ᠲᠦᠴᠢᠦᠸᠠᠨ ᠰᠢᠶᠠᠨ ᠤ 3000 ᠭᠠᠷᠤᠢ ᠺᠠᠳ᠋ᠷ ︽ᠠᠵᠤ ᠠᠬᠤᠶᠢᠯᠠᠯ ᠳᠤ ᠣᠷᠣᠵᠤ ᠬᠡᠷᠡᠭᠴᠡᠭᠡ ᠶᠢ ᠠᠰᠠᠭᠤᠵᠤ︾ ᠬᠦᠴᠢᠷ ᠠᠰᠠᠭᠤᠳᠠᠯ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2022/4/20
     3 ᠰᠠᠷ᠎ᠠ ᠶᠢᠨ 14 ᠤ ᠡᠳᠦᠷ ᠤᠨ ᠥᠷᠯᠥᠭᠡ ᠡᠷᠲᠡ ᠲᠦᠴᠢᠦᠸᠠᠨ ᠰᠢᠶᠠᠨ ᠤ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶᠠᠨ ᠤ ᠯᠢᠦ ᠬᠤ᠋ ᠪᠠᠯᠭᠠᠰᠤᠨ ᠤ ᠢᠲᠡᠭᠡᠮᠵᠢ ᠶᠢᠨ ᠬᠤᠷᠰᠢᠶᠠᠨ ᠤ ᠠᠵᠢᠯᠲᠠᠨ ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠯᠢᠦ ᠬᠤ᠋ ᠪᠠᠯᠭᠠᠰᠤᠨ ᠤ ᠸᠠᠩ ᠣᠪᠣᠭᠲᠤ ᠶᠢᠨ ᠪᠤᠷᠴᠠᠭ ᠤᠨ ᠪᠦᠲᠦᠭᠡᠭᠳᠡᠬᠦᠨ ᠪᠣᠯᠪᠠᠰᠤᠷᠠᠭᠤᠯᠬᠤ ᠬᠢᠵᠠᠭᠠᠷᠲᠤ ᠺᠣᠮᠫᠠᠨᠢ ᠳᠤ ᠬᠦᠷᠴᠦ᠂ ᠺᠣᠮᠫᠠᠨᠢ ᠶᠢᠨ ᠵᠢᠭᠡᠯᠡᠯᠭᠡ ᠶᠢᠨ ᠪᠠᠷᠢᠮᠵᠢᠶ᠎ᠠ ᠳᠤ ᠨᠡᠶᠢᠴᠡᠬᠦ ᠡᠰᠡᠬᠦ ᠶᠢ ᠣᠶᠢᠯᠠᠭᠠᠪᠠ᠃ ᠠᠵᠢᠯᠲᠠᠨ ᠤ ᠵᠢᠯᠣᠭᠤᠳᠤᠯᠭ᠎ᠠ ᠬᠠᠪᠰᠤᠷᠤᠯᠭ᠎ᠠ ᠳᠣᠣᠷ᠎ᠠ᠂ ᠺᠣᠮᠫᠠᠨᠢ ᠶᠢᠨ ᠬᠠᠷᠢᠭᠤᠴᠠᠯᠭᠠᠲᠠᠨ ᠸᠠᠩ ᠬᠠᠢ ᠪᠥᠸᠧ ᠵᠢᠭᠡᠯᠡᠯᠭᠡ ᠠᠪᠬᠤ ᠭᠠᠷ ᠭᠦᠢᠴᠡᠳᠬᠡᠯ ᠢᠶᠠᠨ ᠲᠤᠰᠢᠶᠠᠭᠰᠠᠨ ᠳᠤ᠂ ᠸᠠᠩ ᠬᠠᠢ ᠪᠥᠸᠧ ᠰᠤᠷᠪᠤᠯᠵᠢᠯᠠᠭᠴᠢ ᠳᠤ ᠬᠡᠯᠡᠬᠦ ᠳᠡᠭᠡᠨ᠂ ᠡᠨᠡ ᠪᠣᠯ ᠲᠡᠭᠦᠨ ᠤ ᠠᠩᠬ᠎ᠠ ᠤᠳᠠᠭ᠎ᠠ ︽ᠥᠪᠥᠷ ᠮᠣᠩᠭᠤᠯ ᠤᠨ ᠠᠵᠤ ᠠᠬᠤᠶᠢᠯᠠᠯ ᠤᠨ ᠨᠡᠪᠲᠡᠷᠬᠡᠢ ᠮᠡᠳᠡᠭᠡ︾ ᠶᠢᠨ ᠲᠠᠪᠴᠠᠩ ᠳᠡᠭᠡᠷ᠎ᠡ ᠵᠢᠭᠡᠯᠡᠯᠭᠡ ᠭᠤᠶᠤᠴᠢᠯᠠᠬᠤ ᠬᠦᠰᠡᠯ ᠱᠠᠭᠠᠷᠳᠠᠯᠭ᠎ᠠ ᠪᠠᠨ ᠲᠤᠰᠢᠶᠠᠵᠤ ᠪᠠᠶᠢᠭ᠎ᠠ ᠶᠠᠪᠤᠳᠠᠯ ᠮᠥᠨ ᠭᠡᠵᠡᠢ᠃      ︽ᠥᠪᠥᠷ ᠮᠣᠩᠭᠤᠯ ᠤᠨ ᠠᠵᠤ ᠠᠬᠤᠶᠢᠯᠠᠯ ᠤᠨ ᠨᠡᠪᠲᠡᠷᠬᠡᠢ ᠮᠡᠳᠡᠭᠡ︾ ᠶᠢᠨ ᠲᠠᠪᠴᠠᠩ ᠢᠶᠠᠷ ᠳᠡᠮᠵᠢᠨ᠂ ᠸᠠᠩ ᠬᠠᠢ ᠪᠥᠸᠧ ᠭᠡᠷ ᠠᠴᠠ ᠪᠠᠨ ᠭᠠᠷᠬᠤ ᠦᠭᠡᠢ ᠪᠠᠷ ᠵᠢᠭᠡᠯᠡᠯᠭᠡ ᠠᠪᠤᠭᠰᠠᠨ ᠨᠢ ᠲᠡᠭᠦᠨ ᠤ ᠰᠠᠨᠠᠭᠠᠨ ᠳᠤ ᠦᠭᠡᠢ ᠪᠠᠷ ᠶᠡᠬᠡᠳᠡ ᠪᠠᠶᠠᠷᠯᠠᠵᠤ ᠪᠠᠶᠢᠯ᠎ᠠ᠃ ︽ᠪᠢ ᠬᠦᠰᠡᠯ ᠱᠠᠭᠠᠷᠳᠠᠯᠭ᠎ᠠ ᠪᠠᠨ ᠳᠤᠷᠠᠳᠤᠭᠰᠠᠨ ᠤ ᠳᠠᠷᠠᠭ᠎ᠠ᠂ ᠪᠠᠩᠬᠢ ᠶᠢᠨ ᠠᠵᠢᠯᠲᠠᠨ ᠨᠠᠳᠠ ᠤᠲᠠᠰᠤ ᠢᠷᠡᠭᠦᠯᠵᠦ ᠬᠠᠷᠢᠭᠤ ᠥᠭᠭᠦᠭᠰᠡᠨ ᠪᠥᠭᠡᠳ ᠮᠠᠷᠭᠠᠰᠢ ᠨᠢ ᠭᠡᠷ ᠲᠤᠨᠢ ᠣᠴᠢᠵᠤ ᠭᠦᠢᠴᠡᠳᠬᠡᠬᠦ ᠪᠠᠷ ᠨᠠᠳᠠ ᠲᠠᠢ ᠪᠣᠯᠵᠣᠭᠰᠠᠨ ᠨᠢ ᠦᠨᠡᠬᠡᠷ ᠲᠥᠬᠦᠮ ᠪᠣᠯᠵᠠᠢ᠂ ᠡᠨᠡ ᠨᠢ ᠪᠠᠰᠠ ︿ᠥᠪᠥᠷ ᠮᠣᠩᠭᠤᠯ ᠤᠨ ᠠᠵᠤ ᠠᠬᠤᠶᠢᠯᠠᠯ ᠤᠨ ᠨᠡᠪᠲᠡᠷᠬᠡᠢ ᠮᠡᠳᠡᠭᠡ﹀ ᠶᠢᠨ ᠦᠨᠡᠨ ᠬᠦ ᠮᠠᠰᠢ ᠬᠡᠷᠡᠭᠴᠡᠭᠡ ᠲᠠᠢ᠂ ᠮᠠᠨ ᠤ ᠡᠲᠡᠭᠡᠷ ᠠᠵᠤ ᠠᠬᠤᠶᠢᠯᠠᠯ ᠳᠤ ᠮᠠᠰᠢ ᠶᠡᠭᠡ ᠬᠠᠪᠰᠤᠷᠤᠯᠭ᠎ᠠ ᠦᠵᠡᠭᠦᠯᠦᠭᠰᠡᠨ ᠭᠡᠳᠡᠭ ᠢ ᠬᠠᠷᠠᠭᠤᠯᠵᠤ ᠪᠠᠶᠢᠨ᠎ᠠ︾ ᠭᠡᠵᠦ ᠸᠠᠩ ᠬᠠᠢ ᠪᠥᠸᠧ ᠪᠠᠶᠠᠷᠲᠠᠢ ᠪᠠᠷ ᠬᠡᠯᠡᠪᠡ᠃
  ᠲᠦᠴᠢᠦᠸᠠᠨ ᠰᠢᠶᠠᠨ ᠤ ᠯᠢᠦ ᠬᠤ᠋ ᠪᠠᠯᠭᠠᠰᠤᠨ ᠤ ᠸᠠᠩ ᠣᠪᠣᠭᠲᠤ ᠶᠢᠨ ᠪᠤᠷᠴᠠᠭ ᠤᠨ ᠪᠦᠲᠦᠭᠡᠭᠳᠡᠬᠦᠨ ᠪᠣᠯᠪᠠᠰᠤᠷᠠᠭᠤᠯᠬᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠸᠠᠩ ᠬᠠᠢ ᠪᠥᠸᠧ ᠬᠠᠭᠤᠷᠠᠢ ᠳ᠋ᠧᠦᠹᠦ᠋ ᠬᠢᠵᠦ ᠪᠠᠶᠢᠨ᠎ᠠ᠃︵ᠭᠡᠷᠡᠯ ᠵᠢᠷᠤᠭ᠄ ᠯᠢ ᠶᠠᠩ ᠶᠠᠩ︶     ᠡᠵᠡᠩᠨᠡᠯᠲᠡ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢᠨ ᠲᠥᠯᠥᠭᠡ᠂ ᠲᠦᠴᠢᠦᠸᠠᠨ ᠰᠢᠶᠠᠨ ᠤ ᠬᠢᠨ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨᠠᠬᠢ︾ ᠭᠡᠬᠦ ᠬᠤᠶᠠᠷ ᠵᠦᠢᠯ ᠤᠨ ᠠᠷᠭ᠎ᠠ ᠬᠡᠯᠪᠡᠷᠢ ᠪᠠᠷ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠦᠢᠯᠡᠴᠢᠯᠡᠵᠦ᠂ ︽ᠰᠦᠯᠵᠢᠶᠡᠨ ᠳᠡᠭᠡᠷ᠎ᠡ︾ ᠨᠢ ︽ᠥᠪᠥᠷ ᠮᠣᠩᠭᠤᠯ ᠤᠨ ᠠᠵᠤ ᠠᠬᠤᠶᠢᠯᠠᠯ ᠤᠨ ᠨᠡᠪᠲᠡᠷᠬᠡᠢ ᠮᠡᠳᠡᠭᠡ︾ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠭᠤᠮᠣᠳᠠᠯ ᠲᠣᠭᠠᠴᠢᠬᠤ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ︽ᠰᠦᠯᠵᠢᠶᠡᠨ ᠭᠠᠳᠠᠨᠠᠬᠢ︾ ᠨᠢ ᠨᠠᠮ ᠵᠠᠰᠠᠭ ᠤᠨ ᠪᠠᠶᠢᠭᠤᠯᠤᠯᠭ᠎ᠠ ᠶᠢᠨ ᠺᠠᠳ᠋ᠷᠴᠤᠳ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠬᠠᠨᠳᠤᠯᠭ᠎ᠠ ᠲᠠᠢ ᠪᠠᠷ ᠦᠢᠯᠡᠴᠢᠯᠡᠬᠦ ᠲᠣᠭᠲᠠᠴᠠ ᠶᠢ ᠪᠠᠶᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠥᠭᠪᠡ᠃     ᠰᠦᠨ ᠾᠧ ᠪᠣᠯ ᠲᠦᠴᠢᠦᠸᠠᠨ ᠰᠢᠶᠠᠨ ᠤ ᠱᠤ᠋ ᠭᠤᠸᠠᠩ ᠶᠡᠷᠦᠩᠬᠡᠶᠢᠯᠡᠭᠰᠡᠨ ᠬᠡᠷᠡᠭ ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ᠂ ᠮᠥᠨᠴᠦ ᠨᠢᠭᠡᠨ ᠠᠵᠤ ᠠᠬᠤᠶᠢᠯᠠᠯ ᠤᠨ ᠬᠠᠨᠳᠤᠯᠭ᠎ᠠ ᠲᠠᠢ ᠪᠠᠷ ᠦᠢᠯᠡᠴᠢᠯᠡᠬᠦ ᠺᠠᠳ᠋ᠷ ᠪᠣᠯᠣᠨ᠎ᠠ᠃ ᠡᠨᠡ ᠬᠤᠶᠠᠷ ᠡᠳᠦᠷ᠂ ᠲᠡᠭᠦᠨ ᠤ ᠵᠣᠬᠢᠴᠠᠭᠤᠯᠤᠯ ᠬᠠᠪᠰᠤᠷᠤᠯᠭ᠎ᠠ ᠪᠠᠷ᠂ ᠬᠢᠩᠭᠠᠨ ᠠᠶᠢᠮᠠᠭ ᠤᠨ ᠶᠤᠸᠠᠨ ᠮᠢᠶᠣᠣ ᠲᠠᠷᠢᠶᠠᠯᠠᠩ ᠤᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠠᠮᠵᠢᠯᠲᠠ ᠲᠠᠢ ᠭᠦᠢᠴᠡᠳᠬᠡᠪᠡ᠃
  ᠲᠦᠴᠢᠦᠸᠠᠨ ᠱᠤ᠋ ᠭᠤᠸᠠᠩ ᠤᠳᠤ ᠦᠶ᠎ᠡ ᠶᠢᠨ ᠲᠠᠷᠢᠶᠠᠯᠠᠩ ᠤᠨ ᠣᠷᠴᠢᠯ ᠠᠵᠤ ᠠᠬᠤᠢ ᠶᠢᠨ ᠬᠦᠷᠢᠶᠡᠯᠡᠩ ᠲᠣᠭᠤᠷᠢᠭ᠃︵ᠭᠡᠷᠡᠯ ᠵᠢᠷᠤᠭ᠄ ᠯᠢ ᠶᠠᠩ ᠶᠠᠩ︶  ︽ᠠᠵᠤ ᠠᠬᠤᠶᠢᠯᠠᠯ ᠤᠨ ᠬᠥᠭᠵᠢᠯᠲᠡ ᠪᠤᠶᠤ ᠵᠦᠢᠯᠡᠰ   ᠢ ᠲᠦᠯᠬᠢᠨ ᠠᠬᠢᠭᠤᠯᠬᠤ ᠶᠠᠪᠤᠴᠠ ᠳᠤ ᠬᠦᠴᠢᠷ ᠠᠰᠠᠭᠤᠳᠠᠯ᠂ ᠡᠪᠡᠷᠰᠢᠶᠡᠯ᠂ ᠲᠦᠭᠵᠢᠷᠡᠯ ᠳᠤ ᠲᠤᠯᠭᠠᠷᠠᠪᠠᠯ᠂ ᠪᠢᠳᠡ ᠰᠠᠨᠠᠭᠠᠴᠢᠯᠠᠭ᠎ᠠ   ᠠᠴᠠ ᠪᠠᠨ ᠢᠯᠡᠷᠡᠭᠦᠯᠵᠦ᠂ ᠰᠠᠨᠠᠭᠠᠴᠢᠯᠠᠭ᠎ᠠ   ᠠᠴᠠ ᠪᠠᠨ ᠬᠠᠷᠢᠭᠤᠯᠲᠠ ᠥᠭᠴᠦ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ   ᠶᠢ ᠴᠠᠭ ᠲᠤᠬᠠᠢ ᠳᠤᠨᠢ ᠰᠢᠢᠳᠪᠦᠷᠢᠯᠡᠨ᠂ ᠲᠡᠳᠡᠨ   ᠢ ᠠᠳᠡ ᠦᠨᠳᠦᠰᠦ ᠬᠠᠳᠬᠤᠭᠤᠯᠵᠤ᠂ ᠲᠣᠭᠲᠠᠭᠤᠨ ᠪᠠᠶᠢᠯᠭᠠᠵᠤ ᠴᠢᠳᠠᠬᠤ ᠪᠣᠯᠭᠠᠨ᠎ᠠ︾᠃ ᠭᠡᠵᠦ ᠰᠦᠨ ᠾᠧ ᠬᠡᠯᠡᠪᠡ᠃      ᠬᠢᠩᠭᠠᠨ ᠠᠶᠢᠮᠠᠭ ᠤᠨ ᠶᠤᠸᠠᠨ ᠮᠢᠶᠣᠣ ᠶᠢᠨ ᠲᠠᠷᠢᠶᠠᠯᠠᠩ ᠤᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ 2020 ᠣᠨ ᠳᠤ ᠲᠦᠴᠢᠦᠸᠠᠨ ᠤ ᠱᠤ᠋ ᠭᠤᠸᠠᠩ ᠤᠳᠤ ᠦᠶ᠎ᠡ ᠶᠢᠨ ᠲᠠᠷᠢᠶᠠᠯᠠᠩ ᠤᠨ ᠣᠷᠴᠢᠯ ᠠᠵᠤ ᠠᠬᠤᠢ ᠶᠢᠨ ᠬᠦᠷᠢᠶᠡᠯᠡᠩ ᠲᠣᠭᠤᠷᠢᠭ ᠲᠤ ᠣᠷᠣᠵᠤ ᠰᠠᠭᠤᠭᠰᠠᠨ ᠤ ᠲᠠᠷᠠᠭ᠎ᠠ᠂ ᠰᠦᠨ ᠾᠧ ᠬᠠᠨᠳᠤᠯᠭ᠎ᠠ ᠲᠠᠢ ᠦᠢᠯᠡᠴᠢᠯᠡᠬᠦ ᠺᠠᠳ᠋ᠷ ᠤᠨ ᠬᠤᠪᠢ ᠪᠠᠷ ᠠᠵᠤ ᠠᠬᠤᠶᠢᠯᠠᠯ ᠲᠠᠢ ᠢᠳᠡᠪᠬᠢᠲᠡᠢ ᠪᠠᠷ ᠵᠣᠯᠭᠠᠭᠤᠯᠵᠤ᠂ ᠭᠠᠷᠠᠭ ᠪᠦᠷᠢ ᠨᠢᠭᠡ ᠤᠳᠠᠭ᠎ᠠ ︽ᠶᠤᠸᠠᠨ ᠮᠢᠶᠣᠣ︾ ᠪᠠᠷ ᠭᠦᠶᠦᠬᠦ ᠨᠢ ᠲᠡᠭᠦᠨ ᠤ ᠡᠳᠦᠷ ᠲᠤᠳᠤᠮ ᠤᠨ ᠠᠵᠢᠯ ᠪᠣᠯᠵᠠᠢ᠃ ᠠᠵᠤ ᠠᠬᠤᠶᠢᠯᠠᠯ ᠢ ᠨᠠᠶᠢᠳᠠᠪᠤᠷᠢᠵᠢᠭᠤᠯᠤᠨ ᠦᠢᠯᠡᠳᠪᠦᠷᠢ ᠪᠠᠶᠢᠭᠤᠯᠬᠤ ᠠᠴᠠ ᠤᠰᠤ ᠴᠠᠬᠢᠯᠭᠠᠨ ᠬᠡᠷᠡᠭᠯᠡᠬᠦ᠂ ᠵᠠᠮ ᠲᠡᠭᠡᠭᠡᠪᠦᠷᠢ᠂ ᠦᠢᠯᠡᠳᠪᠦᠷᠢᠯᠡᠯ ᠳᠤ ᠣᠷᠣᠭᠤᠯᠬᠤ ᠬᠦᠷᠲᠡᠯ᠎ᠡ᠂ ᠭᠤᠭᠴᠤᠭ᠎ᠠ ᠨᠢᠭᠡᠪᠦᠷᠢ ᠳᠤ ᠴᠥᠮ ᠠᠵᠤ ᠠᠬᠤᠶᠢᠯᠠᠯ ᠤᠯᠠᠨ ᠲᠠᠯ᠎ᠠ ᠪᠠᠷ ᠭᠦᠶᠦᠬᠦ ᠴᠢᠬᠤᠯᠠ ᠦᠭᠡᠢ᠂ ᠠᠵᠤ ᠠᠬᠤᠶᠢᠯᠠᠯ ᠤᠨ ᠬᠠᠨᠳᠤᠯᠭ᠎ᠠ ᠲᠠᠢ ᠪᠠᠷ ᠦᠢᠯᠡᠴᠢᠯᠡᠬᠦ ᠺᠠᠳ᠋ᠷ ᠰᠦᠨ ᠾᠧ ᠲᠡᠳᠡᠨ ᠤ ᠠᠰᠠᠭᠤᠳᠠᠯ ᠢ ᠰᠢᠢᠳᠪᠦᠷᠢᠯᠡᠬᠦ ᠰᠠᠶᠢᠨ ᠬᠠᠪᠰᠤᠷᠤᠭᠴᠢ ᠪᠣᠯᠤᠭᠰᠠᠨ ᠪᠠᠶᠢᠨ᠎ᠠ᠃      ᠰᠦᠨ ᠾᠧ ᠶᠢᠨ ᠥᠪᠡᠷ ᠤᠨ ᠠᠵᠤ ᠠᠬᠤᠶᠢᠯᠠᠯ ᠳᠠᠭᠠᠨ ᠦᠵᠡᠭᠦᠯᠦᠭᠰᠡᠨ ᠬᠠᠪᠰᠤᠷᠤᠯᠭ᠎ᠠ ᠶᠢᠨ ᠲᠤᠬᠠᠢ ᠶᠠᠷᠢᠬᠤ ᠳᠠᠭᠠᠨ᠂ ᠬᠢᠩᠭᠠᠨ ᠠᠶᠢᠮᠠᠭ ᠤᠨ ᠶᠤᠸᠠᠨ ᠮᠢᠶᠣᠣ ᠶᠢᠨ ᠲᠠᠷᠢᠶᠠᠯᠠᠩ ᠤᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠺᠦᠩ ᠳᠤ ᠰᠢᠨ ᠤ ᠶᠠᠷᠢᠶᠠᠨ ᠤ ᠬᠠᠶᠢᠷᠴᠠᠭ ᠨᠢ ᠨᠡᠭᠡᠭᠡᠭᠳᠡᠵᠦ᠂ ︽ᠮᠠᠨ ᠤ ᠠᠵᠤ ᠠᠬᠤᠶᠢᠯᠠᠯ ᠳᠤ ᠶᠠᠮᠠᠷ ᠬᠡᠷᠡᠭᠴᠡᠭᠡ ᠱᠠᠭᠠᠷᠳᠠᠯᠭ᠎ᠠ ᠲᠠᠢ ᠪᠣᠯ ᠰᠦᠨ ᠾᠧ ᠡᠷᠬᠢᠯᠡᠭᠴᠢ ᠲᠡᠷᠡ ᠳᠠᠷᠤᠢ ᠳᠤᠨᠢ ᠢᠯᠡᠷᠡᠵᠦ᠂ ᠪᠢᠳᠡᠨ ᠢ ᠬᠠᠪᠰᠤᠷᠤᠨ ᠠᠷᠭ᠎ᠠ ᠪᠤᠳᠤᠨ ᠤᠴᠢᠷ ᠶᠠᠪᠤᠳᠠᠯ ᠢ ᠰᠢᠢᠳᠪᠦᠷᠢᠯᠡᠵᠦ ᠥᠭᠲᠡᠭ᠂ ᠡᠨᠡ ᠨᠢ ᠪᠢᠳᠡᠨ ᠢ ᠣᠨᠴᠠᠭᠠᠢ ᠴᠠᠭ ᠪᠠ ᠬᠦᠴᠦᠨ ᠳᠤ ᠠᠷᠪᠢᠲᠠᠢ ᠪᠣᠯᠭᠠᠵᠠᠢ᠂ ᠰᠦᠨ ᠾᠧ ᠡᠷᠬᠢᠯᠡᠭᠴᠢ ᠤᠳᠤ ᠮᠠᠨ ᠤ ᠠᠵᠤ ᠠᠬᠤᠶᠢᠯᠠᠯ ᠤᠨ ︿ᠰᠡᠳᠬᠢᠯ ᠢ ᠠᠮᠤᠷᠵᠢᠭᠤᠯᠬᠤ﹀ ᠪᠣᠯᠤᠭᠰᠠᠨ ᠪᠠᠶᠢᠨ᠎ᠠ︾ ᠭᠡᠵᠦ ᠬᠡᠯᠡᠪᠡ ᠭᠡᠵᠦ ᠺᠦᠩ ᠳᠤ ᠰᠢᠨ ᠬᠡᠬᠦᠳᠡᠭ ᠳᠦᠭᠦᠷᠡᠩ ᠲᠠᠯᠠᠷᠬᠠᠯ ᠤᠨ ᠰᠡᠳᠬᠢᠯᠭᠡ ᠪᠠᠷ ᠬᠡᠯᠡᠪᠡ᠃      ᠠᠵᠤ ᠠᠬᠤᠶᠢᠯᠠᠯ ᠳᠤ ᠣᠷᠣᠵᠤ ᠠᠰᠠᠭᠤᠬᠤ ᠳᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠤᠯᠠᠨ ᠲᠠᠯ᠎ᠠ ᠶᠢᠨ ᠦᠢᠯᠡᠴᠢᠯᠡᠭᠡ ᠪᠠᠷ ᠬᠥᠭᠵᠢᠯᠲᠡ ᠶᠢ ᠠᠬᠢᠭᠤᠯᠬᠤ ᠬᠡᠷᠡᠭᠲᠡᠢ᠃ 2022 ᠣᠨ ᠠᠴᠠ ᠨᠠᠰᠢ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠶᠢᠨ ᠲᠥᠯᠥᠭᠡ᠂ ᠲᠦᠴᠢᠦᠸᠠᠨ ᠰᠢᠶᠠᠨ ᠤ ᠬᠢᠨ ᠨᠠᠮ ᠵᠠᠰᠠᠭ ᠤᠨ ᠪᠠᠶᠢᠭᠤᠯᠤᠯᠭ᠎ᠠ ᠶᠢᠨ ᠺᠠᠳ᠋ᠷ ᠠᠵᠢᠯᠲᠠᠨ ᠠᠵᠢᠯᠴᠢᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠬᠠᠨᠳᠤᠯᠭ᠎ᠠ ᠲᠠᠢ ᠪᠠᠷ ᠦᠢᠯᠡᠴᠢᠯᠡᠬᠦ ᠠᠵᠢᠯ ᠢ ᠥᠷᠨᠢᠭᠦᠯᠵᠦ᠂ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨᠠᠬᠢ︾  ᠶᠢ ᠠᠭᠤᠰᠤᠯᠴᠠᠭᠤᠯᠬᠤ ᠬᠡᠯᠪᠡᠷᠢ ᠪᠠᠷ ᠳᠠᠮᠵᠢᠭᠤᠯᠵᠤ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠦᠢᠯᠡᠴᠢᠯᠡᠭᠡᠨ ᠤ ᠠᠵᠤ ᠠᠬᠤᠶᠢᠯᠠᠯ ᠤᠨ ︽ᠳᠡᠯᠭᠡᠭᠦᠷ ᠤᠨ ᠪᠠᠭᠰᠢ︾ ᠪᠣᠯᠪᠠ᠃ ᠣᠲᠣ ᠪᠣᠯᠲᠠᠯ᠎ᠠ᠂ ᠲᠦᠴᠢᠦᠸᠠᠨ ᠰᠢᠶᠠᠨ ᠳᠤ ᠨᠢᠭᠡᠨᠲᠡ 3150 ᠬᠠᠨᠳᠤᠯᠭ᠎ᠠ ᠲᠠᠢ ᠪᠠᠷ ᠦᠢᠯᠡᠴᠢᠯᠡᠬᠦ ᠺᠠᠳ᠋ᠷ ᠪᠠᠶᠢᠵᠤ᠂ 1 ᠲᠦᠮᠡ ᠭᠠᠷᠤᠢ ᠵᠠᠬ᠎ᠠ ᠳᠡᠯᠭᠡᠭᠦᠷ ᠤᠨ ᠪᠡᠶᠡᠴᠢ ᠴᠣᠭᠴᠠ ᠳᠤ ᠬᠠᠨᠳᠤᠯᠭ᠎ᠠ ᠲᠠᠢ ᠪᠠᠷ ᠦᠢᠯᠡᠴᠢᠯᠡᠬᠦ ᠺᠠᠳ᠋ᠷ ᠣᠯᠭᠤᠭᠰᠠᠨ ᠪᠠᠶᠢᠨ᠎ᠠ᠃  ︵ᠵᠣᠬᠢᠶᠠᠭᠴᠢ ᠶᠢᠨ ᠨᠢᠭᠡᠴᠡ᠄ ᠬᠤᠷᠴᠠ ᠭᠤᠸ ᠮᠢᠨ ᠨᠠ᠄ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ︔ᠯᠢ ᠶᠠᠩ ᠶᠠᠩ᠄ ᠲᠦᠴᠢᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ︶ᠬᠠᠷᠢᠭᠤᠴᠠᠯᠭ᠎ᠠ ᠶᠢᠨ ᠨᠠᠶᠢᠷᠠᠭᠤᠯᠤᠭᠴᠢ᠄ ᠵᠧᠦ ᠮᠠᠨ ᠯᠢᠨ᠂ ᠲᠦ᠋ ᠯᠢ ᠸᠧᠢ᠂ ᠰᠦᠩ ᠵᠢᠶᠦ᠋ᠨ
 
ᠢᠷᠡᠯᠲᠡ᠄ ᠰᠣᠷᠣᠯᠴᠠᠯᠭ᠎ᠠ ᠶᠢᠨ ᠬᠦᠴᠦᠷᠬᠡᠭ ᠣᠯᠣᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号