ᠬᠢᠩᠭᠠᠨ ᠠᠶᠢᠮᠠᠭ ᠤᠨ ᠵᠠᠬᠢᠷᠭ᠎ᠠ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/3/23
    3 ᠰᠠᠷ᠎ᠠ ᠶᠢᠨ 18 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠬᠡ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠬᠢᠩᠭᠠᠨ ᠠᠶᠢᠮᠠᠭ ᠤᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢ ᠪᠦᠲᠦᠭᠡᠨ ᠪᠠᠶᠢᠭᠤᠯᠬᠤ ᠠᠵᠢᠯᠯᠠᠭ᠎ᠠ ᠶᠢᠨ ᠲᠥᠰᠥᠯ﹀ ᠢ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠲᠥᠰᠥᠯ︾ ︽ᠬᠢᠩᠭᠠᠨ ᠠᠶᠢᠮᠠᠭ ᠤᠨ ᠡᠮᠡᠭᠲᠡᠶᠢᠴᠦᠳ ᠤᠨ ᠬᠥᠭᠵᠢᠯᠲᠡ ᠶᠢᠨ ᠬᠥᠲᠥᠯᠪᠦᠷᠢ ︵2021 - 2030 ᠣᠨ︶︾ ︽ᠬᠢᠩᠭᠠᠨ ᠠᠶᠢᠮᠠᠭ ᠤᠨ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ︵2021 - 2030 ᠣᠨ︶︾ ︽ᠬᠢᠩᠭᠠᠨ ᠠᠶᠢᠮᠠᠭ ᠤᠨ ᠬᠥᠳᠡᠭᠡ ᠲᠣᠰᠬᠤᠨ ᠤ  ᠵᠤᠭᠠᠴᠠᠯ ᠤᠨ ᠲᠥᠯᠦᠪᠵᠢᠭᠦᠯᠭᠡ ︵2020 - 2025 ᠣᠨ︶︾ ᠶᠢ ᠬᠢᠨᠠᠨ ᠵᠥᠪᠯᠡᠵᠦ᠂ ᠬᠢᠩᠭᠠᠨ ᠠᠶᠢᠮᠠᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠠᠵᠤ  ᠦᠢᠡᠯᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠵᠡᠷᠭᠡ  ᠵᠦᠢᠯᠡᠰ ᠢ ᠰᠤᠳᠤᠯᠤᠨ ᠲᠣᠭᠲᠠᠭᠠᠵᠤ ᠨᠡᠶᠢᠲᠡᠯᠡᠪᠡ᠃           ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠳᠤ᠂ ᠮᠠᠨ ᠤ ᠠᠶᠢᠮᠠᠭ ᠶᠠᠭ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠴᠢᠬᠤᠯᠠ ᠠᠵᠠ ᠲᠣᠬᠢᠶᠠᠯᠳᠤ ᠬᠤᠭᠤᠴᠠᠭᠠᠨ ᠳᠤ ᠣᠷᠣᠰᠢᠵᠤ ᠪᠠᠶᠢᠨ᠎ᠠ᠂ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠰᠢᠨ᠎ᠡ ᠪᠠᠶᠢᠳᠠᠯ ᠰᠢᠨ᠎ᠡ ᠬᠤᠪᠢᠷᠠᠯᠲᠠ ᠶᠢᠨ ᠡᠮᠦᠨ᠎ᠡ᠂ ᠤᠯᠤᠰ᠂ ᠥᠪᠡᠷᠲᠡᠭᠡᠨ ᠵᠠᠰᠠᠬᠤ ᠣᠷᠣᠨ ᠤ ᠨᠡᠭᠡᠭᠡᠯᠲᠡ ᠶᠢᠨ ᠶᠡᠷᠦᠩᠬᠡᠢ ᠪᠠᠶᠢᠷᠢᠰᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠮᠠᠨ ᠤ ᠠᠶᠢᠮᠠᠭ ᠤᠨ ᠤᠯᠤᠰ ᠤᠨ ᠳᠣᠲᠣᠭᠠᠳᠤ ᠭᠠᠳᠠᠭᠠᠳᠤ ᠶᠢᠨ ︽ᠬᠤᠣᠰ ᠣᠷᠴᠢᠯ︾ ᠳᠤ ᠨᠠᠩ ᠥᠨᠳᠥᠷ ᠬᠢᠷᠢ ᠲᠦᠪᠰᠢᠨ ᠢᠶᠠᠷ ᠠᠭᠤᠰᠤᠯᠴᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠨᠠᠩ ᠰᠠᠶᠢᠨ ᠦᠢᠯᠡᠴᠢᠯᠡᠬᠦ ᠪᠠ ᠠᠭᠤᠰᠤᠯᠴᠠᠬᠤ ᠳᠤ ᠲᠤᠶᠢᠯ ᠤᠨ ᠴᠢᠬᠤᠯᠠ ᠶᠡᠭᠡ ᠪᠥᠭᠡᠳ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠃ ᠤᠯᠤᠰ ᠤᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ ᠶᠢ ᠬᠡᠷᠡᠭᠵᠢᠭᠦᠯᠬᠦ ᠪᠠ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ᠂ ᠬᠤᠶᠠᠷ ᠰᠠᠭᠤᠷᠢᠨ ᠭᠠᠵᠠᠷ᠂ ᠨᠢᠭᠡ ᠪᠠᠬᠢᠯᠡᠯᠲᠡ︾ ᠶᠢ ᠴᠣᠭᠴᠠᠯᠠᠬᠤ ᠲᠡᠦᠬᠡ ᠶᠢᠨ ᠠᠵᠠ ᠲᠣᠬᠢᠶᠠᠯ ᠢ ᠠᠮᠵᠢᠵᠤ᠂ ᠬᠢᠯᠢ ᠳᠠᠭᠠᠤ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠬᠠᠮᠲᠤᠷᠠᠯᠴᠠᠭ᠎ᠠ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ᠂ ᠮᠠᠨ ᠤ ᠠᠶᠢᠮᠠᠭ ᠤᠨ ᠭᠠᠳᠠᠭᠠᠳᠤ ᠨᠡᠭᠡᠭᠡᠯᠲᠡ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ  ᠭᠡᠪᠡ᠃         ᠬᠤᠷᠠᠯ ᠠᠴᠠ ᠴᠢᠩᠭᠠᠳᠬᠠᠭᠰᠠᠨ ᠨᠢ᠂ ᠡᠮᠡᠭᠲᠡᠶᠢᠴᠦᠳ᠂ ᠬᠡᠦᠬᠡᠳ ᠤᠨ ᠬᠥᠭᠵᠢᠯᠲᠡ ᠶᠢᠨ ᠬᠥᠲᠥᠯᠪᠦᠷᠢ ᠶᠢ ᠨᠠᠶᠢᠷᠠᠭᠤᠯᠤᠨ ᠲᠣᠭᠲᠠᠭᠠᠵᠤ ᠬᠡᠷᠡᠭᠵᠢᠭᠦᠯᠬᠦ ᠪᠣᠯ ᠡᠮᠡᠭᠲᠡᠶᠢᠴᠦᠳ ᠬᠡᠦᠬᠡᠳ ᠤᠨ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠬᠡᠯᠪᠡᠷᠢ ᠪᠣᠯᠣᠨ᠎ᠠ᠃ ᠡᠯ᠎ᠡ ᠭᠠᠵᠠᠷ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠮᠡᠭᠲᠡᠶᠢᠴᠦᠳ ᠬᠡᠦᠬᠡᠳ ᠤᠨ ᠦᠢᠯᠡᠰ ᠤᠨ ᠬᠥᠭᠵᠢᠯᠲᠡ ᠶᠢᠨ ᠰᠢᠨ᠎ᠡ ᠱᠠᠭᠠᠷᠳᠠᠯᠭ᠎ᠠ᠂ ᠰᠢᠨ᠎ᠡ ᠬᠡᠷᠡᠭᠴᠡᠭᠡ ᠱᠠᠭᠠᠷᠳᠠᠯᠭ᠎ᠠ᠂ ᠰᠢᠨ᠎ᠡ ᠬᠦᠰᠡᠯ ᠡᠷᠡᠮᠡᠯᠵᠡᠯ ᠳᠤ ᠰᠠᠭᠤᠷᠢᠯᠠᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠰᠠᠶᠢᠨ ᠶᠠᠪᠤᠳᠠᠯ ᠬᠢᠵᠦ᠂ ᠪᠣᠳᠠᠲᠠᠢ ᠶᠠᠪᠤᠳᠠᠯ ᠬᠢᠵᠦ᠂ ᠬᠦᠴᠢᠷ ᠶᠠᠪᠤᠳᠠᠯ ᠢ ᠰᠢᠢᠳᠪᠦᠷᠢᠯᠡᠵᠦ᠂ ᠦᠢᠯᠡᠴᠢᠯᠡᠬᠦ ᠤᠬᠠᠮᠰᠠᠷ ᠢᠶᠠᠨ ᠴᠢᠩᠭᠠᠳᠬᠠᠵᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠶᠢ ᠴᠢᠩᠭᠠᠳᠬᠠᠵᠤ᠂ ᠰᠢᠨ᠎ᠡ ︽ᠬᠤᠶᠠᠷ ᠬᠥᠲᠥᠯᠪᠦᠷᠢ︾ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠥᠷᠭᠡᠨ ᠤᠯᠠᠨ ᠡᠮᠡᠭᠲᠡᠶᠢᠴᠦᠳ ᠬᠡᠦᠬᠡᠳ ᠲᠤ ᠦᠨᠡᠨ ᠪᠣᠳᠠᠲᠠᠢ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠡᠳ᠋ᠯᠡᠭᠦᠯᠬᠦ ᠬᠡᠷᠡᠭᠲᠡᠢ᠃ ᠬᠥᠳᠡᠭᠡ ᠲᠣᠰᠬᠤᠨ ᠤ ᠵᠤᠭᠠᠴᠠᠯ ᠢ ᠬᠥᠭᠵᠢᠭᠦᠯᠬᠦ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠭᠡᠳᠡᠭ ᠢ ᠭᠦᠢᠴᠡᠳ ᠲᠠᠨᠢᠵᠤ᠂ ᠣᠳᠣᠬᠠᠨ ᠤ ᠬᠥᠳᠡᠭᠡ ᠲᠣᠰᠬᠤᠨ ᠤ ᠵᠤᠭᠠᠴᠠᠯ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ ᠰᠢᠨ᠎ᠡ ᠡᠭᠦᠷᠭᠡ ᠶᠢ ᠣᠨᠣᠪᠴᠢᠲᠠᠶ ᠡᠵᠡᠮᠳᠡᠵᠦ᠂ ᠡᠬᠢ ᠪᠠᠶᠠᠯᠢᠭ ᠢ ᠭᠦᠨᠵᠡᠭᠡᠢ ᠠᠭᠤᠳᠠᠯᠵᠤ᠂ ᠳᠡᠭᠡᠳᠦ ᠲᠠᠰ ᠤᠨ ᠤᠬᠠᠭᠠᠯᠠᠨ ᠲᠥᠯᠥᠪᠯᠡᠵᠦ ᠨᠡᠭᠡᠭᠡᠨ ᠬᠥᠭᠵᠢᠭᠦᠯᠵᠦ᠂ ᠵᠤᠭᠠᠴᠠᠯ ᠢᠶᠠᠷ ᠲᠣᠰᠬᠤᠨ ᠢ ᠬᠥᠭᠵᠢᠭᠦᠯᠦᠨ᠂ ᠵᠤᠭᠠᠴᠠᠯ ᠢᠶᠠᠷ ᠠᠷᠠᠳ ᠢ ᠪᠠᠶᠠᠵᠢᠭᠤᠯᠵᠤ᠂ ᠬᠥᠳᠡᠭᠡ ᠲᠣᠰᠬᠤᠨ ᠤ  ᠵᠤᠭᠠᠴᠠᠯ ᠤᠨ ᠬᠥᠭᠵᠢᠯᠲᠡ ᠶᠢᠨ ᠶᠠᠰᠤ ᠴᠢᠨᠠᠷ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠵᠤᠭᠠᠴᠠᠯ ᠢ ᠪᠥᠬᠦ ᠠᠶᠢᠮᠠᠭ ᠤᠨ ᠵᠤᠭᠠᠴᠠᠯ ᠤᠨ ᠠᠵᠤ ᠦᠢᠡᠯᠰ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠪᠠ ᠨᠡᠮᠡᠭᠳᠡᠯ ᠤᠨ ᠲᠤᠶᠢᠯ ᠪᠣᠯᠭᠠᠨ ᠪᠣᠶᠢᠵᠢᠭᠤᠯᠬᠤ ᠪᠠᠷ ᠴᠢᠷᠮᠠᠶᠢᠵᠤ᠂ ᠬᠢᠩᠭᠠᠨ ᠤ ᠣᠨᠴᠠᠯᠢᠭ ᠢᠶᠠᠷ ᠪᠠᠶᠠᠯᠢᠭ ᠬᠥᠳᠡᠭᠡ ᠲᠣᠰᠬᠤᠨ ᠤ ᠵᠤᠭᠠᠴᠠᠯ ᠤᠨ ᠬᠥᠭᠵᠢᠯᠲᠡ ᠶᠢᠨ ᠵᠠᠮ ᠢ ᠴᠢᠷᠮᠠᠶᠢᠨ ᠨᠡᠭᠡᠭᠡᠬᠦ ᠬᠡᠷᠡᠭᠲᠡᠢ ᠭᠡᠪᠡ᠃        ᠬᠤᠷᠠᠯ ᠠᠴᠠ ᠴᠢᠩᠭᠠᠳᠬᠠᠭᠰᠠᠨ ᠨᠢ᠂  ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢᠨ ᠠᠷᠭ᠎ᠠ  ᠬᠡᠮᠵᠢᠶ᠎ᠡ ᠶᠢ ᠴᠢᠨᠠᠭᠰᠢᠳᠠ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠵᠤ᠂ ᠬᠡᠷᠡᠭᠵᠢᠭᠦᠯᠦᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢ ᠲᠣᠭᠲᠠᠭᠠᠬᠤ ᠳᠠᠭᠠᠨ ᠴᠢᠩᠭ᠎ᠠ ᠨᠢᠮᠪᠠᠢ ᠳᠦᠷᠢᠮ ᠳᠤ ᠨᠡᠶᠢᠴᠡᠬᠦ᠂ ᠲᠦᠷᠦ ᠶᠢᠨ ᠪᠣᠳᠣᠯᠭ᠎ᠠ ᠶᠢᠨ ᠲᠠᠶᠢᠯᠪᠤᠷᠢᠯᠠᠯᠲᠠ ᠶᠢ ᠤᠨᠢᠨ ᠳᠡᠭᠡᠷ᠎ᠡ ᠨᠢ ᠢᠯᠡ ᠲᠣᠳᠣ ᠪᠠᠶᠢᠯᠭᠠᠬᠤ᠂ ᠲᠦᠷᠦ ᠶᠢᠨ ᠪᠣᠳᠣᠯᠭ᠎ᠠ ᠶᠢ ᠴᠠᠭ ᠲᠤᠬᠠᠢ ᠳᠤᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ  ᠃ ᠠᠵᠤ ᠦᠢᠯᠡᠳᠪᠦᠷᠢ ᠶᠢᠨ ᠠᠵᠤ ᠠᠬᠤᠢ ᠶᠢ ᠳᠡᠮᠵᠢᠬᠦ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠢᠩᠭᠠᠳᠬᠠᠵᠤ᠂ ᠲᠦᠷᠦ ᠶᠢᠨ ᠪᠣᠳᠣᠯᠭ᠎ᠠ ᠶᠢᠨ ᠬᠥᠰᠢᠬᠦ ᠦᠢᠯᠡᠳᠦᠯ ᠢ ᠦᠨᠡᠨᠬᠦ ᠪᠠᠳᠠᠷᠠᠭᠤᠯᠵᠤ᠂ ᠳᠤᠮᠳᠠ ᠪᠠᠭ᠎ᠠ ᠠᠵᠤ ᠠᠬᠤᠶᠢᠯᠠᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠲᠦᠷᠭᠡᠳᠬᠡᠵᠦ᠂ ᠠᠵᠤ ᠦᠢᠯᠡᠳᠪᠦᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠪᠦᠬᠦ ᠠᠶᠢᠮᠠᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃        ᠪᠠᠶᠢᠩᠭᠤ ᠶᠢᠨ ᠬᠤᠷᠠᠯ ᠲᠡᠭᠦᠰᠦᠭᠰᠡᠨ ᠤ ᠳᠠᠷᠠᠭ᠎ᠠ᠂ ᠠᠶᠢᠮᠠᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠵᠠᠯᠭᠠᠭ᠎ᠠ ᠪᠠᠷ ᠬᠤᠷᠠᠯᠳᠤᠭᠤᠯᠵᠤ᠂ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃          ᠠᠶᠢᠮᠠᠭ ᠤᠨ ᠤᠳᠤᠷᠢᠳᠤᠯᠭ᠎ᠠ ᠵᠢᠶᠠᠩ ᠲᠢᠶᠠᠨ ᠬᠤ᠋᠂  ᠬᠤᠩ ᠭᠤᠸᠠᠨ᠂ ᠴᠢᠦᠢ ᠵᠧᠨ ᠨᠢᠶᠠᠨ᠂ ᠼᠤᠤ ᠺᠠᠢ ᠬᠤᠩ᠂ ᠾᠧ ᠸᠧᠢ ᠯᠢ᠂ ᠯᠢᠦ ᠮᠢᠨ᠂ ᠰᠦᠨ ᠳ᠋ᠧ ᠮᠢᠨ᠂ ᠵᠠᠩ ᠪᠢᠩ ᠢᠦᠢ ᠬᠤᠷᠠᠯ ᠳᠤ ᠣᠷᠣᠯᠴᠠᠪᠠ᠃  
 
ᠢᠷᠡᠯᠲᠡ᠄ ᠬᠢᠩᠭᠠᠨ ᠠᠶᠢᠮᠠᠭ ᠤᠨ ᠵᠠᠬᠢᠷᠭᠠᠨ ᠤ ᠮᠤᠩᠭᠤᠯ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号