3 ᠳ᠋ᠤᠭᠠᠷ ᠰᠠᠷ᠎ᠠ ᠶᠢᠨ 21 ᠤ ᠡᠳᠦᠷ ᠤᠨ 24 ᠴᠠᠭ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠠᠮᠤᠭ ᠤᠨ ᠰᠢᠨ᠎ᠡ ᠪᠠᠶᠢᠳᠠᠯ
ᠨᠡᠶᠢᠲᠡᠯᠡᠭᠰᠡᠨ ᠴᠠᠭ᠄
2022/3/22
     3 ᠳ᠋ᠤᠭᠠᠷ ᠰᠠᠷ᠎ᠠ ᠶᠢᠨ 21 ᠤ ᠡᠳᠦᠷ ᠤᠨ 0  ᠴᠠᠭ ᠠᠴᠠ 24 ᠴᠠᠭ  ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ  ᠮᠡᠳᠡᠭᠦᠯᠦᠯᠲᠡ ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠰᠢᠨ᠎ᠡ ᠪᠠᠷ 2 ᠨᠡᠮᠡᠭᠳᠡᠪᠡ᠂ ᠡᠭᠦᠨ ᠳᠤ ᠬᠥᠬᠡᠬᠤᠲᠠ ᠳᠤ 1 ︵ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠠᠴᠠ ᠲᠣᠳᠣᠯᠠᠭᠰᠠᠨ ᠡᠪᠡᠳᠴᠢᠨ ᠤ ᠵᠢᠱᠢᠶ᠎ᠡ ᠪᠣᠯᠵᠤ ᠬᠤᠪᠢᠷᠠᠪᠠ︶᠂ ᠲᠦᠩᠯᠢᠶᠣᠣ ᠬᠤᠲᠠ ᠳᠤ 1 ᠪᠣᠢ᠃ ᠣᠷᠣᠨ ᠨᠤᠲᠤᠭ ᠤᠨ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ 3 ᠨᠡᠮᠡᠭᠳᠡᠪᠡ ︵ᠴᠥᠮ ᠬᠥᠬᠡᠬᠤᠲᠠ ᠳᠤ︶᠃               3 ᠳ᠋ᠤᠭᠠᠷ ᠰᠠᠷ᠎ᠠ ᠶᠢᠨ 21 ᠤ ᠡᠳᠦᠷ ᠤᠨ 24 ᠴᠠᠭ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ  ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ 12 ᠪᠠᠶᠢᠵᠤ᠂ ᠡᠭᠦᠨ ᠳᠤ ᠬᠥᠬᠡᠬᠤᠲᠠ ᠳᠤ 6᠂ ᠬᠥᠯᠥᠨ ᠪᠤᠶᠢᠷ ᠬᠤᠲᠠ ᠳᠤ 1᠂ ᠲᠦᠩᠯᠢᠶᠣᠣ ᠬᠤᠲᠠ ᠳᠤ 5 ᠪᠣᠶ᠃ ᠣᠷᠣᠨ ᠨᠤᠲᠤᠭ ᠤᠨ  ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ 26 ᠪᠠᠶᠢᠵᠤ᠂ ᠡᠭᠦᠨ ᠳᠤ ᠬᠥᠬᠡᠬᠤᠲᠠ ᠳᠤ 21᠂ ᠲᠦᠩᠯᠢᠶᠣᠣ ᠬᠤᠲᠠ ᠳᠤ 5 ᠪᠣᠶ᠃ ᠬᠢᠯᠢ ᠶᠢᠨ ᠭᠠᠳᠠᠨ᠎ᠠ ᠠᠴᠠ  ᠣᠷᠣᠵᠤ ᠢᠷᠡᠭᠰᠡᠨ ᠡᠪᠡᠳᠴᠢᠨ ᠤ  ᠢᠯᠡᠷᠡᠯ ᠦᠭᠡᠢ ᠬᠠᠯᠳᠠᠪᠤᠷᠢᠯᠠᠭᠳᠠᠭᠴᠢ 1 ︵ᠤᠯᠠᠭᠠᠨᠬᠠᠳᠠ ᠬᠤᠲᠠ ᠳᠤ︶  ᠪᠣᠢ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠨᠡᠵᠦ᠂  ᠪᠦᠬᠦ ᠣᠶᠢᠷ᠎ᠠ ᠬᠠᠪᠢᠳᠠᠯ ᠢ ᠴᠥᠮ ᠲᠣᠭᠲᠠᠭᠰᠠᠨ  ᠭᠠᠵᠠᠷ ᠲᠤ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠳᠡᠯᠭᠡᠷᠡᠬᠦ ᠶᠢ ᠴᠢᠩᠭ᠎ᠠ ᠰᠡᠷᠭᠡᠶᠢᠯᠡᠵᠦ ᠪᠠᠶᠢᠨ᠎ᠠ᠃             2 ᠳ᠋ᠤᠭᠠᠷ ᠰᠠᠷ᠎ᠠ ᠶᠢᠨ 15 ᠤ ᠡᠳᠦᠷ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠳᠤ ᠣᠷᠣᠨ ᠨᠤᠲᠤᠭ ᠤᠨ ᠲᠣᠳᠣᠯᠠᠭᠰᠠᠨ ᠡᠪᠡᠳᠴᠢᠨ ᠤ ᠵᠢᠱᠢᠶ᠎ᠡ ᠶᠢ ᠨᠡᠶᠢᠲᠡ 486 ᠮᠡᠳᠡᠭᠦᠯᠪᠡ᠂ ᠡᠭᠦᠨ ᠳᠤ ᠬᠥᠬᠡᠬᠤᠲᠠ 433᠂ 433ᠪᠤᠭᠤᠲᠤ ᠬᠤᠲᠠ 25᠂ ᠬᠥᠯᠥᠨ ᠪᠤᠶᠢᠷ ᠬᠤᠲᠠ 15᠂ ᠲᠦᠩᠯᠢᠶᠣᠣ ᠬᠤᠲᠠ 5᠂ ᠣᠷᠳᠣᠰ ᠬᠤᠲᠠ 3᠂ 3ᠪᠠᠶᠠᠨᠨᠠᠭᠤᠷ ᠬᠤᠲᠠ 3᠂ ᠠᠯᠠᠱᠠ ᠠᠶᠢᠮᠠᠭ 2 2ᠮᠡᠳᠡᠭᠦᠯᠪᠡ᠃  ᠨᠡᠶᠢᠲᠡ 474 ᠬᠥᠮᠥᠨ ᠢᠯᠠᠷᠢᠰᠢᠵᠤ ᠡᠮᠨᠡᠯᠭᠡ ᠠᠴᠠ ᠭᠠᠷᠪᠠ᠂ ᠡᠭᠦᠨ ᠳᠤ ᠬᠥᠬᠡᠬᠤᠲᠠ ᠠᠴᠠ 427᠂ ᠪᠤᠭᠤᠲᠤ ᠬᠤᠲᠠ ᠠᠴᠠ 25᠂ ᠬᠥᠯᠥᠨ ᠪᠤᠶᠢᠷ ᠬᠤᠲᠠ ᠠᠴᠠ 14᠂ ᠣᠷᠳᠣᠰ ᠬᠤᠲᠠ ᠠᠴᠠ 3᠂ ᠪᠠᠶᠠᠨᠨᠠᠭᠤᠷ ᠬᠤᠲᠠ ᠠᠴᠠ 3᠂ ᠠᠯᠠᠱᠠ ᠠᠶᠢᠮᠠᠭ ᠠᠴᠠ 2 ᠪᠣᠢ᠃ ︵ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠰᠦᠯᠵᠢᠶ᠎ᠡ︶
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号