ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠩᠬᠠᠳᠤᠭᠠᠷ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/19
    3 ᠰᠠᠷ᠎ᠠ   ᠶᠢᠨ 18 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ   ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠭᠤᠸᠠᠨ ᠯᠢ ᠴᠦᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ  ᠶᠢᠨ ᠠᠩᠬᠠᠳᠤᠭᠠᠷ ᠬᠤᠷᠠᠯ  ᠢ ᠡᠷᠬᠢᠯᠡᠨ ᠬᠤᠷᠠᠯᠳᠤᠭᠤᠯᠪᠠ᠃ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ   ᠶᠢᠨ ᠬᠤᠷᠢᠶᠠᠨ ᠤ ᠳᠡᠳ᠋ ᠡᠷᠬᠢᠯᠡᠭᠴᠢ ᠼᠤᠤ ᠶᠦᠩ ᠰᠢᠨ᠂ ᠸᠠᠩ ᠸᠧᠨ ᠭᠧ᠂ ᠴᠢᠦᠢ ᠲᠦᠩ ᠨᠢᠶᠠᠨ ᠬᠤᠷᠠᠯ ᠳᠤ ᠣᠷᠣᠯᠴᠠᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ   ᠶᠢᠨ ᠭᠡᠰᠢᠭᠦᠨ᠂ ᠰᠢᠶᠠᠨ ᠤ ᠳᠡᠳ᠋ ᠳᠠᠷᠤᠭ᠎ᠠ ᠽᠠᠩ ᠬᠠᠢ ᠵᠢᠶᠠ᠂ ᠰᠢᠶᠠᠨ ᠤ ᠰᠢᠭᠦᠬᠦ ᠬᠤᠷᠢᠶᠠᠨ ᠤ ᠳᠠᠷᠤᠭ᠎ᠠ ᠴᠧᠨ ᠯᠢ᠂ ᠰᠢᠶᠠᠨ ᠤ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠭᠤᠣ ᠹᠧᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃   
       ᠬᠤᠷᠠᠯ ᠳᠡᠭᠡᠷ᠎ᠡ᠂ ᠪᠦᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭ᠎ᠠ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠤ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠳᠦᠷᠢᠮ ︽ᠲᠦᠴᠢᠦᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 2022 ᠣᠨ ᠤ ᠠᠵᠢᠯ ᠤᠨ ᠭᠤᠣᠯᠳᠠᠯᠭ᠎ᠠ︾ ︽ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠥᠯᠥᠭᠡᠯᠡᠭᠴᠢ ᠶᠢᠨ ᠬᠢᠷᠢ ᠬᠡᠮ ᠢ ᠬᠢᠨᠠᠨ ᠪᠠᠶᠢᠴᠠᠭᠠᠬᠤ ᠵᠥᠪᠯᠡᠯ ᠤᠨ ᠪᠦᠷᠢᠯᠳᠦᠭᠦᠨ ᠤ ᠰᠠᠨᠠᠭᠤᠯᠭ᠎ᠠ ᠶᠢᠨ ᠨᠡᠷᠡᠰ︾ ᠢ ᠰᠣᠨᠣᠰᠴᠤ ᠬᠢᠨᠠᠨ ᠵᠥᠪᠯᠡᠭᠰᠡᠨ ᠪᠥᠭᠡᠳ ᠠᠵᠢᠯᠲᠠᠨ ᠤ ᠶᠠᠪᠤᠳᠠᠯ ᠤᠨ ᠲᠣᠮᠢᠯᠠᠯᠲᠠ ᠶᠢᠨ ᠵᠦᠢᠯᠡᠰ ᠢ ᠪᠠᠲᠤᠯᠠᠵᠤ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠥᠰ ᠦᠨᠳᠦᠰᠦᠨ ᠬᠠᠤᠯᠢ ᠳᠤ ᠲᠠᠩᠭᠠᠷᠢᠭᠯᠠᠪᠠ᠃  
    ᠰᠢᠨ᠎ᠡ ᠨᠢᠭᠡ ᠬᠤᠭᠤᠴᠠᠭᠠᠨ ᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ   ᠶᠢᠨ ᠬᠤᠷᠢᠶᠠᠨ ᠤ ᠪᠦᠷᠢᠯᠳᠦᠭᠦᠨ ᠨᠠᠷ ᠲᠤ ᠭᠤᠸᠠᠨ ᠯᠢ ᠴᠦᠨ᠄ ᠨᠢᠭᠡ ᠳᠤ ᠤᠯᠤᠰ ᠲᠥᠷᠥ   ᠶᠢ ᠡᠷᠬᠢᠮᠯᠡᠵᠦ᠂ ᠵᠥᠪ ᠴᠢᠭᠯᠡᠯ   ᠢ ᠪᠠᠲᠤᠳᠬᠠᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢ ᠪᠠ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠲᠠᠪᠴᠠᠩ ᠤᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠠᠴᠠ ᠭᠠᠳᠠᠨ᠎ᠠ᠂ ᠰᠢᠶᠠᠨ ᠤ ᠨᠠᠮ ᠤᠨ ᠬᠤᠷᠢᠶᠠᠨ ᠤ ᠭᠤᠣᠯ ᠠᠵᠢᠯ ᠤᠨ ᠲᠣᠭᠤᠷᠢᠨ ᠳᠤ ᠠᠷᠠᠳ ᠤᠨ ᠲᠥᠯᠥᠭᠡ  ᠦᠭᠡ ᠬᠡᠯᠡᠬᠦ ᠬᠡᠷᠡᠭᠲᠡᠢ᠃ ᠦᠵᠡᠯ ᠰᠠᠨᠠᠭᠠᠨ ᠤ ᠲᠠᠯ᠎ᠠ ᠪᠠᠷ ᠰᠢᠶᠠᠨ ᠤ ᠨᠠᠮ ᠤᠨ ᠬᠤᠷᠢᠶ᠎ᠠ ᠲᠠᠢ ᠰᠡᠳᠬᠢᠯ ᠰᠠᠨᠠᠭ᠎ᠠ ᠪᠠᠨ ᠨᠢᠭᠡᠳᠬᠡᠵᠦ᠂ ᠠᠵᠢᠯᠯᠠᠭ᠎ᠠ ᠶᠢᠨ ᠲᠠᠯ᠎ᠠ ᠪᠠᠷ ᠰᠢᠶᠠᠨ ᠤ ᠨᠠᠮ ᠤᠨ ᠬᠤᠷᠢᠶ᠎ᠠ ᠲᠠᠢ ᠢᠵᠢᠯ ᠴᠢᠭᠯᠡᠯ ᠲᠠᠢ ᠪᠠᠶᠢᠵᠤ᠂ ᠨᠠᠶᠢᠳᠠᠪᠤᠷᠢᠵᠢᠭᠤᠯᠤᠯᠲᠠ ᠶᠢᠨ ᠲᠠᠯ᠎ᠠ ᠪᠠᠷ ᠰᠢᠶᠠᠨ ᠤ ᠨᠠᠮ ᠤᠨ ᠬᠤᠷᠢᠶ᠎ᠠ ᠲᠠᠢ ᠢᠵᠢᠯ ᠠᠯᠬᠤᠮ ᠲᠠᠢ ᠪᠠᠶᠢᠬᠤ ᠬᠡᠷᠡᠭᠲᠡᠢ᠃ ᠬᠤᠶᠠᠷ ᠲᠤ ᠰᠤᠷᠤᠯᠴᠠᠯᠭ᠎ᠠ ᠶᠢ ᠴᠢᠬᠤᠯᠠᠴᠢᠯᠠᠵᠤ᠂ ᠴᠢᠳᠠᠪᠤᠷᠢ ᠶᠢᠨ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠰᠤᠷᠤᠯᠴᠠᠯᠭ᠎ᠠ ᠶᠢ ᠨᠢᠭᠡᠳᠦᠭᠡᠷ ᠬᠠᠷᠢᠭᠤᠴᠠᠯᠭ᠎ᠠ ᠪᠠ ᠬᠡᠷᠡᠭᠴᠡᠭᠡ ᠪᠠᠨ ᠪᠣᠯᠭᠠᠵᠤ᠂ ᠴᠢᠬᠤᠯᠠ ᠪᠦᠬᠦᠢ ᠤᠨᠤᠯ ᠤᠨ ᠮᠡᠳᠡᠯᠭᠡ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠬᠠᠶᠢᠯᠠᠭᠰᠠᠨ ᠠᠵᠢᠯ ᠤᠨ ᠮᠡᠳᠡᠯᠭᠡ ᠶᠢ ᠡᠵᠡᠮᠰᠢᠵᠦ᠂ ᠲᠤᠰᠢᠶᠠᠯ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠳᠤ ᠰᠠᠭᠤᠷᠢ ᠲᠠᠯᠪᠢᠬᠤ ᠬᠡᠷᠡᠭᠲᠡᠢ᠃ ᠭᠤᠷᠪᠠ ᠳᠤ ᠲᠤᠰᠢᠶᠠᠯ ᠬᠠᠷᠢᠭᠤᠴᠠᠯᠭ᠎ᠠ ᠪᠠᠨ ᠲᠣᠳᠣᠷᠬᠠᠢ ᠪᠣᠯᠭᠠᠵᠤ᠂ ᠢᠳᠡᠪᠬᠢᠲᠡᠢ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠡᠯ᠎ᠡ ᠲᠦᠷᠦᠯ ᠤᠨ ᠬᠤᠷᠠᠯᠳᠤᠭᠠᠨ ᠳᠤ ᠴᠠᠭ ᠲᠤᠬᠠᠢ ᠳᠤᠨᠢ ᠣᠷᠣᠯᠴᠠᠵᠤ᠂ ᠪᠠᠶᠢᠴᠠᠭᠠᠨ ᠰᠤᠳᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠲᠥᠯᠥᠭᠡᠯᠡᠭᠴᠢᠳ ᠪᠠ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠣᠷᠤᠯᠴᠠᠬᠤ᠂ ᠬᠢᠨᠠᠯᠲᠠ ᠲᠠᠯᠪᠢᠵᠤ ᠬᠠᠮᠵᠢᠯᠴᠠᠬᠤ᠂ ᠬᠥᠭᠦᠷᠭᠡ ᠬᠤᠯᠪᠣᠭᠠᠰᠤ᠂ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠳᠥᠷᠪᠡ ᠳᠤ ᠬᠤᠷᠢᠭ᠎ᠠ ᠱᠤᠭᠤᠮ ᠢ ᠰᠠᠬᠢᠵᠤ᠂ ᠠᠵᠢᠯᠴᠢ ᠬᠢᠴᠢᠶᠡᠩᠭᠦᠢ ᠪᠠᠷ ᠵᠠᠰᠠᠭ ᠪᠠᠷᠢᠵᠤ ᠠᠷᠢᠭᠤᠨ ᠴᠢᠬᠡᠴᠢ ᠪᠠᠷ ᠵᠠᠰᠠᠭ ᠪᠠᠷᠢᠬᠤ ᠬᠡᠷᠡᠭᠲᠡᠢ᠃ ᠴᠠᠭ ᠦᠶ᠎ᠡ ᠶᠢᠨ ᠬᠥᠭᠵᠢᠯᠲᠡ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠬᠠᠤᠯᠢ ᠴᠠᠭᠠᠵᠠ ᠪᠠ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠶᠢ ᠤᠬᠠᠮᠰᠠᠷ ᠠᠴᠠ ᠪᠠᠨ ᠰᠠᠬᠢᠬᠤ ᠬᠡᠷᠡᠭᠲᠡᠢ᠃ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ ᠮᠠᠨ ᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠦᠬᠦᠯᠢ ᠴᠣᠭᠴᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠬᠦᠯᠦᠨ᠎ᠡ ᠭᠡᠪᠡ᠃
 
ᠢᠷᠡᠯᠲᠡ᠄ ᠲᠦᠴᠢᠦᠸᠠᠨ ᠰᠢᠶᠠᠨ ᠤ ᠠᠷᠠᠳ  ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号