ᠵᠠᠩ ᠱᠤᠸᠠᠩ ᠴᠧᠩ ᠲᠦᠴᠢᠦᠸᠠᠨ ᠰᠢᠶᠠᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/22
    3 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠲᠦᠴᠢᠦᠸᠠᠨ ᠰᠢᠶᠠᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠤᠳᠤᠷᠢᠳᠤᠯᠭ᠎ᠠ ᠬᠤᠸᠠᠩ ᠢ ᠬᠤ᠋᠂ ᠯᠢᠦ ᡁᠢ  ᠹᠸᠡᠭ᠂ ᠯᠢ ᠬᠤᠩ ᠰᠢᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃    
    ᠵᠠᠩ ᠱᠤᠸᠠᠩ ᠴᠧᠩ ᠵᠢᠭᠠᠵᠤ ᠭᠠᠷᠭᠠᠭᠰᠠᠨ ᠨᠢ᠂ ᠪᠡᠭᠡᠵᠢᠩ ᠤᠨ ᠹᠠᠩ ᠱᠠᠨ ᠲᠣᠭᠤᠷᠢᠭ ᠪᠣᠯᠣᠨ ᠲᠦᠴᠢᠦᠸᠠᠨ ᠰᠢᠶᠠᠨ ᠬᠤᠣᠰᠯᠠᠨ ᠲᠡᠳᠬᠦᠭᠰᠡᠨ ᠠᠴᠠ ᠨᠠᠰᠢ᠂ ᠹᠠᠩ ᠱᠠᠨ ᠲᠣᠭᠤᠷᠢᠭ ᠦᠨᠡᠨ ᠰᠡᠳᠬᠢᠯ ᠠᠴᠠ ᠪᠠᠨ ᠬᠠᠪᠰᠤᠷᠤᠨ ᠲᠡᠳᠬᠦᠵᠦ᠂ ᠬᠠᠪᠰᠤᠷᠤᠨ ᠲᠡᠳᠬᠦᠬᠦ ᠬᠦᠷᠢᠶᠡᠨ ᠳᠤ ᠢᠯᠡᠳᠲᠡ ᠦᠷ᠎ᠡ ᠪᠦᠲᠦᠮᠵᠢ ᠣᠯᠵᠠᠢ᠂ ᠲᠦᠴᠢᠦᠸᠠᠨ ᠰᠢᠶᠠᠨ ᠹᠠᠩ ᠱᠠᠨ ᠲᠣᠭᠤᠷᠢᠭ ᠤᠨ ᠬᠠᠶᠢᠷ᠎ᠠ ᠬᠠᠯᠠᠮᠵᠢ ᠶᠢ ᠠᠵᠢᠯ ᠤᠨ ᠬᠥᠳᠡᠯᠭᠡᠭᠦ ᠬᠦᠴᠦᠨ ᠪᠣᠯᠭᠠᠨ ᠬᠤᠪᠢᠷᠠᠭᠤᠯᠵᠤ᠂ ᠬᠠᠪᠰᠤᠷᠤᠨ ᠲᠡᠳᠬᠦᠬᠦ ᠬᠠᠮᠲᠤᠷᠠᠯᠴᠠᠭᠠᠨ ᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠬᠠᠪᠰᠤᠷᠤᠨ ᠲᠡᠳᠬᠦᠬᠦ ᠠᠷᠭ᠎ᠠ ᠵᠠᠮ ᠢ ᠥᠷᠭᠡᠳᠬᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠲᠠᠰᠤᠷᠠᠯᠲᠠ ᠦᠭᠡᠢ ᠨᠠᠩ ᠥᠨᠳᠥᠷ ᠲᠦᠪᠰᠢᠨ ᠳᠤ ᠬᠦᠷᠭᠡᠬᠦ ᠬᠡᠷᠡᠭᠲᠡᠢ ᠭᠡᠵᠡᠢ᠃       ᠵᠠᠩ ᠱᠤᠸᠠᠩ ᠴᠧᠩ ᠴᠢᠬᠤᠯᠠᠴᠢᠯᠠᠬᠤ ᠳᠠᠭᠠᠨ᠂ ᠨᠢᠭᠡ ᠳᠤ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠬᠤ ᠬᠡᠷᠡᠭᠲᠡᠢ᠃  ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠪᠡᠭᠡᠵᠢᠩ ᠤᠨ ᠹᠠᠩ ᠱᠠᠨ ᠲᠣᠭᠤᠷᠢᠭ ᠵᠢᠴᠢ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ ᠣᠯᠣᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠠᠵᠤ ᠦᠢᠯᠡᠰ ᠤᠨ ᠬᠠᠮᠵᠢᠯᠴᠠᠭ᠎ᠠ᠂ ᠰᠤᠷᠭᠠᠨ ᠬᠥᠮᠦᠵᠢᠯ ᠡᠮ ᠡᠮᠨᠡᠯᠭᠡ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ᠂ ᠬᠡᠷᠡᠭᠯᠡᠭᠡ ᠶᠢᠨ ᠬᠠᠮᠵᠢᠯᠴᠠᠭ᠎ᠠ ᠵᠡᠷᠭᠡ ᠲᠠᠯ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠦᠷᠦᠯ ᠵᠦᠢᠯ ᠪᠣᠯᠣᠨ ᠪᠡᠯᠡ ᠮᠥᠩᠭᠦ ᠶᠢ ᠢᠳᠡᠪᠬᠢᠲᠡᠢ ᠣᠯᠵᠤ᠂ ᠡᠯ᠎ᠡ ᠵᠦᠢᠯ ᠤᠨ ᠠᠵᠢᠯ ᠢ ᠨᠠᠷᠢᠨ ᠪᠣᠳᠠᠲᠠᠢ ᠠᠳᠬᠤᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠡᠯᠪᠡᠭ ᠪᠠᠶᠠᠯᠢᠭ ᠦᠷ᠎ᠡ ᠪᠦᠲᠦᠭᠡᠯ ᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠶᠠᠷ ᠲᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠤᠷᠢᠳᠴᠢᠯᠠᠨ ᠲᠥᠯᠥᠪᠵᠢᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠡᠷᠲᠡ ᠠᠴᠠ ᠲᠣᠬᠢᠷᠠᠭᠤᠯᠤᠨ ᠡᠷᠲᠡ ᠠᠴᠠ ᠪᠠᠶᠢᠷᠢᠯᠠᠭᠤᠯᠵᠤ᠂ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠶ ᠠᠵᠢᠯ ᠤᠨ ᠰᠤᠷᠲᠠᠯ ᠢᠶᠠᠷ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠥᠪᠡᠷᠮᠢᠴᠡ ᠣᠨᠴᠠᠯᠢᠭ ᠲᠠᠢ᠂ ᠬᠢᠯᠠᠰ ᠴᠡᠭ ᠲᠠᠢ᠂ ᠦᠷ᠎ᠡ ᠪᠦᠲᠦᠮᠵᠢ ᠲᠠᠢ ᠪᠣᠯᠭᠠᠬᠤ ᠶᠢ ᠠᠬᠢᠭᠤᠯᠬᠤ ᠬᠡᠷᠡᠭᠲᠡᠢ᠃ ᠭᠤᠷᠪᠠ ᠳᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠥᠷᠥᠯ ᠵᠦᠢᠯ ᠪᠣᠯ ᠠᠵᠤ ᠠᠬᠤᠢ ᠶᠢᠨ ᠲᠥᠷᠥᠯ ᠵᠦᠢᠯ᠂ ᠠᠷᠠᠳ ᠤᠨ ᠠᠮᠢᠳᠤᠷᠠᠯ ᠤᠨ ᠲᠥᠷᠥᠯ ᠵᠦᠢᠯ ᠪᠣᠯᠬᠤ ᠪᠠᠷ ᠪᠠᠷᠠᠬᠤ ᠦᠭᠡᠢ ᠪᠠᠰᠠ ᠴᠤ ᠤᠯᠤᠰ ᠲᠥᠷᠥ ᠶᠢᠨ ᠲᠥᠷᠥᠯ ᠵᠦᠢᠯ ᠪᠣᠯᠣᠨ᠎ᠠ᠂ ᠡᠯ᠎ᠡ ᠰᠠᠯᠠᠭ᠎ᠠ ᠮᠥᠴᠢᠷ ᠤᠳ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠲᠥᠷᠥᠯ ᠵᠦᠢᠯ ᠢ ᠲᠥᠯᠥᠪᠵᠢᠭᠦᠯᠬᠦ ᠪᠠ ᠪᠦᠲᠦᠭᠡᠨ ᠪᠠᠶᠢᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠴᠤᠪᠤᠷᠠᠯ ᠢ ᠵᠢᠷᠤᠮᠵᠢᠭᠤᠯᠤᠨ᠂ ᠲᠥᠷᠥᠯ ᠵᠦᠢᠯ ᠤᠨ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠳᠠᠯᠠᠵᠤ᠂ ᠰᠣᠳᠣᠨ ᠢᠨᠵᠧᠨᠧᠷᠢᠩ᠂ ᠬᠢᠯᠠᠰ ᠴᠡᠭᠲᠦ ᠢᠨᠵᠧᠨᠧᠷᠢᠩ ᠢ ᠥᠨᠳᠥᠷ ᠬᠢᠷᠢ ᠲᠦᠪᠰᠢᠨ ᠲᠠᠢ᠂ ᠴᠢᠨᠠᠷ ᠰᠠᠶᠢᠲᠠᠢ ᠪᠠᠷ ᠴᠣᠭᠴᠠᠯᠠᠨ ᠪᠠᠶᠢᠭᠤᠯᠵᠤ᠂ ᠲᠥᠷᠥᠯ ᠵᠦᠢᠯ ᠤᠨ ᠬᠠᠮᠤᠭ ᠤᠨ ᠶᠡᠭᠡ ᠦᠷ᠎ᠡ ᠠᠰᠢᠭ ᠢ ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠢ᠃  ᠳᠥᠷᠪᠡ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠠ ᠲᠣᠬᠢᠶᠠᠯ ᠢ ᠪᠠᠲᠤ ᠡᠵᠡᠮᠳᠡᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠷᠭ᠎ᠠ ᠵᠠᠮ ᠢ ᠥᠷᠭᠡᠳᠬᠡᠵᠦ᠂ ᠰᠢᠶᠠᠨ ᠤ ᠬᠡᠪᠴᠢᠶᠡᠨ ᠤ ᠡᠬᠢ ᠪᠠᠶᠠᠯᠢᠭ ᠤᠨ ᠳᠠᠪᠠᠭᠤᠯᠢᠭ ᠢ ᠢᠳᠡᠪᠬᠢᠲᠡᠢ ᠪᠠᠷ ᠲᠠᠨᠢᠯᠴᠠᠭᠤᠯᠵᠤ᠂ ᠨᠡᠩ ᠤᠯᠠᠨ ᠪᠡᠯᠡ ᠣᠷᠣᠭᠤᠯᠬᠤ ᠰᠠᠨᠠᠭ᠎ᠠ ᠲᠠᠢ ᠠᠵᠤ ᠠᠬᠤᠶᠢᠯᠠᠯ ᠪᠣᠯᠣᠨ ᠠᠷᠠᠯᠵᠢᠶᠠᠴᠢᠨ ᠢ ᠲᠠᠳᠠᠨ ᠠᠪᠴᠢᠷᠠᠵᠤ ᠮᠠᠨ ᠤ ᠰᠢᠶᠠᠨ ᠳᠤ ᠪᠡᠯᠡ ᠣᠷᠣᠭᠤᠯᠤᠨ ᠦᠢᠯᠡᠰ ᠪᠣᠰᠬᠠᠬᠤ ᠬᠡᠷᠡᠭᠲᠡᠢ᠃ ᠡᠭᠦᠨ ᠤ ᠬᠠᠮᠲᠤ᠂ ᠠᠵᠤ ᠠᠬᠤᠶᠢᠯᠠᠯ ᠤᠨ ᠦᠢᠯᠡᠴᠢᠯᠡᠭᠡ ᠶᠢ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠪᠠᠨ ᠴᠢᠯᠦᠭᠡᠯᠡᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠬᠠᠪᠰᠤᠷᠤᠨ ᠲᠡᠳᠬᠦᠬᠦ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠬᠦᠴᠦᠨ ᠨᠡᠮᠡᠷᠢᠯᠡᠵᠦ᠂ ᠠᠵᠤ ᠠᠬᠤᠶᠢᠯᠠᠯ ᠢ ᠮᠠᠨ ᠤ ᠰᠢᠶᠠᠨ ᠠᠴᠠ ᠣᠷᠣᠭᠤᠯᠵᠤ ᠳᠡᠶᠢᠯᠬᠦ᠂ ᠦᠯᠡᠳᠡᠭᠡᠵᠦ ᠳᠡᠶᠢᠯᠬᠦ᠂ ᠰᠠᠶᠢᠲᠤᠷ ᠬᠥᠭᠵᠢᠭᠦᠯᠬᠦ ᠪᠣᠯᠭᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠤᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠥᠷᠭᠡᠳᠬᠡᠵᠦ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠲᠦᠴᠢᠦᠸᠠᠨ ᠰᠢᠶᠠᠨ ᠤ ᠠᠷᠠᠳ  ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号