ᠲᠦᠴᠢᠦᠸᠠᠨ ᠰᠢᠶᠠᠨ 2022 ᠣᠨ ᠤ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠵᠢᠴᠢ ᠰᠢᠶᠠᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/19
     3 ᠰᠠᠷ᠎ᠠ ᠶᠢᠨ 18  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ 2022 ᠣᠨ ᠤ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠵᠢᠴᠢ ᠰᠢᠶᠠᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠵᠢᠴᠢ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠦᠳᠲᠡᠷ ᠲᠦᠷᠭᠡᠨ ᠲᠤᠤᠱᠯᠠᠭᠤᠯᠤᠨ ᠨᠠᠶᠢᠳᠠᠪᠤᠷᠢᠵᠢᠭᠤᠯᠪᠠ᠃ ᠰᠢᠶᠠᠨ ᠤ ᠤᠳᠤᠷᠢᠳᠤᠯᠭ᠎ᠠ ᠸᠠᠩ ᠵᠢᠶᠠ ᠵᠢᠶᠦ᠋ᠨ᠂ ᠪᠦᠦ ᠬᠤᠩ ᠶᠢᠩ᠂ ᠯᠢᠦ ᠰᠢᠩ ᠬᠤᠸᠠ ᠵᠢᠴᠢ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ᠂ ᠭᠠᠯ ᠰᠡᠷᠭᠡᠶᠢᠯᠡᠬᠦ ᠵᠥᠪᠯᠡᠯ ᠤᠨ ᠪᠦᠷᠢᠯᠳᠦᠭᠦᠨ ᠨᠢᠭᠡᠴᠡ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠣᠷᠣᠯᠴᠠᠪᠠ᠃  
   ᠬᠤᠷᠠᠯ ᠠᠴᠠ ᠮᠠᠨ ᠤ ᠰᠢᠶᠠᠨ ᠤ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ᠂ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠭᠦᠨ ᠨᠢᠭᠡᠴᠡ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠪᠡᠶᠡᠯᠡᠭᠦᠯᠦᠭᠰᠡᠨ ᠪᠠᠶᠢᠳᠠᠯ᠂ ᠪᠦᠬᠦ ᠰᠢᠶᠠᠨ ᠤ ᠭᠠᠯ ᠤᠨ ᠭᠠᠮᠰᠢᠭ ᠤᠨ ᠪᠠᠶᠢᠳᠠᠯ᠂ ᠡᠯ᠎ᠡ ᠰᠢᠶᠠᠩ ᠪᠠᠯᠭᠠᠰᠤ ᠶᠢᠨ ᠡᠵᠡᠩᠨᠡᠯᠲᠡ ᠶᠢᠨ ᠴᠢᠨᠠᠷᠲᠠᠢ ᠥᠪᠡᠰᠦᠪᠡᠨ ᠭᠡᠷ ᠪᠠᠷᠢᠭᠰᠠᠨ ᠭᠠᠯ ᠤᠨᠲᠠᠷᠠᠭᠠᠬᠤ ᠠᠮᠤᠷ ᠲᠦᠪᠰᠢᠨ ᠤ ᠭᠡᠮ ᠰᠣᠭᠤᠭ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠪᠡ᠃ ︽ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠭᠤᠣᠯᠳᠠᠯᠭ᠎ᠠ ᠲᠠᠢ ᠨᠢᠭᠡᠴᠡ ᠶᠢᠨ ᠨᠡᠷᠡᠰ︾ ᠢ ᠤᠩᠰᠢᠨ ᠨᠡᠶᠢᠲᠡᠯᠡᠭᠰᠡᠨ ᠪᠥᠭᠡᠳ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ᠂ ᠭᠠᠯ ᠤᠨᠲᠠᠷᠠᠭᠠᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃
      ᠸᠠᠩ ᠶᠦᠩ ᠵᠢᠶᠠ ᠱᠠᠭᠠᠷᠳᠠᠭᠰᠠᠨ ᠨᠢ᠂ ᠨᠢᠭᠡ ᠳᠤ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠦᠭᠡᠢ᠂ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ ᠪᠣᠳᠣᠯᠬᠢᠯᠠᠬᠤ ᠤᠬᠠᠮᠰᠠᠷ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠬᠤᠶᠠᠷ ᠲᠤ ᠬᠠᠷᠢᠭᠤᠴᠠᠯᠭ᠎ᠠ ᠶᠢ ᠲᠣᠳᠣᠷᠬᠠᠢ ᠪᠣᠯᠭᠠᠬᠤ ᠬᠡᠷᠡᠭᠲᠡᠢ᠃ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ᠂ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠨᠦᠭᠦᠳ ᠬᠠᠷᠢᠶ᠎ᠠ ᠭᠠᠵᠠᠷ ᠤᠨ ᠢᠶᠠᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠢᠯ ᠲᠦᠷᠦᠯ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠵᠢᠴᠢ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠱᠠᠯᠠᠪᠳᠠᠨ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠵᠢᠯᠣᠭᠤᠳᠤᠯᠭ᠎ᠠ ᠪᠠ ᠰᠢᠳᠬᠡᠯ ᠢ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠪᠣᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠡᠯ᠎ᠡ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠳ ᠵᠠᠰᠠᠭ ᠠᠵᠤ ᠠᠬᠤᠶᠢᠯᠠᠯ ᠤᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠦᠢᠯᠡᠴᠢᠯᠡᠭᠡ ᠪᠠᠨ ᠲᠠᠰᠤᠷᠠᠯᠲᠠ ᠦᠭᠡᠢ ᠰᠢᠯᠢᠳᠡᠭᠵᠢᠭᠦᠯᠦᠨ᠂ ᠠᠵᠤ ᠠᠬᠤᠶᠢᠯᠠᠯ ᠳᠤ ᠬᠦᠴᠦᠨ ᠨᠡᠮᠡᠷᠢᠯᠡᠬᠦ ᠪᠠᠷ ᠪᠠᠷᠠᠬᠤ ᠦᠭᠡᠢ ᠪᠠᠰᠠ ᠬᠠᠤᠯᠢ ᠲᠣᠭᠲᠠᠭᠠᠯ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠵᠣᠷᠢᠭᠲᠠᠢ ᠪᠠᠷ ᠰᠢᠳᠬᠡᠨ ᠲᠣᠷᠭᠠᠵᠤ᠂ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠪᠠᠳᠠᠷᠠᠭᠤᠯᠬᠤ ᠬᠡᠷᠡᠭᠲᠡᠢ᠃ ᠭᠤᠷᠪᠠ ᠳᠤ ᠭᠡᠮ ᠰᠣᠭᠤᠭ ᠢ ᠵᠢᠭᠰᠠᠭᠠᠨ ᠪᠠᠶᠢᠴᠠᠭᠠᠬᠤ ᠠᠵᠢᠯ ᠢ ᠴᠢᠩᠬᠠᠣᠠᠬᠠᠨ᠎ᠠ᠃ ᠡᠯ᠎ᠡ ᠰᠢᠶᠠᠩ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠰᠢᠲᠠᠮᠠᠬᠠᠢ ᠬᠡᠢ᠂ ᠠᠶᠤᠯᠲᠠᠢ ᠬᠢᠮᠢ ᠶᠢᠨ ᠪᠣᠳᠠᠰ ᠵᠡᠷᠭᠡ ᠬᠦᠷᠢᠶ᠎ᠡ ᠴᠠᠷᠠᠭ᠎ᠠ ᠳᠤ ᠳᠡᠭᠡᠳᠦ ᠬᠡᠮᠵᠢᠶ᠎ᠡ ᠪᠠᠷ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠲᠥᠰᠥᠯ ᠲᠣᠭᠲᠠᠭᠠᠨ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠢᠯᠡᠷᠡᠭᠦᠯᠦᠭᠰᠡᠨ ᠠᠰᠠᠭᠤᠳᠠᠯ ᠳᠤ ᠨᠠᠷᠢᠨ ᠲᠠᠩᠰᠠ ᠵᠢᠭᠰᠠᠭᠠᠨ᠂ ᠡᠬᠡ ᠲᠠᠩᠰᠠ ᠪᠠᠶᠢᠭᠤᠯᠤᠨ᠂ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠲᠤᠭ᠎ᠠ ᠪᠦᠷᠢᠳᠬᠡᠯ ᠢ ᠲᠣᠳᠣᠷᠬᠠᠶᠢᠯᠠᠨ᠂ ᠪᠠᠶᠢᠳᠠᠯ ᠢ ᠲᠣᠳᠣᠷᠬᠠᠶᠢᠯᠠᠵᠤ᠂ ᠭᠡᠨᠡᠳᠲᠡ ᠶᠢᠨ ᠬᠡᠷᠡᠭ ᠢ ᠴᠠᠭ ᠲᠤᠬᠠᠢ ᠳᠤᠨᠢ ᠲᠣᠬᠢᠲᠠᠢ ᠰᠢᠢᠳᠪᠦᠷᠢᠯᠡᠬᠦ ᠶᠢ ᠦᠨᠡᠨᠬᠦ ᠪᠠᠲᠤᠯᠠᠵᠤ᠂ ᠠᠮᠤᠷ ᠠᠮᠤᠭᠤᠯᠠᠩ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠢ  ᠭᠡᠪᠡ᠃      ᠬᠤᠷᠠᠯ   ᠠᠴᠠ ᠪᠠᠰᠠ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ᠂ ᠡᠰᠢ ᠰᠦᠷᠡᠯ   ᠢ ᠨᠣᠴᠣᠭᠠᠬᠤ   ᠶᠢ ᠴᠠᠭᠠᠵᠠᠯᠠᠬᠤ ᠵᠡᠷᠭᠡ ᠠᠵᠢᠯ   ᠢ ᠲᠣᠬᠢᠷᠠᠭᠤᠯᠤᠨ ᠪᠠᠶᠢᠷᠢᠯᠠᠭᠤᠯᠵᠠᠢ᠃
 
ᠢᠷᠡᠯᠲᠡ᠄ ᠲᠦᠴᠢᠦᠸᠠᠨ ᠰᠢᠶᠠᠨ ᠤ ᠠᠷᠠᠳ  ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号