭᠦᠨᠵᠡᠭᠡᠶᠢᠷᠡᠵᠦ ᠨᠠᠮ ᠤᠨ ᠲᠡᠦᠬᠡ ᠶᠢᠨ ᠲᠤᠰᠬᠠᠢ ᠰᠡᠳᠦᠪᠲᠦ ᠤᠬᠠᠭᠤᠯᠤᠨ ᠲᠠᠶᠢᠯᠪᠤᠷᠢᠯᠠᠬᠤ ᠬᠠᠪᠰᠤᠷᠤᠨ ᠵᠢᠯᠤᠭᠤᠳᠬᠤ ᠠᠵᠢᠯ ᠢ 50 ᠭᠠᠷᠤᠢ ᠤᠳᠠᠭ᠎ᠠ ᠥᠷᠨᠢᠭᠦᠯᠵᠦ᠂ ᠰᠢᠭᠤᠳ ᠭᠥᠯᠢᠶᠡᠨ ᠠᠪᠤᠭᠴᠢᠳ ᠤᠨ ᠲᠤᠭ᠎ᠠ 3500 ᠭᠠᠷᠤᠢ ᠬᠥᠮᠥᠨ ᠤᠳᠠᠭ᠎ᠠ ᠳᠤ ᠬᠦᠷᠴᠡᠢ︔ ︽ᠤᠨᠤᠯ ᠤᠨ ᠪᠢᠴᠢᠯ ᠬᠢᠴᠢᠶᠡᠯ ᠤᠨ ᠲᠠᠩᠬᠢᠮ︾  ᠤᠨ ᠸᠢᠳᠢᠤ᠋ ᠶᠢ ᠰᠢᠩᠭᠡᠬᠡᠨ ᠦᠢᠯᠡᠳᠴᠦ᠂ ᠨᠠᠮ ᠤᠨ ᠲᠡᠦᠬᠡ ᠶᠢᠨ ᠦᠯᠢᠭᠡᠷ ᠢ ᠶᠠᠷᠢᠬᠤ ᠪᠠᠷ ᠳᠠᠮᠵᠢᠭᠤᠯᠵᠤ᠂ ᠦᠷᠡᠭᠳᠡᠭᠰᠡᠨ ᠪᠠᠭᠠᠲᠤᠷᠴᠤᠳ ᠢᠶᠠᠨ ᠳᠤᠷᠠᠰᠤᠨ ᠰᠠᠨᠠᠭᠠᠯᠵᠠᠵᠤ ᠪᠠᠭᠠᠲᠤᠷᠴᠤᠳ ᠲᠠᠭᠠᠨ ᠬᠦᠨᠳᠦᠳᠬᠡᠯ ᠳᠡᠪᠰᠢᠭᠦᠯᠵᠦ᠂ ᠤᠭ ᠰᠠᠨᠠᠭ᠎ᠠ ᠪᠠᠨ ᠦᠯᠦ ᠮᠠᠷᠲᠠᠨ ᠡᠷᠡᠮᠡᠬᠡᠶᠢᠯᠡᠨ ᠤᠷᠤᠭᠰᠢᠯᠠᠪᠠ᠃
    ᠲᠦᠴᠢᠦᠸᠠᠨ ᠰᠢᠶᠠᠨ ᠤ ᠲᠦᠴᠢᠦᠸᠠᠨ ᠪᠠᠯᠭᠠᠰᠤᠨ ᠤ ᠰᠢᠨ ᠱᠧᠩ ᠲᠣᠰᠬᠤᠨ ᠤ ᠰᠠᠶᠢᠨ ᠳᠤᠷ᠎ᠠ ᠶᠢᠨ ᠠᠵᠢᠯᠯᠠᠭᠴᠢ ᠤᠢ ᠬᠠᠮᠠᠭᠠᠯᠠᠭᠴᠢ ᠳᠤ ᠭᠠᠯ ᠤᠨᠲᠠᠷᠠᠭᠠᠬᠤ ᠬᠡᠷᠡᠭᠰᠡᠯ ᠢ ᠬᠡᠷᠡᠭᠯᠡᠬᠦ ᠠᠷᠭ᠎ᠠ ᠶᠢ ᠲᠠᠶᠢᠯᠪᠤᠷᠢᠯᠠᠵᠤ ᠥᠭᠪᠡ᠃︵ᠰᠡᠭᠦᠳᠡᠷᠯᠡᠪᠡ᠄ ᠴᠧᠩ ᠶᠠᠩ︶      ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠰᠣᠶᠣᠯ ᠢᠶᠠᠷ ᠬᠥᠮᠥᠨ ᠢ ᠰᠣᠶᠣᠯᠵᠢᠭᠤᠯᠬᠤ ᠶᠢ ᠪᠠᠷᠢᠮᠲᠠᠯᠠᠨ᠎ᠠ      ᠲᠦᠴᠢᠦᠸᠠᠨ ᠰᠢᠶᠠᠨ ᠤ ᠤᠯᠠᠭᠠᠨᠮᠥ᠋ᠴᠢᠷ ᠤᠨ ᠦᠨᠳᠦᠰᠦᠨ ᠱᠠᠲᠤᠨ ᠤ ᠦᠢᠯᠡᠴᠢᠯᠡᠭᠡᠨ ᠤ ᠰᠠᠯᠪᠤᠷᠢ ᠪᠠᠭ᠎ᠠ ᠠᠩᠭᠢ ᠶᠢᠨ ᠬᠢᠨ ᠨᠡᠶᠢᠭᠡᠮ ᠲᠣᠭᠤᠷᠢᠭ᠂ ᠠᠶᠢᠯ ᠲᠣᠰᠬᠤᠨ ᠳᠤ ᠣᠴᠢᠬᠤ ᠶᠢ ᠢᠮᠠᠭᠲᠠ ᠪᠠᠷᠢᠮᠲᠠᠯᠠᠵᠤ᠂ ᠤᠯᠠᠨ ᠲᠦᠮᠡᠨ ᠳᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠬᠦᠷᠭᠡᠵᠡᠢ᠃     ᠲᠦᠷᠦᠭᠦᠬᠡᠨ᠂ ᠲᠦᠴᠢᠦᠸᠠᠨ ᠰᠢᠶᠠᠨ ᠤ ᠯᠢᠦ ᠬᠤ᠋ ᠪᠠᠯᠭᠠᠰᠤᠨ ᠤ  ᠭᠠᠩ ᠲᠢᠸ᠋ ᠲᠣᠰᠬᠤᠨ ᠤ ᠵᠠᠬᠢᠷᠭ᠎ᠠ ᠳᠤ᠂ ᠲᠦᠴᠢᠦᠸᠠᠨ ᠰᠢᠶᠠᠨ ᠤ ᠤᠯᠠᠭᠠᠨᠮᠥ᠋ᠴᠢᠷ ᠤᠨ ᠦᠨᠳᠦᠰᠦᠨ ᠱᠠᠲᠤᠨ ᠤ ᠦᠢᠯᠡᠴᠢᠯᠡᠭᠡᠨ ᠤ ᠪᠠᠭ᠎ᠠ ᠠᠩᠭᠢ ᠶᠢᠨ ᠭᠡᠰᠢᠭᠦᠳ ᠲᠣᠰᠬᠤᠨ ᠤ ᠤᠳᠬ᠎ᠠ ᠤᠷᠠᠯᠢᠭ ᠤᠨ ᠪᠠᠭ᠋ᠠᠲᠠᠳ ᠲᠤ ᠤᠳᠬ᠎ᠠ ᠤᠷᠠᠯᠢᠭ ᠤᠨ ᠬᠠᠪᠰᠤᠷᠤᠨ ᠵᠢᠯᠣᠭᠤᠳᠤᠯᠭ᠎ᠠ ᠬᠢᠵᠦ᠂ ᠲᠣᠰᠬᠤᠨ ᠤ ᠠᠷᠠᠳ ᠤᠳ ᠲᠤᠰᠬᠠᠢ ᠮᠡᠷᠭᠡᠵᠢᠯ ᠤᠨ ᠪᠠᠭᠰᠢ ᠶᠢᠨ ᠳᠠᠭᠠᠭᠤᠯᠭ᠎ᠠ ᠪᠠᠷ ᠪᠠᠭᠰᠢ ᠶᠢᠨ ᠵᠢᠭᠠᠬᠤ ᠠᠭᠤᠯᠭ᠎ᠠ ᠶᠢ ᠮᠠᠰᠢ ᠲᠦᠷᠭᠡᠨ ᠰᠤᠷᠴᠤ᠂ ᠤᠳᠬ᠎ᠠ ᠤᠷᠠᠯᠢᠭ ᠤᠨ ᠬᠠᠪᠰᠤᠷᠤᠨ ᠵᠢᠯᠣᠭᠤᠳᠤᠯᠭ᠎ᠠ ᠨᠢ ᠤᠯᠠᠨ ᠲᠦᠮᠡᠨ ᠤ ᠠᠵᠢᠯ ᠤᠨ ᠴᠢᠯᠦᠭᠡᠨ ᠤ ᠰᠣᠶᠣᠯ ᠤᠨ ᠠᠮᠢᠳᠤᠷᠠᠯ ᠢ ᠲᠤᠶᠢᠯ ᠤᠨ ᠶᠡᠭᠡ ᠪᠠᠷ ᠪᠠᠶᠠᠯᠢᠭᠵᠢᠭᠤᠯᠵᠠᠢ᠃      2021 ᠣᠨ ᠳᠤ᠂ ᠲᠦᠴᠢᠦᠸᠠᠨ ᠰᠢᠶᠠᠨ ᠤ ᠬᠢᠨ ᠰᠣᠶᠣᠯ ᠲᠠᠮᠢᠷ ᠤᠨ ᠠᠵᠢᠯᠯᠠᠭ᠎ᠠ ᠶᠢᠨ ︽ᠰᠣᠶᠣᠯ ᠢᠶᠠᠷ ᠬᠥᠮᠥᠨ ᠢ ᠰᠣᠶᠣᠯᠵᠢᠭᠤᠯᠵᠤ᠂ ᠰᠣᠶᠣᠯ ᠢᠶᠠᠷ ᠬᠥᠮᠥᠨ ᠢ ᠬᠥᠮᠥᠵᠢᠭᠦᠯᠬᠦ︾ ᠪᠣᠳᠠᠰ ᠢ ᠤᠮᠳᠠᠯᠠᠬᠤ ᠬᠥᠮᠦᠵᠢᠯ ᠤᠨ ᠵᠢᠯᠤᠭᠤᠳᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ ᠪᠠᠯᠭᠠᠰᠤ ᠡᠯ᠎ᠡ ᠲᠣᠰᠬᠤᠨ ᠤ ᠬᠢᠨ ᠲᠠᠷᠢᠶᠠᠴᠢᠨ ᠤᠯᠠᠨ ᠲᠦᠮᠡᠨ ᠢ ᠥᠷᠭᠡᠨ ᠢᠶᠠᠷ ᠵᠣᠬᠢᠶᠠᠨ ᠪᠠᠶᠢᠭᠤᠯᠤᠨ ᠲᠠᠶᠢᠴᠢᠯᠠᠵᠤ ᠶᠠᠩᠭᠠᠷ ᠬᠥᠭᠵᠢᠮ᠂ ᠬᠥᠭᠵᠢᠮ  ᠬᠦᠭᠵᠢᠮᠳᠡᠬᠦ᠂ ᠪᠥᠵᠢᠭ᠂ ᠬᠡᠯᠡᠵᠦ ᠳᠠᠭᠤᠯᠠᠬᠤ᠂ ᠣᠷᠣᠨ ᠨᠤᠲᠤᠭ ᠤᠨ ᠵᠦᠴᠦᠭᠡ᠂ ᠳᠠᠭᠤᠤ᠂ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠣᠷᠣᠨ ᠨᠤᠲᠤᠭ ᠤᠨ ᠣᠨᠴᠠᠯᠢᠭ ᠲᠠᠢ ᠪᠥᠭᠡᠳ ᠲᠠᠷᠢᠶᠠᠴᠢᠳ ᠤᠨ ᠳᠤᠷ᠎ᠠ ᠰᠣᠨᠢᠷᠬᠠᠯ ᠢ ᠲᠠᠲᠠᠭᠰᠠᠨ ᠰᠣᠶᠣᠯ ᠲᠠᠮᠢᠷ ᠤᠨ ᠠᠵᠢᠯᠯᠠᠭ᠎ᠠ ᠶᠢ ᠥᠷᠨᠢᠭᠦᠯᠵᠦ᠂ ᠤᠯᠠᠨ ᠲᠦᠮᠡᠨ ᠤ ᠪᠦᠬᠦᠶᠢᠯᠡ ᠴᠣᠭᠴᠠ ᠶᠢᠨ ᠤᠶᠤᠨ ᠰᠠᠨᠠᠭᠠᠨ ᠤ ᠳᠦᠷᠰᠦ ᠪᠠᠶᠢᠳᠠᠯ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠪᠣᠯᠪᠠᠰᠤᠨ ᠢ ᠬᠥᠲᠥᠯᠥᠨ ᠳᠠᠭᠠᠭᠤᠯᠪᠠ᠃  ᠦᠨᠳᠦᠰᠦᠨ ᠱᠠᠲᠤᠨ ᠳᠤ ᠭᠦᠨᠵᠡᠭᠡᠶᠢᠷᠡᠵᠦ ︽ᠪᠢ ᠡᠬᠡ ᠤᠯᠤᠰ ᠲᠠᠢ ᠪᠠᠨ︾ ︽ᠨᠤᠲᠤᠭ ᠤᠨ ᠳᠠᠭᠤᠤ ᠳᠠᠭᠤᠯᠠᠨ ᠨᠠᠮ ᠳᠠᠭᠠᠨ ᠰᠣᠨᠣᠰᠬᠠᠬᠤ︾ ᠰᠢᠷᠢᠰ ᠠᠵᠢᠯᠯᠠᠭ᠎ᠠ ᠶᠢ ᠥᠷᠨᠢᠭᠦᠯᠵᠦ᠂ ᠲᠣᠰᠬᠤᠨ ᠤ ᠱᠠᠲᠤᠨ ᠤ ᠲᠦᠮᠡᠨ ᠬᠥᠮᠥᠨ ᠤ ᠰᠣᠶᠣᠯ ᠪᠡᠶ᠎ᠡ ᠶᠢᠨ ᠲᠠᠮᠢᠷ ᠤᠨ ᠨᠡᠶᠢᠭᠡᠮᠯᠢᠭ ᠤᠨ 7064 ᠭᠡᠰᠢᠭᠦᠨ ᠢ ᠡᠯᠰᠡᠨ ᠠᠪᠴᠤ᠂ ᠣᠯᠠᠨ ᠲᠦᠮᠡᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠤᠷᠠᠨ ᠰᠠᠶᠢᠬᠠᠨ ᠤ ᠫᠷᠣᠭ᠍ᠷᠠᠮ ᠢ ᠨᠠᠷᠢᠨ ᠨᠢᠮᠪᠠᠢ ᠨᠠᠶᠢᠷᠠᠭᠤᠯᠤᠨ ᠵᠣᠬᠢᠶᠠᠨ ᠪᠦᠲᠦᠭᠡᠵᠦ᠂ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠨᠡᠶᠢᠲᠡ 5640 ᠤᠳᠠᠭ᠎ᠠ ᠥᠷᠨᠢᠭᠦᠯᠪᠡ︔︽ᠤᠯᠠᠭᠠᠨᠮᠥ᠋ᠴᠢᠷ +︾ ᠶᠢᠨ ᠬᠡᠯᠪᠡᠷᠢ ᠪᠠᠷ᠂ ᠰᠢ ᠵᠦᠴᠦᠭᠡ ᠪᠠᠷ ᠬᠥᠳᠡᠭᠡ ᠲᠣᠰᠬᠤᠨ ᠳᠤ ᠬᠦᠷᠴᠦ ᠠᠷᠠᠳ ᠲᠤ ᠠᠰᠢᠭ ᠬᠦᠷᠲᠡᠭᠡᠬᠦ ᠲᠣᠭᠯᠠᠯᠲᠠ ᠪᠣᠯᠣᠨ ᠬᠠᠪᠰᠤᠷᠤᠨ ᠵᠢᠯᠤᠭᠤᠳᠬᠤ ᠠᠵᠢᠯᠯᠠᠭ᠎ᠠ ᠥᠷᠨᠢᠭᠦᠯᠵᠦ᠂︽ᠪᠢ ᠴᠢᠮᠠᠶᠢ ᠬᠠᠪᠰᠤᠷᠤᠨ᠎ᠠ︾ ᠭᠡᠬᠦ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠠᠵᠢᠯᠯᠠᠭ᠎ᠠ ᠶᠢ 106 ᠲᠠᠯᠠᠪᠠᠢ ᠥᠷᠨᠢᠭᠦᠯᠵᠦ᠂ ︽ᠰᠡᠳᠬᠢᠯ ᠤᠨ ᠮᠠᠭᠲᠠᠭᠠᠯ ᠳᠠᠭᠤᠤ ᠪᠠᠨ ᠨᠠᠮ ᠳᠠᠭᠠᠨ ᠵᠣᠷᠢᠭᠤᠯᠬᠤ︾ ᠮᠢᠩᠭᠠᠨ ᠬᠥᠮᠥᠨ ᠤ ᠨᠠᠶᠢᠷᠠᠯ ᠳᠠᠭᠤᠤ ︽ᠮᠠᠭᠲᠠᠭᠠᠯ ᠳᠠᠭᠤᠤ︾ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠤᠬᠠᠭᠠᠯᠠᠨ ᠥᠷᠨᠢᠭᠦᠯᠵᠦ᠂ ᠰᠢᠶᠠᠩ ᠪᠠᠯᠭᠠᠰᠤ᠂ ᠠᠶᠢᠯ ᠲᠣᠰᠬᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠨᠡᠶᠢᠭᠡᠮ ᠲᠣᠭᠤᠷᠢᠭ ᠲᠤ ᠬᠦᠷᠴᠦ ᠬᠤᠪᠢᠰᠬᠠᠯ ᠤᠨ ᠰᠣᠩᠭᠤᠳᠠᠭ ᠳᠠᠭᠤᠤ ᠶᠢᠨ ᠬᠠᠪᠰᠤᠷᠤᠨ ᠵᠢᠯᠣᠭᠤᠳᠤᠯᠭ᠎ᠠ ᠥᠷᠨᠢᠭᠦᠯᠵᠦ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠳᠠᠭᠤᠨ ᠢ ᠲᠦᠴᠢᠦᠸᠠᠨ ᠰᠢᠶᠠᠨ ᠤ ᠥᠨᠴᠥᠭ ᠪᠤᠯᠤᠩ ᠪᠦᠬᠦᠨ ᠳᠤ ᠴᠤᠤᠷᠢᠶᠠᠲᠤᠭᠤᠯᠪᠠ᠃      ᠳᠤᠰᠤᠯ ᠤᠰᠤ ᠳᠠᠯᠠᠢ ᠪᠣᠯᠵᠤ ᠴᠢᠳᠠᠬᠤ ᠦᠭᠡᠢ᠂ ᠭᠠᠭᠴᠠ ᠮᠣᠳᠣ ᠣᠢ ᠪᠣᠯᠵᠤ ᠴᠢᠳᠠᠬᠤ ᠦᠭᠡᠢ᠃ᠥᠷᠭᠡᠨ ᠣᠯᠠᠨ ᠲᠦᠮᠡᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ᠂ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠪᠠᠨ ᠬᠠᠷᠢᠯᠴᠠᠨ ᠠᠬᠢᠭᠤᠯᠬᠤ᠂ ᠬᠦᠴᠢᠷᠳᠡᠯ ᠢ ᠰᠢᠢᠳᠪᠦᠷᠢᠯᠡᠬᠦ ᠶᠠᠪᠤᠴᠠ ᠳᠤ᠂ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠦᠵᠡᠯ ᠤᠬᠠᠮᠰᠠᠷ ᠳᠡᠭᠡᠭᠰᠢᠯᠡᠵᠦ᠂ ᠤᠯᠠᠮ ᠠᠴᠠ ᠤᠯᠠᠮ ᠣᠯᠠᠨ ᠬᠥᠮᠥᠰ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠳᠤ ᠣᠷᠣᠯᠴᠠᠵᠤ᠂ ᠵᠠᠯᠭᠠᠭ᠎ᠠ ᠪᠠᠷ ᠰᠢᠪᠠᠷ ᠪᠠᠯᠴᠢᠭ ᠤᠨ ᠵᠢᠵᠢᠭ ᠵᠠᠰᠠᠯᠲᠠ ᠶᠢᠨ ᠦᠢᠯᠡᠴᠢᠯᠡᠭᠡᠨ ᠤ ᠠᠩᠭᠢ᠂ ᠦᠰᠦ ᠵᠠᠰᠠᠭᠴᠢ ᠶᠢᠨ ᠦᠢᠯᠡᠴᠢᠯᠡᠭᠡᠨ ᠤ ᠠᠩᠭᠢ᠂ ᠡᠪᠡᠰᠦᠨ ᠭᠦᠷᠦᠮᠡᠯ ᠤᠨ ᠮᠡᠷᠭᠡᠵᠢᠯ ᠤᠨ ᠦᠢᠯᠡᠴᠢᠯᠡᠭᠡᠨ ᠤ ᠠᠩᠭᠢ᠂ ᠪᠢᠴᠢᠬᠠᠨ ᠵᠤᠸᠠᠩᠶᠤᠸᠠᠨ ᠤ ᠬᠢᠴᠢᠶᠡᠯ ᠤᠨ ᠳᠠᠷᠠᠭᠠᠬᠢ ᠬᠠᠪᠰᠤᠷᠤᠨ ᠵᠢᠯᠤᠭᠤᠳᠬᠤ ᠠᠩᠭᠢ᠂ ᠲᠠᠷᠢᠶᠠᠯᠠᠩ ᠤᠨ ᠶᠠᠭᠠᠷᠠᠤ ᠠᠵᠢᠯ ᠤᠨ ᠬᠠᠷᠢᠯᠴᠠᠨ ᠬᠠᠪᠰᠤᠷᠤᠯᠴᠠᠬᠤ ᠦᠢᠯᠡᠴᠢᠯᠡᠭᠡᠨ ᠤ ᠠᠩᠭᠢ ᠵᠡᠷᠭᠡ 3250 ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ  ᠶᠢ ᠪᠠᠶᠢᠭᠤᠯᠵᠤ᠂ ᠬᠠᠪᠰᠤᠷᠤᠨ ᠲᠡᠳᠬᠦᠭᠳᠡᠭᠰᠡᠨ ᠪᠠᠭᠤᠷᠠᠢ ᠬᠥᠮᠥᠰ ᠠᠴᠠ ᠪᠤᠰᠤᠳ ᠲᠤ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠵᠤ ᠳᠡᠶᠢᠯᠬᠦ ᠰᠠᠶᠢᠨ ᠳᠤᠷ᠎ᠠ ᠶᠢᠨ ᠠᠵᠢᠯᠯᠠᠭᠴᠢ ᠪᠣᠯᠭᠠᠨ ᠬᠤᠪᠢᠷᠠᠭᠤᠯᠵᠤ᠂ ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠬᠠᠪᠰᠤᠷᠤᠯᠴᠠᠬᠤ᠂ ᠪᠠᠭᠤᠷᠠᠢ ᠶᠢ ᠲᠡᠳᠬᠦᠵᠦ ᠶᠠᠳᠠᠭᠤ ᠶᠢ ᠲᠡᠳᠬᠦᠬᠦ ᠵᠡᠷᠭᠡ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠬᠡᠪ ᠵᠠᠩᠰᠢᠯ ᠪᠣᠯᠭᠠᠵᠤ᠂ ᠲᠦᠴᠢᠦᠸᠠᠨ ᠰᠢᠶᠠᠨ ᠤ ᠡᠯ᠎ᠡ ᠭᠠᠵᠠᠷ ᠤᠨ ᠰᠠᠶᠢᠨ ᠳᠤᠷ᠎ᠠ ᠶᠢᠨ ᠦᠢᠯᠡᠴᠢᠯᠡᠭᠡ ᠶᠢ ᠴᠦ ᠴᠡᠭ ᠠᠴᠠ ᠨᠡᠶᠢᠳᠡᠮ ᠳᠤ ᠬᠦᠷᠭᠡᠵᠦ᠂ ᠨᠡᠶᠢᠳᠡᠮ ᠠᠴᠠ ᠲᠣᠣᠷᠵᠢᠭᠤᠯᠵᠤ᠂ ᠪᠣᠯᠪᠠᠰᠤᠨ ᠤ ᠦᠢᠯᠡᠳᠦᠯᠭᠡ ᠶᠢᠨ ᠪᠠᠲᠤ ᠪᠠᠬᠢ ᠪᠠᠬᠢᠯᠡᠯᠲᠡ ᠶᠢ ᠪᠠᠶᠢᠭᠤᠯᠵᠤ᠂ ᠪᠣᠯᠪᠠᠰᠤᠨ ᠤ ᠰᠢᠨ᠎ᠡ ᠰᠤᠷᠲᠠᠯ ᠢ ᠲᠦᠭ ᠲᠦᠮᠡᠨ ᠠᠶᠢᠯ ᠡᠷᠦᠬᠡ ᠳᠤ ᠨᠡᠪᠴᠢᠭᠦᠯᠪᠡ᠃
 
ᠢᠷᠡᠯᠲᠡ᠄ ᠰᠤᠷᠤᠯᠴᠠᠯᠭ᠎ᠠ ᠶᠢᠨ ᠬᠦᠴᠦᠷᠬᠡᠭ ᠤᠯᠤᠰ ᠥᠪᠥᠷ ᠮᠣᠩᠭᠤᠯ ᠤᠨ ᠰᠤᠷᠤᠯᠴᠠᠯᠭ᠎ᠠ ᠶᠢᠨ ᠲᠠᠪᠴᠠᠩ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号