ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2022/3/22
     3 ᠰᠠᠷ᠎ᠠ ᠶᠢᠨ 18 ᠤ ᠡᠳᠦᠷ᠂ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ  ᠤᠨ‌ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ᠂  ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠡᠷᠦᠩᠬᠡᠢ ᠱᠦᠵᠢ ᠰᠢ ᠶᠢᠨ ᠫᠢᠩ ᠲᠥᠪ ᠤᠨ ᠨᠠᠮ ᠤᠨ ᠰᠤᠷᠭᠠᠭᠤᠯᠢ ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶᠠᠨ ᠤ ᠵᠣᠷᠢᠭ ᠰᠠᠨᠠᠭ᠎ᠠ᠂ 3 ᠰᠠᠷ᠎ᠠ ᠶᠢᠨ 17 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠪᠠ᠃          ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ᠂ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠦᠬᠡ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠠᠶᠢᠮᠠᠭ ᠤᠨ ᠵᠠᠬᠢᠷᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠭᠦᠨ ᠵᠢᠶᠠᠩ ᠲᠢᠶᠠᠨ  ᠬᠤ᠋᠂ ᠬᠤᠩ ᠭᠤᠸᠠᠨ᠂ ᠾᠧ ᠸᠧᠢ ᠯᠢ᠂ ᠯᠢᠦ ᠮᠢᠨ᠂ ᠰᠦᠨ ᠳ᠋ᠧ ᠮᠢᠨ᠂ ᠵᠠᠩ ᠪᠢᠩ ᠢᠦᠢ ᠵᠡᠷᠭᠡ ᠤᠳᠤᠷᠢᠳᠬᠤ ᠨᠥᠬᠦᠳ ᠬᠤᠷᠠᠯ ᠳᠤ ᠣᠷᠣᠯᠴᠠᠵᠠᠢ᠃        ᠰᠦᠬᠡ ᠵᠢᠭᠠᠵᠤ ᠭᠠᠷᠭᠠᠭᠰᠠᠨ ᠨᠢ᠂  ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠬᠤ ᠶᠢ ᠣᠳᠣᠬᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ︽ᠲᠠᠪᠤᠨ ᠵᠠᠪᠠᠯ ᠶᠠᠪᠤᠬᠤ ᠵᠠᠮ︾ ᠤᠨ ᠴᠢᠬᠤᠯᠠ ᠲᠠᠨᠢᠯᠲᠠ ᠶᠢ ᠭᠦᠨᠵᠡᠭᠡᠢ ᠣᠶᠢᠯᠠᠭᠠᠵᠤ᠂ ᠤᠯᠤᠰ ᠲᠦᠷᠦ ᠶᠢᠨ ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ ᠶᠢᠨ ᠥᠨᠳᠥᠷᠴᠡ ᠠᠴᠠ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠬᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ  ᠶᠢ ᠰᠠᠭᠠᠷᠮᠠᠭᠵᠢᠭᠤᠯᠬᠤ ᠠᠵᠢᠯ ᠢ ᠢᠳᠡᠪᠬᠢᠲᠡᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠢᠰᠲ᠋ᠧᠮ ᠲᠠᠢ ᠪᠦᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠬᠤ ᠶᠢ ᠪᠠᠷᠢᠮᠲᠠᠯᠠᠵᠤ᠂ ᠨᠡᠩ ᠶᠡᠭᠡ ᠡᠷᠴᠢᠮ ᠢᠶᠠᠷ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠡᠯ᠎ᠡ ᠲᠠᠯ᠎ᠠ ᠶᠢᠨ ᠠᠵᠢᠯ ᠢ ᠨᠡᠩ ᠨᠠᠷᠢᠨ ᠨᠡᠩ ᠪᠣᠳᠠᠲᠠᠢ ᠪᠠᠷ ᠰᠠᠶᠢᠲᠤᠷ ᠬᠢᠬᠦ ᠬᠡᠷᠡᠭᠲᠡᠢ ᠭᠡᠪᠡ᠃           ᠰᠦᠬᠡ ᠴᠢᠬᠤᠯᠠᠴᠢᠯᠠᠭᠰᠠᠨ ᠨᠢ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ︽ᠵᠢᠷᠭᠤᠭᠠᠨ ᠶᠡᠭᠡ ᠰᠠᠬᠢᠯᠭ᠎ᠠ ᠪᠠᠲᠤ︾ ᠶᠢ ᠴᠢᠩᠭ᠎ᠠ ᠵᠢᠷᠤᠮᠯᠠᠵᠤ᠂ ︽ᠲᠠᠪᠤᠨ ᠪᠣᠭᠤᠮᠲᠠ︾  ᠶᠢ ᠡᠷᠡᠰ ᠰᠠᠬᠢᠵᠤ᠂ ᠢᠯᠵᠢᠷᠡᠯ ᠢ ᠡᠰᠡᠷᠭᠦᠴᠡᠵᠦ ᠬᠤᠪᠢᠷᠠᠬᠤ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠤᠬᠠᠮᠰᠠᠷ ᠠᠴᠠ ᠪᠠᠨ ᠪᠠᠲᠤ ᠪᠠᠶᠢᠭᠤᠯᠬᠤ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠷᠳᠤ ᠬᠤᠭᠤᠴᠠᠭ᠎ᠠ ᠪᠠᠷ ᠰᠠᠶᠢᠲᠤᠷ ᠠᠳᠬᠤᠵᠤ᠂ ᠪᠠᠷᠢᠮᠲᠠᠯᠠᠪᠠᠯ ᠳᠠᠷᠤᠢ ᠢᠯᠠᠯᠲᠠ ᠣᠯᠣᠨ᠎ᠠ ᠭᠡᠳᠡᠭ ᠢ ᠪᠠᠲᠤ ᠴᠡᠭᠡᠵᠢᠯᠡᠵᠦ᠂ ︽ᠭᠠᠳᠠᠭᠠᠳᠤ ᠠᠴᠠ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠲᠠᠬᠢᠨ  ᠡᠭᠦᠰᠬᠦ  ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠣᠳᠣᠯᠭ᠎ᠠ ᠶᠢ ᠴᠢᠩᠭ᠎ᠠ ᠵᠢᠷᠤᠮᠯᠠᠨ᠂ ︽ᠬᠥᠳᠡᠯᠦᠩᠭᠦᠢ ᠪᠠᠷ ᠦᠭᠡᠶᠢᠰᠭᠡᠬᠦ︾ ᠶᠡᠷᠦᠩᠬᠡᠢ ᠴᠢᠭᠯᠡᠯᠲᠡ ᠶᠢ ᠡᠷᠡᠰ ᠬᠡᠷᠡᠭᠵᠢᠭᠦᠯᠵᠦ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ ᠶᠢ ᠪᠠᠷᠢᠮᠲᠠᠯᠠᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠢᠯᠪᠡᠷ ᠪᠤᠰᠤ ᠪᠠᠷ ᠣᠯᠣᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠨᠡᠨᠬᠦ ᠪᠠᠲᠤ ᠰᠠᠬᠢᠬᠤ ᠬᠡᠷᠡᠭᠲᠡᠢ  ᠭᠡᠪᠡ᠃          ᠰᠤᠷᠤᠯᠴᠠᠯᠭ᠎ᠠ ᠶᠢᠨ ᠬᠤᠷᠠᠯ ᠳᠡᠭᠡᠷ᠎ᠡ ᠪᠠᠰᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ  ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号