ᠯᠢ ᠬᠤᠩ ᠼᠠᠢ ᠲᠦᠴᠢᠦᠸᠠᠨ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/3/21
     3 ᠰᠠᠷ᠎ᠠ ᠶᠢᠨ 19 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠬᠤᠩ ᠼᠠᠢ ᠲᠦᠴᠢᠦᠸᠠᠨ ᠰᠢᠶᠠᠨ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠠᠷᠢᠶᠠᠯᠠᠩ ᠮᠠᠯ ᠠᠵᠤ ᠠᠬᠤᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃    
     ᠶᠦᠩ ᠠᠨ ᠪᠠᠯᠭᠠᠰᠤ᠂ ᠯᠢᠦ  ᠬᠤ᠋ ᠪᠠᠯᠭᠠᠰᠤ᠂  ᠲᠦᠷᠦᠯᠵᠢ ᠪᠠᠯᠭᠠᠰᠤ ᠪᠣᠯᠣᠨ   ᠲᠠᠢ ᠫᠢᠩ ᠰᠢᠶᠠᠩ ᠳᠤ᠂ ᠯᠢ ᠬᠤᠩ ᠼᠠᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠪᠣᠯᠣᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠦᠢᠯᠡᠳᠪᠦᠷᠢᠯᠡᠯ᠂ ᠬᠦᠷᠢᠶᠡᠨ ᠤ ᠠᠵᠤ ᠠᠬᠤᠢ᠂ ᠰᠢᠷ᠎ᠠ ᠪᠤᠷᠴᠠᠭ ᠤᠨ ᠦᠷ᠎ᠡ ᠶᠢ ᠥᠷᠭᠡᠳᠬᠡᠭᠰᠡᠨ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠬᠤᠯᠪᠣᠭᠳᠠᠯ ᠪᠦᠬᠦᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠲᠡᠷᠡ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠵᠠᠩᠭᠢᠯᠠᠭ᠎ᠠ ᠪᠣᠯᠣᠨ᠎ᠠ᠂ ᠣᠨᠴᠠᠯᠢᠭᠲᠤ ᠳᠠᠪᠠᠭᠤᠯᠢᠭ ᠠᠵᠤ ᠦᠢᠯᠡᠰ ᠢ ᠪᠣᠶᠢᠵᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠲᠦᠷᠦᠯ ᠵᠦᠢᠯ ᠤᠨ ᠤᠷᠳᠤ ᠬᠤᠭᠤᠴᠠᠭ᠎ᠠ ᠪᠠᠷ ᠦᠷᠭᠦᠯᠵᠢᠯᠡᠨ ᠬᠥᠭᠵᠢᠬᠦ ᠶᠢ ᠪᠠᠲᠤᠯᠠᠬᠤ ᠬᠡᠷᠡᠭᠲᠡᠢ᠃ ᠠᠶᠢᠯ ᠲᠣᠰᠬᠤᠨ ᠤ ᠲᠥᠯᠦᠪᠵᠢᠭᠦᠯᠭᠡ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠦᠷᠢᠶᠡᠨ ᠤ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠳᠠᠰᠤᠷᠠᠯᠳᠠ ᠦᠭᠡᠢ ᠰᠠᠶᠢᠵᠢᠷᠠᠭᠤᠯᠵᠤ᠂ ᠣᠷᠣᠰᠢᠨ ᠰᠠᠭᠤᠬᠤ ᠳᠤ ᠲᠣᠬᠢᠷᠠᠬᠤ ᠦᠢᠯᠡᠰ ᠪᠣᠰᠬᠠᠬᠤ ᠳᠤ ᠲᠣᠬᠢᠷᠠᠬᠤ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠵᠢᠯᠣᠭᠤᠳᠤᠯᠭ᠎ᠠ ᠪᠣᠯᠣᠨ ᠦᠢᠯᠡᠴᠢᠯᠡᠭᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠥᠷᠨᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠪᠠᠲᠤᠯᠠᠵᠤ᠂ ᠴᠠᠭ ᠲᠤᠬᠠᠢ ᠳᠤᠨᠢ ᠠᠨᠵᠢᠰᠤ ᠪᠠᠷ ᠲᠠᠷᠢᠬᠤ ᠶᠢ ᠪᠠᠲᠤᠯᠠᠬᠤ ᠬᠡᠷᠡᠭᠲᠡᠢ᠃ ᠰᠢᠷ᠎ᠠ ᠪᠤᠷᠴᠠᠭ ᠤᠨ ᠦᠷ᠎ᠡ ᠶᠢ ᠥᠷᠭᠡᠳᠬᠡᠬᠦ ᠠᠵᠢᠯ ᠢ ᠤᠷᠢᠳᠴᠢᠯᠠᠨ ᠲᠥᠯᠥᠪᠵᠢᠭᠦᠯᠦᠨ ᠲᠣᠬᠢᠷᠠᠭᠤᠯᠵᠤ᠂ ᠲᠠᠷᠢᠬᠤ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠴᠢᠨᠠᠷ ᠰᠠᠶᠢᠲᠠᠢ ᠪᠠᠷ ᠰᠠᠶᠢᠲᠤᠷ ᠪᠠᠶᠢᠭᠤᠯᠵᠤ᠂ ᠨᠢᠭᠡ ᠬᠡᠰᠡᠭ ᠪᠠᠶᠢᠭᠤᠯᠵᠤ᠂ ᠨᠢᠭᠡ ᠬᠡᠰᠡᠭ ᠦᠷ᠎ᠡ ᠠᠰᠢᠭ ᠢ ᠪᠠᠳᠠᠷᠠᠭᠤᠯᠬᠤ ᠶᠢ ᠪᠠᠲᠤᠯᠠᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠵᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃  
        ᠲᠦᠴᠢᠦᠸᠠᠨ ᠰᠢᠶᠠᠨ ᠪᠣᠯᠣᠨ ᠬᠢᠷᠢᠨ ᠮᠤᠵᠢ ᠶᠢᠨ ᠬᠢᠯᠢ ᠳᠠᠬᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠭᠤᠮᠲᠠ ᠳᠤ᠂ ᠯᠢ ᠬᠤᠩ ᠼᠠᠢ ᠨᠢᠭᠡᠳᠦᠭᠡᠷ ᠹᠷᠣᠨᠲ ᠢ ᠪᠠᠲᠤ ᠰᠠᠬᠢᠵᠤ ᠪᠠᠶᠢᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠥᠮᠥᠰ ᠢ ᠪᠣᠯᠭᠤᠭᠠᠨ ᠲᠣᠬᠤᠨᠢᠭᠤᠯᠵᠠᠢ᠃ ᠲᠡᠷᠡ ᠴᠢᠬᠤᠯᠠᠴᠢᠯᠠᠭᠰᠠᠨ ᠨᠢ᠂ ᠬᠢᠯᠢ   ᠶᠢᠨ ᠪᠣᠭᠤᠮᠲᠠ ᠪᠣᠯ ᠭᠠᠳᠠᠭᠠᠳᠤ   ᠠᠴᠠ ᠣᠷᠣᠭᠤᠯᠬᠤ ᠴᠢᠨᠠᠷᠲᠠᠢ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ   ᠶᠢ ᠰᠡᠷᠭᠡᠶᠢᠯᠡᠬᠦ ᠨᠢᠭᠡᠳᠦᠭᠡᠷ ᠰᠡᠷᠭᠡᠶᠢᠯᠡᠯᠲᠡ   ᠶᠢᠨ ᠱᠤᠭᠤᠮ ᠮᠥᠨ᠂ ᠬᠢᠵᠢᠭ ᠤᠨ ᠪᠠᠶᠢᠳᠠᠯ   ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠠᠷᠭ᠎ᠠ ᠬᠡᠮᠵᠢᠶ᠎ᠡ   ᠶᠢ ᠴᠢᠩᠭ᠎ᠠ ᠪᠥᠭᠡᠳ ᠨᠠᠷᠢᠨ᠂ ᠪᠣᠳᠠᠲᠠᠢ  ᠨᠠᠶᠢᠳᠠᠪᠤᠷᠢᠵᠢᠭᠤᠯᠵᠤ᠂ ᠪᠣᠭᠤᠮᠲᠠ   ᠶᠢ ᠪᠠᠲᠤ ᠰᠠᠬᠢᠵᠤ᠂ ᠰᠡᠷᠭᠡᠶᠢᠯᠡᠯᠲᠡ   ᠶᠢᠨ ᠱᠤᠭᠤᠮ   ᠢ ᠪᠠᠲᠤ ᠰᠠᠬᠢᠬᠤ ᠬᠡᠷᠡᠭᠲᠡᠢ ᠭᠡᠵᠡᠢ᠃    
     ᠯᠢ ᠬᠤᠩ ᠼᠠᠢ ᠨᠠᠷ ᠪᠠᠰᠠ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠵᠠᠭᠪᠤᠷ ᠤᠨ ᠰᠢᠨ᠎ᠡ ᠶᠢ ᠡᠭᠦᠳᠬᠦ ᠪᠠ ᠬᠥᠳᠡᠭᠡ ᠲᠣᠰᠬᠤᠨ ᠤ ᠵᠤᠭᠠᠴᠠᠯ᠂ ᠲᠥᠬᠦᠭᠡᠷᠦᠮᠵᠢᠲᠦ ᠲᠠᠷᠢᠶᠠᠯᠠᠩ ᠢ ᠬᠥᠭᠵᠢᠭᠦᠯᠬᠦ ᠵᠢᠴᠢ ᠸᠧᠨ ᠭᠤᠸᠠᠨ ᠵᠢᠮᠢᠰ ᠤᠨ ᠰᠠᠭᠤᠷᠢᠨ  ᠭᠠᠵᠠᠷ ᠢ ᠪᠦᠲᠦᠭᠡᠨ ᠪᠠᠶᠢᠭᠤᠯᠬᠤ ᠵᠡᠷᠭᠡ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠵᠡᠢ᠃
 
ᠢᠷᠡᠯᠲᠡ᠄ ᠲᠦᠴᠢᠦᠸᠠᠨ ᠰᠢᠶᠠᠨ ᠤ ᠠᠷᠠᠳ  ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号