ᠵᠠᠩ ᠰᠢᠶᠣᠣ ᠪᠢᠩ ᠤᠯᠠᠭᠠᠨᠬᠤᠲᠠ  ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ  ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ  ᠠᠶᠢᠮᠠᠭ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/3/22
    3 ᠰᠠᠷ᠎ᠠ ᠶᠢᠨ 16 ᠤ ᠡᠳᠦᠷ ᠠᠴᠠ 18 ᠤ  ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠵᠠᠩ ᠰᠢᠶᠣᠣ ᠪᠢᠩ ᠤᠯᠠᠭᠠᠨᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠠᠶᠢᠮᠠᠭ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠤᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠨᠳᠦᠰᠦᠲᠡᠨ ᠤ ᠪᠦᠯᠬᠦᠮᠳᠡᠯ᠂ ᠠᠮᠢ ᠠᠬᠤᠢ ᠶᠢᠨ ᠬᠠᠮᠠᠭᠠᠯᠠᠯᠲᠠ᠂ ᠠᠵᠤ ᠠᠬᠤᠢ ᠶᠢᠨ ᠠᠵᠢᠯᠯᠠᠭ᠎ᠠ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠪᠡ᠃          ᠵᠠᠩ ᠰᠢᠶᠣᠣ ᠪᠢᠩ  ᠶᠡᠬᠡᠰᠦᠮᠦ ᠨᠡᠶᠢᠭᠡᠮ ᠲᠣᠭᠤᠷᠢᠭ᠂  ᠬᠤᠩ ᠴᠢ ᠲᠣᠰᠬᠤᠨ᠂ ᠰᠢᠨ ᠱᠦᠢ ᠬᠤ᠋  ᠫᠠᠨ ᠨᠡᠶᠢᠭᠡᠮ ᠲᠣᠭᠤᠷᠢᠭ ᠪᠣᠯᠣᠨ  ᠪᠠᠶᠠᠨᠬᠤᠰᠢᠭᠤ ᠵᠢᠷᠭᠤᠳᠤᠭᠠᠷ ᠳᠤᠮᠳᠠᠳᠤ ᠰᠤᠷᠭᠠᠭᠤᠯᠢ ᠳᠤ ᠬᠦᠷᠴᠦ᠂ ᠦᠨᠳᠦᠰᠦᠲᠡᠨ ᠤ ᠪᠦᠯᠬᠦᠮᠳᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠭᠦᠨᠵᠡᠭᠡᠢ ᠣᠶᠢᠯᠠᠭᠠᠭᠰᠠᠨ ᠪᠥᠭᠡᠳ  ᠤᠯᠠᠭᠠᠨᠬᠤᠲᠠ ᠶᠢᠨ  ᠥᠨᠳᠥᠷ ᠬᠤᠷᠳᠤᠴᠠᠲᠤ ᠵᠠᠰᠠᠮᠠᠯ ᠵᠠᠮ ᠤᠨ ᠵᠡᠭᠦᠨ ᠠᠮᠠᠰᠠᠷ ᠲᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ  ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠬᠢᠨᠠᠨ ᠵᠢᠯᠤᠭᠤᠳᠴᠤ ᠪᠠᠶᠢᠴᠠᠭᠠᠪᠠ᠃ ᠲᠡᠷᠡ ᠴᠢᠬᠤᠯᠠᠴᠢᠯᠠᠭᠰᠠᠨ ᠨᠢ᠂ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠪᠠ ᠪᠥᠬᠦ ᠠᠶᠢᠮᠠᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠡᠯᠡᠳᠬᠡᠯ ᠲᠥᠰᠥᠯ ᠤᠨ ᠱᠠᠭᠠᠷᠳᠠᠯᠭ᠎ᠠ ᠶᠣᠰᠣᠭᠠᠷ ᠡᠯ᠎ᠡ  ᠵᠦᠢᠯ ᠤᠨ ᠰᠡᠷᠭᠡᠶᠢᠯᠡᠨ ᠬᠢᠵᠠᠭᠠᠷᠯᠠᠬᠤ ᠠᠵᠢᠯ ᠢ ᠪᠣᠳᠠᠲᠠᠢ ᠪᠥᠭᠡᠳ ᠨᠠᠷᠢᠨ ᠠᠳᠬᠤᠵᠤ᠂ ᠰᠠᠭᠤᠷᠢ ᠲᠤᠭ᠎ᠠ ᠶᠢ ᠪᠥᠬᠦ ᠲᠠᠯ᠎ᠠ ᠪᠠᠷ ᠲᠣᠳᠣᠷᠬᠠᠢ ᠣᠶᠢᠯᠠᠭᠠᠵᠤ᠂ ᠠᠵᠢᠯᠲᠠᠨ ᠤ ᠪᠣᠯᠪᠠᠰᠤᠷᠠᠭᠤᠯᠤᠯ ᠪᠠ ᠪᠣᠳᠠᠲᠤ ᠪᠠᠶᠢᠯᠳᠤᠭᠠᠨ ᠤ ᠰᠣᠷᠢᠯᠲᠠ ᠶᠢ ᠴᠢᠩᠭᠠᠳᠬᠠᠨ᠂ ᠬᠢᠵᠢᠭ ᠤᠨ ᠪᠠᠶᠢᠳᠠᠯ ᠤᠨ ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠰᠠᠬᠢᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠡᠢ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ ᠨᠠᠮ ᠪᠠ ᠣᠯᠠᠨ ᠲᠦᠮᠡᠨ᠂ ᠺᠠᠳ᠋ᠷ ᠪᠠ ᠣᠯᠠᠨ ᠲᠦᠮᠡᠨ ᠤ ᠬᠠᠷᠢᠴᠠᠭ᠎ᠠ ᠶᠢ ᠤᠯᠠᠮ ᠨᠢᠭᠡ ᠠᠯᠬᠤᠮ ᠨᠢᠭᠲᠠᠷᠠᠭᠤᠯᠵᠤ᠂ ᠬᠤᠰᠢᠭᠤ ᠰᠢᠶᠠᠨ ᠬᠤᠲᠠ ᠶᠢᠨ ᠤᠳᠤᠷᠢᠳᠤᠯᠭ᠎ᠠ ᠪᠠ ︽ᠬᠤᠶᠠᠷ ᠲᠥᠯᠥᠭᠡᠯᠡᠭᠴᠢ᠂ ᠨᠢᠭᠡ ᠭᠡᠰᠢᠭᠦᠨ︾ ᠲᠣᠭᠲᠠᠮᠠᠯ ᠬᠤᠭᠤᠴᠠᠭ᠎ᠠ ᠲᠠᠢ ᠪᠠᠷ ᠣᠯᠠᠨ ᠲᠦᠮᠡᠨ ᠤ ᠰᠠᠨᠠᠯ ᠢ ᠰᠣᠨᠣᠰᠬᠤ ᠳᠦᠷᠢᠮ ᠢ ᠬᠡᠷᠡᠭᠵᠢᠭᠦᠯᠵᠦ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠲᠣᠪᠣᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠡᠯᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠠᠬᠢᠭᠤᠯᠬᠤ ᠬᠤᠷᠠᠯ ᠵᠡᠷᠭᠡ ᠲᠠᠪᠴᠠᠩ ᠤᠨ ᠠᠴᠢᠶᠠᠯᠠᠪᠤᠷᠢ ᠶᠢ ᠰᠠᠶᠢᠲᠤᠷ ᠠᠰᠢᠭᠯᠠᠨ ᠪᠠᠲᠤ ᠪᠠᠬᠢ ᠴᠣᠭᠴᠠᠯᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠢᠯᠡ ᠲᠥᠷᠥᠭᠳᠡᠯ ᠲᠠᠢ ᠪᠦᠲᠦᠮᠵᠢᠲᠡᠢ ᠥᠷᠨᠢᠭᠦᠯᠵᠦ᠂ ᠬᠠᠷᠢᠯᠴᠠᠨ ᠰᠢᠭᠢᠳᠬᠦ ᠬᠡᠯᠪᠡᠷᠢ ᠶᠢᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠢᠳᠡᠪᠬᠢᠲᠡᠢ ᠪᠠᠶᠢᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤᠪᠠᠷ ᠰᠠᠭᠤᠵᠤ ᠬᠠᠮᠲᠤᠪᠠᠷ ᠰᠤᠷᠤᠯᠴᠠᠬᠤ᠂ ᠬᠠᠮᠲᠤᠪᠠᠷ ᠠᠵᠢᠯᠯᠠᠵᠤ ᠬᠠᠮᠲᠤᠪᠠᠷ ᠴᠡᠩᠭᠡᠬᠦ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠠᠬᠢᠭᠤᠯᠬᠤ ᠬᠡᠷᠡᠭᠲᠡᠢ᠃ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠰᠤᠷᠤᠭᠴᠢᠳ ᠲᠤ ᠰᠢᠨᠵᠢᠯᠡᠬᠦ ᠤᠬᠠᠭᠠᠨ ᠰᠣᠶᠣᠯ ᠤᠨ ᠮᠡᠳᠡᠯᠭᠡ ᠶᠢ ᠨᠡᠩ ᠰᠠᠶᠢᠨ ᠬᠦᠷᠲᠡᠭᠡᠵᠦ᠂ ᠦᠨᠳᠦᠰᠦᠲᠡᠨ ᠤ ᠪᠦᠯᠬᠦᠮᠳᠡᠯ ᠤᠨ ᠦᠷ᠎ᠡ ᠶᠢ ᠬᠡᠦᠬᠡᠳ ᠤᠨ ᠰᠡᠳᠬᠢᠯ ᠳᠤ ᠭᠦᠨ ᠦᠨᠳᠦᠰᠦᠯᠡᠭᠦᠯᠬᠦ ᠬᠡᠷᠡᠭᠲᠡᠢ ᠭᠡᠪᠡ᠃          ᠳᠤᠮᠳᠠᠳᠤ ᠬᠤᠰᠢᠭᠤᠨ ᠤ  ᠨᠠᠨᠳᠢᠨ ᠤᠰᠤ ᠪᠣᠬᠢᠷ ᠤᠰᠤ   ᠶᠢ  ᠰᠢᠢᠳᠪᠦᠷᠢᠯᠡᠬᠦ ᠦᠢᠯᠡᠳᠪᠦᠷᠢ᠂ ᠡᠮᠦᠨᠡᠲᠦ ᠬᠤᠰᠢᠭᠤᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ  ᠰᠢᠢᠳᠪᠦᠷᠢᠡᠯᠬᠦ ᠲᠥᠷᠥᠯ ᠵᠦᠢᠯ ᠤᠨ ᠲᠤᠬᠠᠢ ᠶᠢᠨ ᠲᠠᠯᠠᠪᠠᠶ ᠪᠠ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ᠂ ᠵᠠᠩ ᠰᠢᠶᠣᠣ ᠪᠢᠩ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠵᠢᠴᠢ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ  ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠬᠦ ᠲᠤᠰᠬᠠᠢ ᠠᠵᠢᠯᠯᠠᠭ᠎ᠠ ᠶᠢᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠱᠤᠸᠠᠩ ᠱᠠᠨ ᠴᠢᠯᠠᠭᠤ ᠮᠠᠯᠲᠠᠬᠤ ᠬᠢᠵᠠᠭᠠᠷᠲᠤ ᠺᠣᠮᠫᠠᠨᠢ ᠶᠢᠨ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠤᠬᠠᠢ ᠶᠢᠨ ᠭᠠᠵᠠᠷ ᠤᠨ ᠪᠠᠶᠢᠴᠠᠭᠠᠯᠲᠠ ᠬᠢᠪᠡ᠃ ᠲᠡᠷᠡ᠂ ᠣᠳᠣᠬᠠᠨ ᠤ ᠪᠠᠶᠢᠳᠠᠯ ᠳᠠᠭᠠᠨ ᠰᠠᠭᠤᠷᠢᠯᠠᠵᠤ᠂ ᠠᠯᠤᠰ ᠬᠡᠳᠦ ᠶᠢ ᠪᠣᠳᠣᠯᠬᠢᠯᠠᠵᠤ᠂ ᠪᠣᠬᠢᠷ ᠤᠰᠤᠨ ᠤ ᠬᠤᠭᠤᠯᠠᠢ ᠶᠢᠨ ᠲᠣᠣᠷ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠰᠢᠢᠳᠪᠦᠷᠢᠯᠡᠬᠦ ᠲᠦᠷᠦᠯ ᠵᠦᠢᠯ ᠤᠨ ᠲᠥᠯᠦᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂ ᠬᠤᠭᠤᠯᠠᠢ ᠶᠢᠨ ᠲᠣᠣᠷ ᠤᠨ ᠲᠥᠬᠦᠭᠡᠷᠦᠮᠵᠢ ᠶᠢᠨ ᠠᠵᠢᠯᠯᠠᠭᠤᠯᠵᠤ ᠪᠠᠲᠤᠯᠠᠬᠤ ᠬᠠᠮᠢᠶᠠᠷᠤᠯᠲᠠ ᠪᠠ ᠲᠣᠭᠤᠷᠢᠨ ᠪᠠᠶᠢᠴᠠᠭᠠᠵᠤ ᠬᠢᠨᠠᠨ ᠬᠡᠮᠵᠢᠬᠦ ᠶᠢ ᠴᠢᠩᠭᠠᠳᠬᠠᠵᠤ᠂ ᠳᠤᠲᠠᠭᠤᠳᠠᠯ ᠢ ᠱᠠᠯᠠᠪᠳᠠᠨ ᠨᠥᠬᠦᠪᠦᠷᠢᠯᠡᠵᠦ᠂ ᠣᠷᠴᠢᠨ ᠲᠣᠭᠤᠷᠢᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠨᠢᠭᠡᠳᠦᠭᠡᠷ ᠤᠯᠠᠷᠢᠯ ᠳᠤ ᠡᠯ᠎ᠡ ᠭᠠᠵᠠᠷ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠶᠠᠮᠠᠷ ᠪᠠᠶᠢᠬᠤ ᠲᠤᠬᠠᠢ ᠵᠠᠩ ᠰᠢᠶᠣᠣ ᠪᠢᠩ ᠮᠠᠰᠢ ᠠᠩᠬᠠᠷᠴᠤ ᠪᠠᠶᠢᠯ᠎ᠠ᠃ ᠣᠶᠢᠷ᠎ᠠ ᠶᠢᠨ ᠡᠳᠦᠷ ᠤᠳ ᠲᠤ᠂ ᠲᠡᠷᠡ ᠬᠦᠷᠢᠶᠡᠯᠡᠩ ᠲᠣᠭᠤᠷᠢᠭ ᠲᠤ ᠬᠦᠷᠴᠦ᠂ ᠠᠵᠤ ᠠᠬᠤᠶᠢᠯᠠᠯ ᠢ ᠰᠤᠷᠪᠤᠯᠵᠢᠯᠠᠵᠤ᠂ ᠲᠦᠷᠦᠯ ᠵᠦᠢᠯ ᠢ ᠦᠵᠡᠵᠦ᠂ ᠬᠢᠩᠭᠠᠨ ᠤ ᠢᠯᠢ ᠰᠦ ᠶᠢᠨ ᠦᠢᠯᠡᠰ᠂ ᠳᠤᠮᠳᠠᠳᠤ ᠬᠤᠰᠢᠭᠤᠨ ᠤ ᠱᠦᠢ ᠮᠧᠢ ᠬᠥᠳᠡᠭᠡ ᠲᠣᠰᠬᠤᠨ᠂ ᠬᠠᠨ ᠱᠠᠨ ᠰᠣᠶᠣᠯ ᠤᠨ ᠦᠢᠯᠡᠰ ᠪᠦᠲᠦᠭᠡᠬᠦ ᠶᠠᠪᠠᠭᠠᠨ ᠭᠤᠳᠤᠮᠵᠢ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠣᠶᠢᠯᠠᠭᠠᠭᠰᠠᠨ ᠪᠥᠭᠡᠳ ᠤᠯᠠᠭᠠᠨ ᠲᠠᠢ ᠠᠨ ᠡᠨᠧᠷᠭᠢ ᠬᠢᠮᠢ ᠶᠢᠨ ᠠᠵᠤ ᠦᠢᠯᠡᠳᠪᠦᠷᠢ᠂  ᠪᠠᠢ  ᠢ ᠡᠮ ᠦᠢᠯᠡᠳᠬᠦ᠂  ᠰᠧᠨ ᠬᠤᠢ ᠲᠠᠮᠠᠭ᠎ᠠ ᠶᠢᠨ ᠶᠠᠪᠤᠳᠠᠯ᠂ ᠬᠤᠩ ᠶᠦᠨ ᠠᠷᠢᠬᠢᠨ ᠤ ᠦᠢᠯᠡᠰ ᠵᠡᠷᠭᠡ ᠠᠵᠤ ᠠᠬᠤᠶᠢᠯᠠᠯ ᠤᠨ ᠦᠢᠯᠡᠳᠪᠦᠷᠢ ᠶᠢᠨ ᠲᠠᠰᠤᠭ ᠲᠤ ᠬᠦᠷᠴᠦ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠮᠠᠭᠲᠠ ᠴᠢᠩᠭ᠎ᠠ ᠠᠳᠬᠤᠵᠤ᠂ ᠲᠦᠷᠦᠯ ᠵᠦᠢᠯ ᠢᠶᠠᠷ ᠪᠠᠭᠠᠲᠤᠷ ᠢ ᠦᠨᠡᠯᠡᠬᠦ᠂ ᠳᠡᠰ ᠳᠠᠷᠠᠭᠠᠯᠠᠯ ᠢ ᠦᠨᠡᠯᠡᠬᠦ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ᠲᠦᠷᠦᠯ ᠵᠦᠢᠯ ᠤᠨ ᠬᠠᠮᠢᠶᠠᠷᠤᠯᠲᠠ ᠶᠢ ᠪᠦᠬᠦ ᠶᠠᠪᠤᠴᠠ ᠳᠤ ᠴᠢᠩᠭᠠᠳᠬᠠᠵᠤ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡ ᠶᠢ ᠰᠠᠶᠢᠲᠤᠷ ᠬᠢᠵᠦ᠂ ᠲᠦᠷᠦᠯ ᠵᠦᠢᠯ ᠢ ᠡᠷᠲᠡ ᠨᠠᠶᠢᠳᠠᠪᠤᠷᠢᠵᠢᠭᠤᠯᠬᠤ᠂ ᠡᠷᠲᠡ ᠠᠵᠢᠯ ᠡᠬᠢᠯᠡᠭᠦᠯᠬᠦ᠂ ᠡᠷᠲᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ  ᠃ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠤᠨ ᠠᠵᠢᠯᠯᠠᠭᠠᠨ ᠢ ᠲᠣᠭᠲᠠᠪᠤᠷᠢᠵᠢᠭᠤᠯᠵᠤ᠂ ᠠᠵᠤ ᠠᠬᠤᠶᠢᠯᠠᠯ ᠢ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠲᠡᠷᠢᠭᠦᠨ ᠤ ᠬᠢ ᠲᠠᠢ ᠠᠳᠠᠯᠢᠳᠬᠠᠬᠤ᠂ ᠪᠤᠵᠠᠭᠠᠶᠢᠷᠠᠨ ᠬᠦᠴᠦᠷᠬᠡᠭᠵᠢᠬᠦ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ ᠦᠢᠯᠡᠳᠬᠦᠨ ᠤ ᠥᠷᠢᠰᠦᠯᠳᠦᠬᠦ ᠬᠦᠴᠦᠨ ᠪᠠ ᠠᠵᠤ ᠦᠢᠯᠡᠰ ᠤᠨ ᠬᠥᠭᠵᠢᠯᠲᠡ ᠶᠢᠨ ᠲᠡᠰ ᠳᠠᠪᠬᠤᠷᠭ᠎ᠠ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃         ᠵᠠᠩ ᠰᠢᠶᠣᠣ ᠪᠢᠩ ᠪᠠᠰᠠ ᠮᠦ  ᠰᠧᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠾᠧ ᠹᠧᠩ ᠠᠲᠠᠷ ᠬᠠᠭᠠᠯᠪᠤᠷᠢᠯᠠᠯᠲᠠ ᠶᠢᠨ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠪᠣᠯᠣᠨ ᠬᠠᠪᠤᠷ ᠤᠨ ᠲᠠᠷᠢᠶᠠᠯᠠᠭ᠎ᠠ ᠶᠢᠨ ᠦᠷ᠎ᠡ ᠶᠢᠨ ᠬᠠᠩᠭᠠᠯᠭ᠎ᠠ ᠶᠢᠨ ᠪᠠᠶᠢᠳᠠᠯ ᠢ ᠭᠦᠨᠵᠡᠭᠡᠢ ᠣᠶᠢᠯᠠᠭᠠᠪᠠ᠃ ᠲᠡᠷᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠰᠠᠭᠤᠷᠢ ᠪᠠ ᠵᠠᠩᠭᠢᠯᠠᠭ᠎ᠠ ᠨᠢ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠤ ᠪᠤᠢ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠵᠦ᠂ ᠳᠠᠭᠠᠭᠤᠯᠤᠭᠴᠢ ᠠᠵᠤ ᠠᠬᠤᠶᠢᠯᠠᠯ ᠢ ᠢᠳᠡᠪᠬᠢᠲᠡᠢ ᠪᠣᠶᠢᠵᠢᠭᠤᠯᠤᠨ ᠪᠤᠵᠠᠭᠠᠶᠢᠷᠠᠭᠤᠯᠵᠤ᠂ ᠬᠥᠭᠵᠢᠯᠲᠡ ᠶᠢᠨ ᠳᠠᠯᠳᠠ ᠬᠦᠴᠦᠨ ᠢ ᠠᠭᠤᠳᠠᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠨᠡᠩ ᠤᠯᠠᠨ ᠮᠠᠯᠴᠢᠨ ᠲᠠᠷᠢᠶᠠᠴᠢᠨ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ᠃ ᠲᠠᠷᠢᠶᠠᠨ ᠦᠷ᠎ᠡ᠂ ᠲᠠᠷᠢᠶᠠᠨ ᠴᠢᠬᠢ᠂ ᠲᠠᠷᠢᠶᠠᠨ ᠡᠮ᠂ ᠬᠢᠮᠢ ᠶᠢᠨ ᠪᠣᠷᠳᠣᠭᠤᠷ ᠵᠡᠷᠭᠡ ᠡᠳ᠋ ᠪᠣᠳᠠᠰ ᠢ ᠲᠣᠬᠢᠷᠠᠭᠤᠯᠤᠨ ᠬᠠᠩᠭᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ᠰᠠᠨᠠᠭᠠᠴᠢᠯᠠᠭᠠᠲᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃           ᠪᠠᠶᠢᠴᠠᠭᠠᠨ ᠰᠤᠳᠤᠯᠤᠯᠲᠠ ᠳᠠᠭᠤᠰᠤᠭᠰᠠᠨ ᠤ ᠳᠠᠷᠠᠭ᠎ᠠ᠂ ᠵᠠᠩ ᠰᠢᠶᠣᠣ ᠪᠢᠩ ᠲᠣᠰ ᠲᠣᠰ  ᠤᠯᠠᠭᠠᠨᠬᠤᠲᠠ᠂ ᠡᠮᠦᠨᠡᠲᠦ ᠬᠤᠰᠢᠭᠤ᠂ ᠳᠤᠮᠳᠠᠳᠤ ᠬᠤᠰᠢᠭᠤᠨ ᠤ ᠬᠤᠯᠪᠣᠭᠳᠠᠯ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ᠂ ᠪᠦᠬᠦ ᠠᠶᠢᠮᠠᠭ ᠤᠨ ᠳᠡᠭᠡᠳᠦ ᠳᠣᠣᠷᠠᠳᠤ ᠱᠠᠲᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ  ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠢ ᠭᠦᠨᠵᠡᠭᠡᠢ ᠨᠠᠷᠢᠯᠢᠭ ᠪᠣᠳᠠᠲᠠᠶᠢᠵᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠴᠢᠩᠭᠠᠳᠬᠠᠵᠤ᠂ ᠳᠤᠮᠳᠠᠳᠤ ᠶᠢᠨ ᠰᠣᠶᠣᠯ ᠢ ᠤᠯᠠᠨ ᠢᠶᠠᠷ ᠢᠶᠠᠨ ᠰᠤᠷᠤᠯᠴᠠᠬᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠬᠠᠷᠢᠯᠴᠠᠨ ᠬᠠᠪᠰᠤᠷᠤᠯᠴᠠᠬᠤ᠂ ᠨᠠᠮ ᠤᠨ ᠦᠭᠡ ᠶᠢ ᠰᠣᠨᠣᠰᠴᠤ ᠨᠠᠮ ᠢᠶᠠᠨ ᠲᠠᠭᠠᠬᠤ᠂ ᠨᠡᠶᠢᠳᠡᠮ ᠬᠡᠷᠡᠭᠯᠡᠬᠦ ᠦᠭᠡ ᠬᠡᠯᠡ ᠪᠠᠷ ᠪᠠᠭᠰᠢ ᠶᠢ ᠬᠠᠪᠰᠤᠷᠤᠨ ᠰᠤᠷᠤᠯᠭ᠎ᠠ ᠶᠢ ᠲᠡᠳᠬᠦᠬᠦ ᠵᠡᠷᠭᠡ ᠠᠵᠢᠯᠯᠠᠭ᠎ᠠ ᠶᠢ ᠥᠷᠨᠢᠭᠦᠯᠵᠦ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ  ᠵᠢᠱᠢᠶ᠎ᠡ ᠦᠵᠡᠭᠦᠯᠬᠦ ᠠᠶᠢᠮᠠᠭ︾ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠴᠣᠭᠴᠠᠯᠠᠨ ᠪᠠᠶᠢᠭᠤᠯᠬᠤ ᠵᠢᠱᠢᠶ᠎ᠡ ᠦᠵᠡᠭᠦᠯᠬᠦ ᠠᠶᠢᠮᠠᠭ ᠢ ᠴᠢᠷᠮᠠᠶᠢᠨ ᠪᠠᠶᠢᠭᠤᠯᠬᠤ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠷᠢᠮᠲᠠᠯᠠᠵᠤ᠂ ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠴᠥᠭᠦᠷᠥᠮ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮᠵᠢᠭᠦᠯᠦᠨ ᠵᠠᠰᠠᠬᠤ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠡᠯ᠎ᠡ ᠲᠥᠷᠥᠯ ᠤᠨ ᠬᠠᠤᠯᠢ ᠶᠢ ᠵᠥᠷᠢᠴᠡᠨ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠬᠦ  ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠮᠢ ᠠᠬᠤᠢ ᠶᠢᠨ ᠣᠷᠴᠢᠨ ᠲᠣᠭᠤᠷᠢᠨ ᠤ ᠲᠦᠭᠰᠢᠭᠦᠷᠢ ᠶᠢᠨ ᠳᠠᠯᠳᠠ ᠬᠡᠮ ᠢ ᠡᠷᠡᠰ ᠠᠷᠢᠯᠭᠠᠨ᠎ᠠ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠵᠤ᠂ ᠲᠦᠷᠦᠯ ᠵᠦᠢᠯ ᠢ ᠶᠡᠬᠡᠪᠡᠷ ᠠᠳᠬᠤᠬᠤ ᠤᠳᠤᠷᠢᠳᠤᠮᠵᠢ ᠶᠢ ᠪᠠᠲᠤ ᠪᠤᠢ ᠪᠣᠯᠭᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠲᠦᠷᠪᠡᠨ ᠤᠯᠠᠷᠢᠯ ᠤᠨ ᠠᠵᠢᠯᠯᠠᠭ᠎ᠠ︾ ᠶᠢ ᠭᠦᠨᠵᠡᠭᠡᠢ ᠥᠷᠨᠢᠭᠦᠯᠵᠦ᠂ ᠤᠳᠤᠷᠢᠳᠬᠤ ᠺᠠᠳ᠋ᠷ ᠲᠦᠷᠦᠯ ᠵᠦᠢᠯ ᠪᠠ ᠠᠵᠤ ᠠᠬᠤᠶᠢᠯᠠᠯ ᠢ ᠳᠠᠭᠠᠭᠠᠴᠢᠯᠠᠨ ᠬᠤᠯᠪᠣᠭᠠᠯᠠᠬᠤ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠤᠷᠢᠳᠠᠪᠠᠷ ᠲᠦᠷᠦᠯ ᠵᠦᠢᠯ ᠢ ᠠᠩᠬᠠᠷᠬᠤ᠂ ᠲᠦᠷᠦᠯ ᠵᠦᠢᠯ ᠢ ᠬᠥᠭᠡᠭᠡᠴᠡᠯᠳᠦᠬᠦ᠂ ᠲᠦᠷᠦᠯ ᠵᠦᠢᠯ ᠢ ᠠᠳᠬᠤᠬᠤ ᠪᠠᠷ ᠡᠷᠡᠯᠬᠡᠭᠯᠡᠨ ᠲᠡᠮᠡᠴᠡᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠢ ᠶᠢᠨ ᠠᠵᠢᠯᠯᠠᠭᠠᠨ ᠤ ᠵᠠᠳᠠᠯᠤᠯᠲᠠ ᠲᠣᠬᠢᠷᠠᠭᠤᠯᠤᠯᠲᠠ ᠶᠢ ᠴᠢᠩᠭᠠᠳᠬᠠᠵᠤ᠂ ᠨᠢᠭᠡᠳᠦᠭᠡᠷ ᠤᠯᠠᠷᠢᠯ ᠳᠤ  ᠰᠠᠶᠢᠨ ᠡᠬᠢᠯᠡᠯᠲᠡ ᠲᠠᠢ ᠪᠣᠯᠬᠤ ᠶᠢ ᠪᠠᠲᠤᠯᠠᠬᠤ ᠬᠡᠷᠡᠭᠲᠡᠢ᠃ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠨ ᠰᠠᠶᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠬᠤᠳᠠ ᠪᠠᠯᠭᠠᠰᠤᠨ ᠤ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠰᠠᠶᠢᠲᠤᠷ ᠬᠢᠵᠦ᠂ ᠨᠡᠶᠢᠭᠡᠮ ᠤᠨ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠶᠢ ᠴᠢᠩᠭᠠᠳᠬᠠᠵᠤ᠂ ᠬᠤᠳᠠ ᠶᠢᠨ ᠰᠢᠨᠡᠴᠢᠯᠡᠯᠲᠡ ᠪᠠ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠰᠠᠶᠢᠲᠤᠷ ᠠᠳᠬᠤᠵᠤ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ︽ᠭᠠᠳᠠᠨ᠎ᠠ ᠠᠴᠠ  ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠠᠬᠢᠨ ᠡᠭᠦᠰᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠣᠳᠣᠯᠭ᠎ᠠ ᠪᠣᠯᠣᠨ ︽ᠬᠥᠳᠡᠯᠦᠩᠭᠦᠢ ᠪᠠᠷ ᠦᠭᠡᠶᠢᠰᠭᠡᠬᠦ︾ ᠶᠡᠷᠦᠩᠬᠡᠢ ᠴᠢᠭᠯᠡᠯᠲᠡ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠭᠤᠯᠢ ᠵᠡᠷᠭᠡ ᠭᠤᠣᠯᠳᠠᠯᠭ᠎ᠠ ᠲᠠᠢ ᠲᠠᠯᠠᠪᠤᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠦᠯᠦ ᠬᠠᠯᠳᠠᠭᠠᠬᠤ ᠲᠠᠷᠢᠯᠭ᠎ᠠ ᠶᠢ ᠴᠢᠩᠭᠠᠳᠬᠠᠬᠤ ᠶᠢ ᠠᠬᠢᠭᠤᠯᠵᠤ᠂ ᠥᠷᠭᠡᠨ ᠤᠯᠠᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠣᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠡᠷᠡᠰ ᠰᠠᠬᠢᠨ ᠬᠠᠮᠠᠭᠠᠯᠠᠬᠤ ᠬᠡᠷᠡᠭᠲᠡᠢ ᠭᠡᠵᠦ ᠴᠢᠩᠭᠠᠳᠬᠠᠪᠠ᠃          ᠵᠠᠩ ᠰᠢᠶᠣᠣ ᠪᠢᠩ ᠴᠢᠬᠤᠯᠠᠴᠢᠯᠠᠭᠰᠠᠨ ᠨᠢ᠂ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂ ᠡᠯ᠎ᠡ ᠱᠠᠲᠤᠨ ᠤ ᠤᠳᠤᠷᠢᠳᠬᠤ ᠪᠠᠭ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠲᠠᠢ ᠪᠠᠶᠢᠬᠤ ᠬᠡᠷᠡᠭᠲᠡᠢ᠃ ᠠᠮᠵᠢᠯᠲᠠ ᠶᠢᠨ ᠬᠠᠭᠤᠳᠠᠰᠤ ᠶᠢᠨ ᠤᠬᠠᠮᠰᠠᠷ ᠢ ᠪᠠᠲᠤ ᠪᠤᠢ ᠪᠣᠯᠭᠠᠵᠤ᠂ ᠲᠡᠷᠢᠭᠦᠨ ᠤ ᠤᠳᠤᠷᠢᠳᠤᠮᠵᠢ ᠶᠢ ᠲᠡᠮᠡᠴᠡᠨ ᠣᠯᠵᠤ᠂ ᠭᠤᠣᠯᠳᠠᠯᠭ᠎ᠠ ᠲᠠᠢ᠂ ᠬᠢᠯᠠᠰ ᠴᠡᠭ ᠪᠠ ᠬᠦᠴᠢᠷ ᠠᠵᠢᠯ ᠤᠨ ︽ᠭᠤᠷᠪᠠᠨ ᠨᠠᠷᠢᠨ ᠲᠠᠩᠰᠠ︾ ᠶᠢᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠲᠣᠭᠲᠠᠭᠠᠭᠰᠠᠨ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠳᠬᠤᠵᠤ᠂ ᠡᠴᠦᠰ ᠲᠤᠨᠢ ᠲᠤᠯᠲᠠᠯ᠎ᠠ ᠠᠳᠬᠤᠵᠤ᠂ ᠦᠢᠯᠡᠳᠦᠯᠭᠡ ᠶᠢᠨ ᠳᠤᠮᠳᠠ ᠺᠠᠳ᠋ᠷ ᠢ ᠰᠢᠯᠭᠠᠨ ᠪᠠᠶᠢᠴᠠᠭᠠᠬᠤ ᠶᠢ ᠪᠠᠷᠢᠮᠲᠠᠯᠠᠵᠤ᠂ ᠦᠷ᠎ᠡ ᠪᠦᠲᠦᠮᠵᠢ ᠪᠠᠷ ᠺᠠᠳ᠋ᠷ ᠢ ᠰᠢᠯᠭᠠᠨ ᠪᠠᠶᠢᠴᠠᠭᠠᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠠᠵᠢᠯ ᠢ ᠰᠥᠨᠢᠵᠢᠨ ᠬᠢᠬᠦ ᠦᠭᠡᠢ᠂ ᠳᠠᠷᠤᠶᠢᠬᠠᠨ ᠬᠢᠬᠦ ᠠᠵᠢᠯ ᠤᠨ ᠰᠤᠷᠲᠠᠯ ᠢ ᠶᠡᠭᠡ ᠪᠠᠷ ᠪᠠᠳᠠᠷᠠᠭᠤᠯᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠥᠷᠯᠥᠭᠡ ᠦᠳᠡᠰᠢ ᠶᠢ ᠲᠡᠮᠡᠴᠡᠨ ᠨᠡᠶᠢᠲᠡ ᠶᠢᠨ ᠲᠥᠯᠥᠭᠡ ᠵᠢᠳᠬᠦᠵᠦ᠂ ᠴᠠᠭ ᠢ ᠠᠮᠵᠢᠵᠤ᠂ ᠬᠡᠪ ᠤᠨ ᠵᠤᠷᠰᠢᠯ ᠠᠴᠠ ᠳᠠᠪᠠᠭᠰᠠᠨ ᠰᠡᠳᠬᠢᠴᠡ ᠪᠠ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠦᠢᠯᠡᠰ ᠤᠨ ᠲᠦᠷᠭᠡᠨ ᠬᠥᠭᠵᠢᠯᠲᠡ ᠶᠢ ᠠᠬᠢᠭᠤᠯᠬᠤ ᠬᠡᠷᠡᠭᠲᠡᠢ᠃       ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠵᠣᠷᠢᠭᠲᠠᠢ ᠪᠠᠷ ᠰᠢᠨ᠎ᠡ ᠶᠢ ᠡᠭᠦᠳᠴᠦ᠂ ᠴᠢᠳᠠᠮᠠᠭᠠᠢ ᠪᠠᠷ ᠠᠵᠢᠯ ᠦᠢᠯᠡᠰ ᠪᠦᠲᠦᠭᠡᠵᠦ᠂ ︽ᠪᠣᠳᠠᠲᠠᠢ︾ ᠶᠢ ᠲᠡᠷᠢᠭᠦᠨ ᠳᠤ ᠲᠠᠯᠪᠢᠬᠤ᠂ ︽ᠠᠵᠢᠯᠯᠠᠬᠤ︾ ᠶᠢ ᠲᠡᠷᠢᠭᠦᠨ ᠳᠤ ᠲᠠᠯᠪᠢᠬᠤ ᠂ ᠰᠢᠷᠭᠠᠭᠤ ᠬᠠᠲᠠᠭᠤᠵᠢᠯᠲᠠᠢ  ᠠᠵᠢᠯᠯᠠᠵᠤ᠂ ᠳᠤᠲᠠᠭᠤ ᠶᠠᠷᠢᠵᠤ ᠢᠯᠡᠭᠦᠦ ᠬᠢᠵᠦ᠂ ᠤᠴᠢᠷ ᠶᠠᠪᠤᠳᠠᠯ ᠳᠤ ᠠᠶᠤᠯ ᠲᠦᠭᠰᠢᠭᠦᠷᠢ ᠲᠤᠯᠭᠠᠷᠠᠬᠤ ᠦᠭᠡᠢ ᠪᠠᠶᠢᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠷᠠᠳ ᠲᠦᠮᠡᠨ ᠪᠣᠯᠣᠨ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠪᠣᠳᠠᠲᠤ ᠠᠮᠵᠢᠯᠲᠠ ᠶᠢ ᠡᠭᠦᠳᠴᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠪᠡ᠃         ᠠᠶᠢᠮᠠᠭ ᠤᠨ ᠤᠳᠤᠷᠢᠳᠤᠯᠭ᠎ᠠ ᠰᠢᠦᠢ ᠪᠦᠦ ᠴᠢᠤᠸᠠᠨ᠂ ᠯᠢ ᠭᠦᠸᠧ ᠬᠤᠩ᠂ ᠳ᠋ᠦᠩ ᠰᠢᠨ ᠶᠤᠸᠠᠢ᠂ ᠶᠠᠩ ᠵᠢᠢ ᠫᠧᠩ᠂ ᠯᠢᠶᠠᠩ ᠶᠠᠨ ᠵᠢᠶᠦ᠋ᠨ᠂ ᠴᠢᠦ  ᠹᠧᠩ ᠪᠣᠯᠣᠨ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠣᠰ ᠲᠣᠰ ᠪᠠᠶᠢᠴᠠᠭᠠᠨ ᠰᠤᠳᠤᠯᠤᠯᠲᠠ ᠪᠤᠶᠤ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号