ᠠᠮᠢ ᠠᠬᠤᠢ ᠶᠢᠨ ᠣᠶ ᠬᠠᠮᠠᠭᠠᠯᠠᠭᠴᠢ ᠫᠠᠩ ᠶᠢᠨ ᠯᠦᠩ | | | | | | | ᠫᠠᠩ ᠶᠢᠨ ᠯᠦᠩ ᠪᠣᠯ ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠯᠢᠦ ᠬᠤ᠋ ᠪᠠᠯᠭᠠᠰᠣᠨ ᠤ ᠾᠧ ᠱᠧᠩ | ᠲᠣᠰᠬᠤᠨ ᠤ ᠨᠢᠭᠡᠨ ᠡᠩ ᠤᠨ ᠠᠮᠢ ᠠᠬᠤᠢ ᠶᠢᠨ ᠤᠢ ᠰᠢᠭᠤᠢ ᠶᠢᠨ ᠬᠠᠮᠠᠭᠠᠯᠠᠭᠴᠢ ᠪᠣᠯᠣᠨ᠎ᠠ᠂ ᠤᠢ ᠰᠢᠭᠤᠢ ᠶᠢ | ᠬᠠᠮᠠᠭᠠᠯᠠᠵᠤ ᠭᠠᠯ ᠢ ᠰᠡᠷᠭᠡᠶᠢᠯᠡᠬᠦ ᠪᠠ ᠪᠤᠰᠤᠳ ᠤᠢ ᠰᠢᠭᠤᠢ ᠶᠢᠨ ᠦᠢᠯᠡᠰ ᠤᠨ ᠠᠵᠢᠯ ᠤᠨ ᠠᠯᠢᠨ ᠳᠤᠨᠢ ᠴᠤ | ᠭᠡᠰᠡᠨ ᠬᠡᠷᠡᠭᠴᠡᠭᠡ ᠲᠠᠢ ᠯᠡ ᠶᠤᠮ ᠪᠣᠯ ᠫᠠᠩ ᠶᠢᠨ ᠯᠦᠩ ᠶᠡᠷᠦᠨᠢ ᠭᠡᠷ ᠤᠨ ᠢᠶᠠᠨ ᠠᠯᠢᠪᠠ ᠶᠠᠪᠤᠳᠠᠯ ᠢ ᠤᠷᠬᠢᠵᠤ᠂ | ᠶᠠᠪᠤᠳᠠᠯ ᠪᠣᠯᠭᠠᠨ ᠢ ᠴᠢᠷᠮᠠᠶᠢᠨ ᠰᠠᠶᠢᠲᠤᠷ ᠬᠢᠵᠦ᠂ ᠬᠠᠮᠢᠶᠠᠷᠴᠤ ᠬᠠᠮᠠᠭᠠᠯᠠᠬᠤ ᠣᠷᠣᠨ ᠤ ᠤᠢ ᠰᠢᠭᠤᠢ ᠶᠢᠨ ᠡᠬᠢ | ᠪᠠᠶᠠᠯᠢᠭ ᠤᠨ ᠠᠮᠤᠷ ᠲᠦᠪᠰᠢᠨ ᠢ ᠪᠠᠲᠤᠯᠠᠨ᠎ᠠ᠃ ᠲᠦᠷᠪᠡᠨ ᠵᠢᠯ ᠢ ᠨᠢᠭᠡ ᠯᠡ ᠡᠳᠦᠷ ᠮᠡᠲᠦ ᠪᠠᠷ᠂ ᠫᠠᠩ ᠶᠢᠨ ᠯᠦᠩ | ᠥᠪᠡᠷ ᠤᠨ ᠨᠠᠷᠢᠨ ᠬᠢᠨᠠᠮᠠᠭᠠᠢ ᠬᠠᠷᠢᠭᠤᠴᠠᠯᠭ᠎ᠠ ᠲᠠᠢ᠂ ᠠᠵᠢᠯᠴᠢ ᠬᠥᠳᠡᠯᠮᠦᠷᠢᠴᠢ ᠠᠵᠢᠯᠯᠠᠭ᠎ᠠ ᠪᠠᠷ ᠢᠶᠠᠨ ᠪᠦᠬᠦ | ᠤᠯᠤᠰ ᠤᠨ ︽ᠬᠠᠮᠤᠭ ᠤᠨ ᠭᠤᠶᠤ ᠠᠮᠢ ᠠᠬᠤᠢ ᠶᠢᠨ ᠤᠢ ᠬᠠᠮᠠᠭᠠᠯᠠᠭᠴᠢ︾ ᠭᠡᠬᠦ ᠴᠣᠯᠠ ᠶᠢ ᠰᠣᠯᠢᠵᠤ | ᠠᠪᠴᠢᠷᠠᠵᠠᠢ᠃ | ᠡᠬᠢᠨ ᠤ ᠵᠢᠯ ᠤᠳ ᠲᠤ ᠫᠠᠩ ᠶᠢᠨ ᠯᠦᠩ ᠤᠨ ᠨᠢᠭᠡ ᠭᠡᠷ ᠤᠨ ᠭᠤᠷᠪᠠᠨ ᠠᠮᠠ ᠪᠠᠷ ᠢᠶᠠᠨ ᠤᠷᠳᠤ | ᠬᠤᠭᠤᠴᠠᠭ᠎ᠠ ᠪᠠᠷ ᠭᠠᠳᠠᠨ᠎ᠠ ᠠᠵᠢᠯ ᠬᠢᠵᠦ ᠪᠠᠶᠢᠪᠠ᠃ 7 ᠵᠢᠯ ᠤᠨ ᠡᠮᠦᠨ᠎ᠡ ᠫᠠᠩ ᠶᠢᠨ ᠯᠦᠩ ᠪᠦᠰᠡᠯᠡᠭᠦᠷ | ᠨᠢᠷᠤᠭᠤᠨ ᠤ ᠳᠦᠷᠰᠦ ᠬᠤᠪᠢᠷᠠᠬᠤ ᠡᠪᠡᠳᠴᠢᠨ ᠳᠤ ᠨᠡᠷᠪᠡᠭᠳᠡᠵᠦ᠂ ᠨᠢᠭᠡ ᠭᠡᠷ ᠢᠶᠠᠷ ᠢᠶᠠᠨ ᠠᠷᠭ᠎ᠠ ᠪᠤᠰᠤ | ᠨᠤᠲᠤᠭ ᠲᠠᠭᠠᠨ ᠬᠠᠷᠢᠵᠠᠢ᠃ ᠫᠠᠩ ᠶᠢᠨ ᠯᠦᠩ ᠪᠡᠶ᠎ᠡ ᠶᠢᠨ ᠬᠥᠳᠡᠯᠮᠦᠷᠢ ᠬᠢᠬᠦ ᠶᠢᠨ ᠠᠷᠭ᠎ᠠ ᠦᠭᠡᠢ ᠪᠣᠯᠤᠭᠰᠠᠨ ᠠᠴᠠ | ᠭᠡᠷ ᠤᠨ ᠠᠮᠢᠳᠤᠷᠠᠯ ᠶᠠᠪᠤᠬᠤ ᠲᠤᠲᠤᠮ ᠮᠠᠭᠤᠳᠠᠪᠠ᠃ 2015 ᠣᠨ ᠳᠤ᠂ ᠫᠠᠩ ᠶᠢᠨ ᠯᠦᠩ ᠲᠠᠩᠰᠠ ᠡᠪᠬᠡᠮᠡᠯ | ᠪᠠᠶᠢᠭᠤᠯᠤᠨ ᠺᠠᠷᠲᠯᠠᠨ ᠳᠠᠩᠰᠠᠯᠠᠭᠰᠠᠨ ᠶᠠᠳᠠᠭᠤ ᠬᠦᠴᠢᠷᠳᠡᠯ ᠲᠠᠢ ᠡᠷᠦᠬᠡ ᠪᠠᠷ ᠢᠯᠭᠠᠨ ᠲᠠᠨᠢᠭᠳᠠᠪᠠ᠃ 2017 | ᠣᠨ ᠳᠤ᠂ ᠲᠦᠴᠢᠦᠸᠠᠨ ᠰᠢᠶᠠᠨ ᠤ ᠬᠢᠨ ᠠᠮᠢ ᠠᠬᠤᠢ ᠶᠢᠨ ᠤᠢ ᠬᠠᠮᠠᠭᠠᠯᠠᠭᠴᠢ ᠶᠢ ᠰᠣᠩᠭᠤᠨ ᠤᠷᠢᠬᠤ ᠠᠵᠢᠯ ᠢ | ᠥᠷᠨᠢᠭᠦᠯᠵᠦ᠂ ᠠᠯᠪᠠᠨ ᠵᠠᠷ ᠢ ᠣᠯᠵᠤ ᠦᠵᠡᠭᠰᠡᠨ ᠤ ᠳᠠᠷᠠᠭ᠎ᠠ᠂ ᠫᠠᠩ ᠶᠢᠨ ᠯᠦᠩ ᠲᠣᠰᠬᠤᠨ ᠤ ᠠᠷᠠᠳ ᠤᠨ | ᠵᠥᠪᠯᠡᠯ ᠳᠤ ᠭᠤᠶᠤᠴᠢᠯᠠᠯ ᠭᠠᠷᠭᠠᠪᠠ᠃ ᠲᠤᠬᠠᠢ ᠶᠢᠨ ᠦᠶ᠎ᠡ ᠳᠤ᠂ ᠲᠡᠷᠡ ᠰᠢᠨᠵᠢᠯᠡᠨ ᠪᠠᠶᠢᠴᠠᠭᠠᠬᠤ ᠠᠵᠢᠯᠲᠠᠳ ᠲᠤ᠄ | ︽ᠪᠢ ᠤᠢ ᠰᠢᠭᠤᠢ ᠶᠢᠨ ᠠᠵᠢᠯ ᠳᠤ ᠬᠠᠶᠢᠷᠠᠲᠠᠢ᠂ ᠤᠢ ᠰᠢᠭᠤᠢ ᠶᠢᠨ ᠠᠵᠢᠯ ᠢ ᠰᠠᠶᠢᠲᠤᠷ ᠬᠢᠬᠦ ᠳᠤ ᠢᠲᠡᠭᠡᠯ ᠲᠠᠢ᠂ | ᠡᠨᠡ ᠠᠵᠢᠯ ᠤᠨ ᠪᠠᠶᠢᠷᠢ ᠶᠢ ᠰᠣᠩᠭᠤᠭᠰᠠᠨ ᠶᠤᠮ ᠴᠢᠨᠢ ᠡᠨᠡ ᠠᠵᠢᠯ ᠢ ᠰᠠᠶᠢᠨ ᠬᠢᠬᠦ ᠬᠡᠷᠡᠭᠲᠡᠢ᠂ ᠤᠳᠤᠷᠢᠳᠤᠯᠭ᠎ᠠ ᠪᠠ | ᠤᠯᠠᠨ ᠲᠦᠮᠡᠨ ᠢ ᠬᠥᠰᠡᠷᠳᠡᠭᠦᠯᠬᠦ ᠦᠭᠡᠢ ᠶᠤᠮ︾ ᠭᠡᠵᠦ ᠠᠮᠠᠯᠠᠵᠠᠢ᠃ | ᠲᠡᠷᠡ ᠪᠣᠯ ᠢᠩᠬᠢᠵᠦ ᠬᠡᠯᠡᠭᠰᠡᠨ᠂ ᠪᠠᠰᠠ ᠢᠩᠬᠢᠵᠦ ᠬᠢᠭᠰᠡᠨ ᠶᠤᠮ᠃ ᠠᠮᠢ ᠠᠬᠤᠢ ᠶᠢᠨ ᠤᠢ | ᠬᠠᠮᠠᠭᠠᠯᠠᠭᠴᠢ ᠶᠢᠨ ᠡᠩᠨᠡᠭᠡ ᠳᠤ ᠣᠷᠣᠭᠰᠠᠨ ᠤ ᠲᠠᠷᠠᠭ᠎ᠠ᠂ ᠫᠠᠩ ᠶᠢᠨ ᠯᠦᠩ ᠢᠲᠡᠭᠡᠯ ᠵᠣᠷᠢᠭ ᠢᠶᠠᠨ ᠨᠡᠩ | ᠪᠠᠲᠤᠳᠬᠠᠵᠤ᠂ ᠠᠮᠢᠳᠤᠷᠠᠯ ᠳᠤ ᠬᠦᠰᠡᠯ ᠡᠷᠡᠮᠡᠯᠵᠡᠯ ᠪᠢᠯᠬᠠᠵᠤ᠂ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ | ᠲᠤᠬᠠᠢ ᠶᠢᠨ ᠦᠶ᠎ᠡ ᠶᠢᠨ ᠠᠮᠠᠯᠠᠯᠲᠠ ᠪᠠᠨ ᠭᠦᠢᠴᠡᠳᠬᠡᠵᠡᠢ᠃ | ᠬᠡᠳᠦᠶᠢᠪᠡᠷ ᠨᠢᠭᠡᠨᠲᠡ ᠬᠠᠪᠤᠷ ᠤᠨ ᠠᠭᠤᠷ ᠪᠣᠯᠤᠭᠰᠠᠨ ᠪᠣᠯᠪᠠᠴᠤ᠂ ᠡᠨᠡ ᠬᠡᠳᠦᠨ ᠡᠳᠦᠷ ᠤᠨ ᠠᠭᠠᠷ ᠤᠨ | ᠳᠤᠯᠠᠭᠠᠨ ᠬᠠᠷᠢᠨ ᠮᠠᠰᠢ ᠳᠣᠣᠷ᠎ᠠ ᠪᠠᠶᠢᠳᠠᠭ᠃ ᠫᠠᠩ ᠶᠢᠨ ᠯᠦᠩ ᠤᠤᠯ ᠤᠨ ᠬᠢ ᠲᠠᠢ ᠪᠠᠨ ᠠᠳᠠᠯᠢ ᠪᠠᠷ ᠬᠠᠮᠲᠤ | ᠠᠵᠢᠯᠯᠠᠭᠴᠢ ᠲᠠᠢ ᠪᠠᠨ ᠬᠠᠮᠳᠦᠪᠠᠷ ᠠᠭᠤᠯᠠ ᠴᠠᠭᠳᠠᠨ᠎ᠠ᠃ ᠫᠠᠩ ᠶᠢᠨ ᠯᠦᠩ ᠪᠢᠳᠡᠨ ᠳᠤ ᠬᠠᠪᠤᠷ ᠤᠨ ᠤᠯᠠᠷᠢᠯ ᠪᠣᠯ | ᠭᠠᠯ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠮᠥᠨ᠂ ᠬᠡᠭᠡᠷ᠎ᠡ ᠭᠠᠳᠠᠨ᠎ᠠ ᠭᠠᠯ ᠬᠡᠷᠡᠭᠯᠡᠬᠦ ᠬᠥᠮᠥᠨ ᠪᠠᠶᠢᠬᠤ | ᠡᠰᠡᠬᠦ ᠶᠢ ᠴᠠᠭ ᠢᠮᠠᠭᠲᠠ ᠠᠩᠬᠠᠷᠬᠤ ᠬᠡᠷᠡᠭᠲᠡᠢ ᠭᠡᠵᠦ ᠬᠡᠯᠡᠵᠦ ᠥᠭᠪᠡ᠃ ᠨᠢᠭᠡ ᠡᠪᠳᠡᠷᠬᠡᠢ ᠭᠤᠷᠪᠠᠨ ᠬᠦᠷᠳᠦᠲᠦ | ᠴᠠᠬᠢᠯᠭᠠᠨ ᠬᠥᠳᠡᠯᠭᠡᠭᠦᠷᠲᠦ ᠲᠡᠷᠭᠡ᠂ ᠨᠢᠭᠡ ᠰᠠᠯᠬᠢᠨ ᠬᠦᠴᠦ ᠪᠠᠷ ᠭᠠᠯ ᠤᠨᠲᠠᠷᠠᠭᠠᠬᠤ ᠮᠠᠰᠢᠨ᠂ ᠨᠢᠭᠡ ᠭᠠᠯ ᠪᠠᠮᠪᠠᠷ᠂ | ᠪᠠᠰᠠ ᠱᠦᠭᠦᠷ᠂ ᠠᠵᠢᠯ ᠤᠨ ᠬᠤᠪᠴᠠᠰᠤ ᠵᠡᠷᠭᠡ ᠪᠠᠶᠢᠳᠠᠭ᠂ ᠡᠨᠡ ᠪᠣᠯ ᠳᠠᠷᠤᠢ ᠫᠠᠩ ᠶᠢᠨ ᠯᠦᠩ ᠤᠨ ᠠᠭᠤᠯᠠᠨ | ᠣᠶ ᠶᠢ ᠲᠣᠭᠤᠷᠢᠨ ᠬᠠᠮᠠᠭᠠᠯᠠᠬᠤ ᠪᠠᠷᠢᠮᠵᠢᠶ᠎ᠠ ᠲᠣᠬᠢᠷᠠᠭᠤᠯᠤᠯᠲᠠ ᠪᠣᠯᠣᠨ᠎ᠠ᠃ | | | | | ︽ᠣᠳᠣ ᠪᠢᠳᠡ ᠬᠤᠶᠠᠭᠤᠯᠠ ᠬᠤᠣᠰᠯᠠᠨ ᠠᠭᠤᠯᠠᠨ ᠳᠤ ᠭᠠᠷᠴᠤ᠂ ᠡᠳᠦᠷ ᠪᠦᠷᠢ ᠶᠢᠨ ᠠᠭᠤᠯᠠ ᠶᠢ | ᠲᠣᠭᠤᠷᠢᠨ ᠪᠠᠶᠢᠴᠠᠭᠠᠬᠤ ᠴᠠᠭ ᠢ 6 ᠴᠠᠭ ᠠᠴᠠ ᠳᠣᠷᠣᠭᠰᠢ ᠪᠠᠶᠢᠯᠭᠠᠵᠤ ᠪᠣᠯᠬᠤ ᠦᠭᠡᠢ᠂ ᠠᠭᠤᠷ ᠠᠮᠢᠰᠬᠤᠯ | ᠬᠦᠢᠲᠡᠨ ᠦᠶ᠎ᠡ ᠳᠤ ᠢᠯᠡᠭᠦᠦ ᠰᠢᠭ ᠡᠮᠦᠰᠬᠦ ᠬᠡᠷᠡᠭᠲᠡᠢ᠂ ᠣᠳᠣ ᠪᠣᠯ ᠭᠠᠯ ᠢ ᠰᠡᠷᠭᠡᠶᠢᠯᠡᠬᠦ ᠤᠯᠠᠷᠢᠯ ᠪᠣᠯᠬᠤᠷ | ᠬᠥᠩᠭᠡᠨ ᠬᠠᠭᠤᠮᠠᠭᠠᠢ ᠪᠠᠷ ᠬᠠᠨᠳᠤᠵᠤ ᠪᠣᠯᠬᠤ ᠦᠭᠡᠢ︾᠃ ᠭᠡᠵᠦ ᠫᠠᠩ ᠶᠢᠨ ᠯᠦᠩ ᠬᠡᠯᠡᠪᠡ᠃ | ᠫᠠᠩ ᠶᠢᠨ ᠯᠦᠩ ᠬᠠᠮᠲᠤ ᠠᠵᠢᠯᠯᠠᠭᠰᠠᠳ ᠲᠠᠢ ᠪᠠᠨ ᠠᠭᠤᠯᠠ ᠰᠢᠭᠤᠢ ᠶᠢ ᠲᠣᠭᠤᠷᠢᠨ ᠬᠠᠮᠠᠭᠠᠯᠠᠪᠠ᠃︵ | ᠢᠷᠡᠯᠲᠡ᠄ ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ︶ | ᠤᠢ ᠰᠢᠭᠤᠢ ᠶᠢᠨ ᠦᠢᠯᠡᠰ ᠤᠨ ᠲᠤᠬᠠᠢ ᠴᠢᠩᠭ᠎ᠠ ᠬᠥᠭᠡᠭᠡᠴᠡᠯᠳᠦᠯ ᠪᠠ ᠳᠡᠭᠡᠳᠦ ᠬᠡᠮᠵᠢᠶᠡᠨ ᠤ | ᠬᠠᠷᠢᠭᠤᠴᠠᠯᠭᠠᠲᠤ ᠰᠡᠳᠬᠢᠯᠭᠡ ᠪᠠᠷ ᠢᠶᠠᠨ ᠲᠦᠷᠪᠡᠨ ᠵᠢᠯ ᠤᠨ ᠲᠤᠷᠰᠢ᠂ ᠫᠠᠩ ᠶᠢᠨ ᠯᠦᠩ ᠬᠠᠮᠢᠶᠠᠷᠤᠨ ᠬᠠᠮᠠᠭᠠᠯᠠᠬᠤ | ᠣᠷᠣᠨ ᠤ ᠥᠨᠴᠥᠭ ᠪᠤᠯᠤᠩ ᠪᠦᠬᠦᠨ ᠳᠤ ᠬᠦᠷᠴᠦ᠂ ᠲᠤᠬᠠᠢ ᠶᠢᠨ ᠭᠠᠵᠠᠷ ᠤᠨ ᠭᠠᠵᠠᠷ ᠤᠨ ᠪᠠᠶᠢᠴᠠ ᠭᠠᠵᠠᠷ ᠤᠨ | ᠭᠠᠳᠠᠷᠭᠤ᠂ ᠤᠢ ᠰᠢᠭᠤᠢ ᠶᠢᠨ ᠡᠬᠢ ᠪᠠᠶᠠᠯᠢᠭ᠂ ᠭᠠᠯ ᠤᠨ ᠭᠠᠮᠰᠢᠭ ᠤᠨ ᠭᠡᠮ ᠰᠣᠭᠤᠭ ᠢ ᠴᠡᠭᠡᠵᠢᠨ ᠳᠡᠭᠡᠨ | ᠬᠠᠳᠠᠩᠰᠢᠭᠤᠯᠵᠠᠢ᠃ ᠫᠠᠩ ᠶᠢᠨ ᠯᠦᠩ ᠠᠮᠢ ᠠᠬᠤᠢ ᠶᠢᠨ ᠬᠠᠮᠠᠭᠠᠯᠠᠭᠴᠢ ᠶᠢᠨ ᠡᠭᠡᠯ ᠵᠢᠷ ᠤᠨ ᠠᠵᠢᠯ ᠤᠨ ᠪᠠᠶᠢᠷᠢ | ᠳᠡᠭᠡᠷ᠎ᠡ ᠦᠭᠡ ᠳᠠᠭᠤᠨ ᠦᠭᠡᠢ ᠪᠠᠷ ᠬᠤᠪᠢ ᠨᠡᠮᠡᠷᠢ ᠦᠵᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ | ᠺᠠᠳ᠋ᠷ ᠤᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃ 2021 ᠣᠨ ᠤ 3 ᠰᠠᠷ᠎ᠠ ᠶᠢᠨ | 22 ᠤᠨ ᠡᠳᠦᠷ᠂ ᠲᠥᠪ ᠤᠨ ᠲᠧᠯᠸᠢᠰ ᠬᠤᠷᠢᠶ᠎ᠠ ᠳᠤ ᠶᠠᠪᠤᠭᠳᠠᠭᠰᠠᠨ ︽ᠭᠢᠯᠠᠯᠵᠠᠭᠰᠠᠨ ᠨᠡᠷ᠎ᠡ ︱ ᠬᠠᠮᠤᠭ ᠤᠨ | ᠭᠤᠶᠣ ᠠᠮᠢ ᠠᠬᠤᠢ ᠶᠢᠨ ᠣᠶ ᠬᠠᠮᠠᠭᠠᠯᠠᠭᠴᠢ︾ ᠶᠢ ᠨᠡᠶᠢᠲᠡᠯᠡᠬᠦ ᠪᠠ ᠱᠠᠩᠨᠠᠯ ᠣᠯᠭᠤᠬᠤ ᠶᠣᠰᠣᠯᠠᠯ ᠳᠡᠭᠡᠷ᠎ᠡ᠂ ᠫᠠᠩ | ᠶᠢᠨ ᠯᠦᠩ ᠪᠥᠬᠦ ᠤᠯᠤᠰ ᠤᠨ ︽ᠬᠠᠮᠤᠭ ᠤᠨ ᠭᠤᠶᠣ ᠠᠮᠢ ᠠᠬᠤᠢ ᠶᠢᠨ ᠣᠶ ᠬᠠᠮᠠᠭᠠᠯᠠᠭᠴᠢ︾ ᠶᠢᠨ ᠢᠷᠠᠭᠤ | ᠠᠯᠳᠠᠷ ᠢ ᠭᠥᠷᠳᠡᠪᠡ᠃ | | | | | ᠫᠠᠩ ᠶᠢᠨ ᠯᠦᠩ ᠪᠥᠬᠦ ᠤᠯᠤᠰ ᠤᠨ ︽ᠬᠠᠮᠤᠭ ᠤᠨ ᠭᠤᠶᠣ ᠠᠮᠢ ᠠᠬᠤᠢ ᠶᠢᠨ ᠣᠶ ᠬᠠᠮᠠᠭᠠᠯᠠᠭᠴᠢ︾ ᠶᠢᠨ | ᠢᠷᠠᠭᠤ ᠠᠯᠳᠠᠷ ᠢ ᠭᠥᠷᠳᠡᠪᠡ᠃ | ᠫᠠᠩ ᠶᠢᠨ ᠯᠦᠩ ᠠᠮᠢ ᠠᠬᠤᠢ ᠶᠢᠨ ᠣᠶ ᠬᠠᠮᠠᠭᠠᠯᠠᠭᠴᠢ ᠪᠠᠷ ᠤᠷᠢᠭᠳᠠᠭᠰᠠᠨ ᠤ ᠳᠠᠷᠠᠭ᠎ᠠ᠂ ᠰᠢᠶᠠᠨ ᠤ | ᠶᠠᠳᠠᠭᠤ ᠶᠢ ᠲᠡᠳᠬᠦᠬᠦ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ︽ᠠᠳᠠᠯ ᠦᠢᠯᠡᠰ ᠴᠣᠭᠴᠠᠯᠠᠵᠤ ᠪᠠᠶᠠᠵᠢᠨ | ᠴᠢᠨᠡᠭᠡᠯᠢᠭᠵᠢᠬᠦ ᠳᠠᠭᠠᠭᠤᠯᠤᠭᠴᠢ︾ ᠪᠣᠯᠪᠠᠰᠤᠷᠠᠯ ᠤᠨ ᠠᠩᠭᠢ ᠶᠢᠨ ᠰᠤᠷᠤᠯᠴᠠᠯᠭ᠎ᠠ ᠳᠤ ᠣᠯᠠᠨ ᠤᠳᠠᠭ᠎ᠠ | ᠣᠷᠣᠯᠴᠠᠭᠰᠠᠨ ᠢᠶᠠᠷ ᠪᠠᠷᠠᠬᠤ ᠦᠭᠡᠢ ᠪᠠᠰᠠ ᠦᠷᠭᠦᠯᠵᠢ ᠭᠠᠳᠠᠭᠰᠢ ᠭᠠᠷᠴᠤ ᠳᠠᠷᠢᠵᠤ ᠲᠡᠵᠢᠭᠡᠬᠦ ᠮᠡᠷᠭᠡᠵᠢᠯ | ᠰᠤᠷᠤᠯᠴᠠᠳᠠᠭ᠃ ᠵᠠᠰᠠᠭ ᠤᠨ ᠣᠷᠳᠣᠨ ᠤ ᠳᠡᠮᠵᠢᠯᠭᠡ ᠳᠣᠣᠷ᠎ᠠ᠂ 2017 ᠣᠨ ᠳᠤ᠂ ᠫᠠᠩ ᠶᠢᠨ ᠯᠦᠩ ᠲᠦᠮᠡᠨ | ᠲᠥᠭᠦᠷᠢᠭ ᠤᠨ ᠤᠢ ᠬᠠᠮᠠᠭᠠᠯᠠᠭᠴᠢ ᠶᠢᠨ ᠴᠠᠯᠢᠩ ᠢᠶᠠᠷ ᠢᠶᠠᠨ 7 ᠨᠠᠷᠢᠨ ᠰᠡᠭᠦᠯᠲᠦ ᠬᠤᠨᠢ ᠬᠤᠳᠠᠯᠳᠤᠨ ᠠᠪᠴᠤ᠂ | ᠪᠠᠰᠠ ᠣᠶᠢᠲᠤ ᠭᠠᠵᠠᠷ ᠲᠤ ᠵᠢᠮᠢᠰ ᠤᠨ ᠮᠣᠳᠣ ᠲᠠᠷᠢᠬᠤ ᠶᠢ ᠳᠠᠭᠠᠭᠠᠴᠢᠯᠠᠪᠠ᠃ 2017 ᠣᠨ ᠤ ᠰᠡᠭᠦᠯᠴᠢ | ᠪᠣᠯᠬᠤ ᠳᠤ᠂ ᠫᠠᠩ ᠶᠢᠨ ᠯᠦᠩ ᠤᠨ ᠬᠢᠨ ᠤ ᠬᠥᠮᠥᠨ ᠳᠤᠮᠳᠠᠴᠢ ᠶᠢᠨ ᠣᠷᠣᠯᠭ᠎ᠠ 6000 ᠭᠠᠷᠤᠢ ᠲᠥᠭᠦᠷᠢᠭ ᠲᠤ | ᠬᠦᠷᠴᠦ᠂ ᠤᠳᠤ ᠶᠢᠨ ᠫᠠᠩ ᠶᠢᠨ ᠯᠦᠩ ᠨᠢᠭᠡᠨᠲᠡ ᠲᠤᠬᠠᠢ ᠶᠢᠨ ᠭᠠᠵᠠᠷ ᠤᠨ ᠨᠠᠷᠠᠲᠠᠢ ᠠᠵᠤ ᠦᠢᠯᠡᠰ ᠤᠨ | ᠶᠠᠳᠠᠭᠤ ᠠᠴᠠ ᠠᠩᠭᠢᠵᠢᠷᠠᠭᠤᠯᠬᠤ ᠵᠢᠱᠢᠶ᠎ᠡ ᠦᠵᠡᠭᠦᠯᠬᠦ ᠡᠷᠦᠬᠡ ᠪᠣᠯᠵᠠᠢ᠃ | ᠥᠨᠥᠳᠥᠷ᠂ ᠭᠡᠷ ᠪᠦᠯᠢ ᠪᠠᠷ ᠢᠶᠠᠨ ᠶᠠᠳᠠᠭᠤ ᠠᠴᠠ ᠠᠩᠭᠢᠵᠢᠷᠠᠵᠤ ᠪᠠᠶᠠᠵᠢᠨ ᠴᠢᠨᠡᠭᠡᠯᠢᠭᠵᠢᠬᠦ ᠵᠠᠮ ᠢᠶᠠᠷ | ᠵᠠᠮᠨᠠᠵᠤ᠂ ᠬᠦᠦ ᠨᠢ ᠨᠢᠭᠡᠨᠲᠡ ᠬᠤᠷᠢᠮᠯᠠᠭᠠᠳ ᠬᠡᠦᠬᠡᠳ ᠲᠠᠢ ᠪᠣᠯᠵᠠᠢ᠂ ᠪᠥᠬᠦ ᠭᠡᠷ ᠢᠶᠠᠷ ᠢᠶᠠᠨ ᠵᠣᠯ ᠵᠢᠷᠭᠠᠯᠲᠤ | ᠠᠮᠢᠳᠤᠷᠠᠯ ᠤᠨ ᠲᠥᠯᠥᠭᠡ ᠴᠢᠷᠮᠠᠶᠢᠵᠤ ᠪᠠᠶᠢᠬᠤ ᠶᠢ ᠬᠠᠷᠠᠭᠠᠳ ᠫᠠᠩ ᠶᠢᠨ ᠯᠦᠩ ᠴᠦ ᠢᠲᠡᠭᠡᠯ ᠳᠦᠭᠦᠷᠡᠩ ᠪᠠᠶᠢᠯ᠎ᠠ᠂ | ︽ᠬᠤᠶᠢᠰᠢᠳᠠ ᠪᠢ ᠠᠭᠤᠯᠠ ᠤᠰᠤ ᠪᠠᠨ ᠦᠷᠭᠦᠯᠵᠢᠯᠡᠨ ᠰᠠᠶᠢᠲᠤᠷ ᠰᠠᠬᠢᠨ ᠬᠠᠮᠠᠭᠠᠯᠠᠨ᠎ᠠ᠂ ᠬᠥᠬᠡᠮᠳᠦᠭ ᠨᠣᠭᠤᠭᠠᠨ | ᠠᠭᠤᠯᠠ ᠤᠰᠤ ᠲᠠᠢ ᠪᠣᠯᠪᠠᠯ᠂ ᠬᠤᠵᠢᠮ ᠤᠨ ᠠᠮᠢᠳᠤᠷᠠᠯ ᠶᠠᠪᠤᠬᠤ ᠲᠤᠲᠤᠮ ᠰᠠᠶᠢᠵᠢᠷᠠᠬᠤ ᠪᠣᠯᠣᠨ᠎ᠠ︾ ᠭᠡᠵᠡᠢ᠃ | | | |