ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ 2022 ᠣᠨ ᠤ ᠵᠢᠭᠠᠰᠤ ᠠᠩᠨᠠᠬᠤ ᠬᠤᠷᠢᠭᠠᠲᠠᠢ ᠬᠤᠭᠤᠴᠠᠭᠠᠨ ᠤ ᠵᠢᠭᠠᠰᠤ ᠠᠩᠨᠠᠬᠤ ᠬᠤᠷᠢᠭᠠᠲᠠᠢ ᠣᠷᠣᠨ ᠤ ᠵᠢᠭᠠᠰᠤᠨ ᠤ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2022/4/25
                 ᠲᠦᠴᠢᠤᠸᠠᠨ ᠵᠠᠰᠠᠭ ᠠᠯᠪᠠᠨ ᠦᠰᠦᠭ   ﹇2022﹈ 10 ᠳ᠋ᠤᠭᠠᠷ ᠲᠣᠭᠠᠲᠤᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ᠄    ᠵᠢᠭᠠᠰᠤᠨ ᠠᠵᠤ ᠠᠬᠤᠢ ᠶᠢᠨ ᠡᠬᠢ ᠪᠠᠶᠠᠯᠢᠭ ᠢ ᠬᠠᠮᠠᠭᠠᠯᠠᠵᠤ᠂ ᠮᠠᠨ ᠤ ᠰᠢᠶᠠᠨ ᠤ ᠵᠢᠭᠠᠰᠤᠨ ᠠᠵᠤ ᠠᠬᠤᠢ ᠶᠢᠨ ᠪᠣᠬᠢᠷᠳᠤᠯ ᠦᠭᠡᠢ᠂ ᠠᠮᠤᠷ ᠲᠦᠪᠰᠢᠨ᠂ ᠵᠢᠷᠤᠮᠵᠢᠯ ᠲᠠᠢ᠂ ᠦᠷᠭᠦᠯᠵᠢᠯᠡᠬᠦ ᠬᠥᠭᠵᠢᠯᠲᠡ ᠶᠢ ᠪᠠᠲᠤᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠠᠵᠤ ᠦᠢᠯᠡᠰ ᠤᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠠᠵᠤ ᠦᠢᠯᠡᠰ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢᠨ ᠲᠣᠭᠲᠠᠭᠠᠯ ᠢ ᠦᠨᠳᠦᠰᠦᠯᠡᠨ᠂ ᠡᠳᠦᠭᠡ 2022 ᠣᠨ ᠤ ᠵᠢᠭᠠᠰᠤᠨ ᠠᠵᠤ ᠦᠢᠯᠡᠰ ᠤᠨ ᠬᠤᠷᠢᠭᠠᠲᠠᠢ ᠬᠤᠭᠤᠴᠠᠭᠠᠨ ᠤ ᠵᠢᠭᠠᠰᠤᠨ ᠶᠠᠪᠤᠳᠠᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠳᠣᠣᠷᠠᠬᠢ ᠮᠡᠲᠦ ᠵᠠᠷᠯᠠᠶ᠎ᠠ᠄    ᠨᠢᠭᠡ᠂ ᠵᠢᠭᠠᠰᠤ ᠠᠩᠨᠠᠬᠤ ᠬᠤᠷᠢᠭᠠᠲᠠᠢ ᠬᠤᠭᠤᠴᠠᠭ᠎ᠠ᠂ ᠵᠢᠭᠠᠰᠤ ᠠᠩᠨᠠᠬᠤ ᠬᠤᠷᠢᠭᠠᠲᠠᠢ ᠣᠷᠣᠨ ᠤ ᠬᠤᠪᠢᠶᠡᠷᠯᠠᠯ   ᠲᠦᠴᠢᠦᠸᠠᠨ ᠰᠢᠶᠠᠨ ᠤ ᠰᠢᠶᠠᠨ ᠤ ᠬᠡᠪᠴᠢᠶᠡᠨ ᠳᠠᠬᠢ ᠭᠤᠣᠯ ᠮᠥᠷᠡᠨ᠂ ᠨᠠᠭᠤᠷ ᠴᠥᠭᠦᠷᠥᠮ ᠪᠠ ᠤᠰᠤᠨ ᠴᠥᠭᠦᠷᠥᠮ ︵ᠴᠥᠭᠦᠷᠥᠮ ᠤᠨ ᠪᠠᠭᠲᠠᠭᠠᠮᠵᠢ ᠨᠢ 1000 ᠲᠦᠮᠡᠨ ᠪᠣᠰᠤᠭ᠎ᠠ ᠳᠥᠷᠪᠡᠯᠵᠢᠨ ᠮᠧᠲᠷ ᠠᠴᠠ ᠶᠡᠭᠡ︶ ᠵᠡᠷᠭᠡ ᠵᠢᠭᠠᠰᠤᠨ ᠠᠵᠤ ᠦᠢᠯᠡᠰ ᠤᠨ ᠤᠰᠤᠨ ᠣᠷᠣᠨ ᠤ ᠵᠢᠭᠠᠰᠤ ᠠᠩᠨᠠᠬᠤ ᠬᠤᠷᠢᠭᠠᠲᠠᠢ ᠬᠤᠭᠤᠴᠠᠭ᠎ᠠ ᠨᠢ 5 ᠰᠠᠷ᠎ᠠ ᠶᠢᠨ 1 ᠤ ᠡᠳᠦᠷ ᠠᠴᠠ 7 ᠰᠠᠷ᠎ᠠ ᠶᠢᠨ 31 ᠤ ᠡᠳᠦᠷ ᠪᠣᠯᠲᠠᠯ᠎ᠠ᠂ ᠪᠠᠶᠢᠭᠠᠯᠢᠭ ︵ᠬᠥᠮᠥᠨ ᠤ ᠬᠦᠴᠦ ᠪᠠᠷ ᠪᠦᠷᠢᠯᠳᠦᠭᠰᠡᠨ ᠪᠤᠰᠤ︶ ᠤᠰᠤᠨ ᠣᠷᠣᠨ ᠤ ᠵᠢᠭᠠᠰᠤᠨ ᠲᠦᠷᠦᠯ ᠤᠨ ᠥᠨᠳᠡᠭᠡᠯᠡᠬᠦ ᠲᠠᠯᠠᠪᠠᠢ ᠪᠠ ᠨᠡᠭᠦᠳᠡᠯᠯᠡᠬᠦ ᠭᠤᠣᠯ ᠤᠨ ᠵᠠᠮ ᠢ ᠪᠠᠶᠢᠩᠭᠤ ᠶᠢᠨ ᠵᠢᠭᠠᠰᠤ ᠠᠩᠨᠠᠬᠤ ᠬᠤᠷᠢᠭᠠᠲᠠᠢ ᠣᠷᠣᠨ ᠢᠶᠠᠷ ᠬᠤᠪᠢᠶᠠᠷᠢᠯᠠᠪᠠ᠃    ᠬᠤᠶᠠᠷ᠂ ᠵᠢᠭᠠᠰᠤ ᠠᠩᠨᠠᠬᠤ ᠬᠤᠷᠢᠭᠠᠲᠠᠢ ᠬᠤᠭᠤᠴᠠᠭᠠᠨ ᠤ ᠬᠠᠮᠢᠶᠠᠷᠤᠯᠲᠠ   ︵ᠨᠢᠭᠡ︶ ᠵᠢᠭᠠᠰᠤ ᠠᠩᠨᠠᠬᠤ ᠬᠤᠷᠢᠭᠠᠲᠠᠢ ᠬᠤᠭᠤᠴᠠᠭᠠᠨ ᠳᠤ ᠵᠢᠭᠠᠰᠤ ᠠᠩᠨᠠᠬᠤ ᠬᠤᠷᠢᠭᠠᠲᠠᠢ ᠣᠷᠣᠨ ᠳᠤ ᠰᠡᠯᠡᠭᠦᠴᠡᠵᠦ ᠵᠢᠭᠠᠰᠤ ᠭᠥᠬᠢᠳᠡᠬᠦ ᠠᠴᠠ ᠪᠤᠰᠤᠳ ᠪᠤᠢ ᠪᠦᠬᠦᠢ ᠠᠩᠨᠠᠵᠤ ᠱᠦᠭᠦᠬᠦ ᠠᠵᠢᠯ ᠤᠨ ᠲᠤᠶᠢᠷᠦᠯ ᠵᠦᠢᠯ ᠢ ᠴᠠᠭᠠᠵᠠᠯᠠᠵᠤ᠂ ᠬᠠᠤᠯᠢ ᠪᠤᠰᠤ ᠪᠠᠷ ᠠᠩᠨᠠᠵᠤ ᠱᠦᠭᠦᠭᠰᠡᠨ ᠵᠢᠭᠠᠰᠤᠨ ᠤ ᠵᠦᠢᠯ ᠢ ᠬᠤᠳᠠᠯᠳᠤᠨ ᠠᠪᠬᠤ᠂ ᠵᠥᠭᠡᠭᠡᠪᠦᠷᠢᠯᠡᠬᠦ᠂ ᠬᠠᠳᠠᠭᠠᠯᠠᠬᠤ᠂ ᠪᠣᠷᠣᠯᠠᠭᠤᠯᠬᠤ ᠶᠢ ᠴᠠᠭᠠᠵᠠᠯᠠᠨ᠎ᠠ᠃    ︵ᠬᠤᠶᠠᠷ︶ ᠵᠢᠭᠠᠰᠤ ᠠᠩᠨᠠᠬᠤ ᠬᠤᠷᠢᠭᠠᠲᠠᠢ ᠣᠷᠣᠨ ᠪᠣᠯᠣᠨ ᠵᠢᠭᠠᠰᠤ ᠠᠩᠨᠠᠬᠤ ᠬᠤᠷᠢᠭᠠᠲᠠᠢ ᠬᠤᠭᠤᠴᠠᠭᠠᠨ ᠳᠤ᠂ ᠰᠢᠨᠵᠢᠯᠡᠬᠦ ᠤᠬᠠᠭᠠᠨ ᠤ ᠰᠤᠳᠤᠯᠭᠠᠨ ᠬᠢᠬᠦ᠂ ᠲᠡᠵᠢᠭᠡᠨ ᠦᠷᠡᠵᠢᠭᠦᠯᠬᠦ ᠵᠡᠷᠭᠡ ᠤᠨᠴᠠᠭᠠᠢ ᠬᠡᠷᠡᠭᠴᠡᠭᠡ ᠠᠴᠠ ᠪᠣᠯᠣᠭᠠᠳ ᠠᠩᠨᠠᠵᠤ ᠱᠦᠭᠦᠬᠦ ᠠᠵᠢᠯ ᠬᠢᠬᠦ ᠭᠡᠪᠡᠯ᠂ ᠡᠷᠬᠡᠪᠰᠢ ᠠᠶᠢᠮᠠᠭ ᠬᠤᠳᠠ ᠶᠢᠨ ᠵᠢᠭᠠᠰᠤᠨ ᠠᠵᠤ ᠦᠢᠯᠡᠰ ᠤᠨ ᠵᠠᠰᠠᠭ ᠵᠠᠬᠢᠷᠭᠠᠨ ᠤ ᠭᠤᠤᠯᠯᠡᠨ ᠬᠠᠮᠢᠶᠠᠷᠬᠤ ᠰᠠᠯᠠᠭ᠎ᠠ ᠮᠥᠴᠢᠷ ᠢᠶᠠᠷ  ᠬᠢᠨᠠᠨ ᠬᠠᠷᠭᠤᠭᠤᠯᠤᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠲᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠢ᠃   ︵ᠭᠤᠷᠪᠠ︶ ᠰᠢᠶᠠᠨ ᠤ ᠵᠢᠭᠠᠰᠤᠨ ᠠᠵᠤ ᠦᠢᠯᠡᠰ ᠤᠨ ᠵᠠᠰᠠᠭ ᠵᠠᠬᠢᠷᠭᠠᠨ ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠳ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠨᠢᠭᠲᠠ  ᠬᠠᠮᠵᠢᠯᠴᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠠᠵᠤ ᠦᠢᠯᠡᠰ ᠤᠨ ᠬᠠᠤᠯᠢ︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠠᠵᠤ ᠦᠢᠯᠡᠰ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢᠨ ᠲᠣᠭᠲᠠᠭᠠᠯ ᠶᠣᠰᠣᠭᠠᠷ᠂ ᠵᠢᠭᠠᠰᠤ ᠶᠢ ᠴᠠᠬᠢᠯᠭᠠᠨ ᠢᠶᠠᠷ ᠴᠤᠬᠢᠬᠤ᠂ ᠵᠢᠭᠠᠰᠤ ᠶᠢ ᠬᠤᠤᠷᠳᠠᠭᠤᠯᠬᠤ᠂  ᠵᠢᠭᠠᠰᠤ ᠶᠢ ᠳᠡᠯᠪᠡᠴᠢᠬᠦ ᠵᠢᠭᠠᠰᠤ ᠵᠢᠴᠢ  ᠳᠠᠯᠳᠠᠭᠤᠷ ᠠᠩᠨᠠᠬᠤ ᠳᠤᠷ᠎ᠠ ᠪᠠᠷ ᠱᠦᠭᠦᠬᠦ ᠵᠡᠷᠭᠡ ᠵᠢᠭᠠᠰᠤᠨ ᠠᠵᠤ ᠦᠢᠯᠡᠰ ᠤᠨ ᠡᠬᠢ ᠪᠠᠶᠠᠯᠢᠭ ᠪᠠ ᠵᠢᠭᠠᠰᠤᠨ ᠠᠵᠤ ᠦᠢᠯᠡᠰ ᠤᠨ ᠤᠰᠤᠨ ᠣᠷᠣᠨ ᠤ ᠣᠷᠴᠢᠨ ᠲᠣᠭᠤᠷᠢᠨ ᠢ ᠡᠪᠳᠡᠬᠦ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠬᠦ ᠬᠡᠷᠡᠭᠲᠠᠢ᠃ ᠵᠣᠬᠢᠴᠠᠩᠭᠤᠢ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ ; ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ  ᠨᠡᠭᠡᠮᠵᠢᠯᠡᠨ᠎ᠡ᠃   ᠭᠤᠷᠪᠠ᠂ ᠬᠡᠷᠡᠭᠵᠢᠭᠦᠯᠬᠦ ᠴᠠᠭ ᠬᠤᠭᠤᠴᠠᠭ᠎ᠠ   ᠲᠤᠰ ᠵᠠᠷᠯᠠᠯ ᠢ 2022 ᠣᠨ ᠤ 5 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃   ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄  0482 - 5121263   ᠡᠭᠦᠨ ᠤ ᠲᠤᠯᠠ ᠣᠨᠴᠠᠭᠠᠶᠢᠯᠠᠨ ᠵᠠᠷᠯᠠᠪᠠ                                 2022 ᠣᠨ ᠤ 4 ᠰᠠᠷ᠎ᠠ ᠶᠢᠨ 20 ᠤ ᠡᠳᠦᠷ                                 ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ index.html
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号