ᠪᠠᠭ᠎ᠠ ᠡᠪᠡᠳᠴᠢᠨ ᠲᠣᠰᠬᠤᠨ ᠠᠴᠠ ᠭᠠᠷᠬᠤ ᠦᠭᠡᠢ᠂ ᠲᠣᠰᠬᠤᠨ ᠳᠤ ︽ᠨᠡᠷᠡᠲᠦ ᠡᠮᠴᠢ︾  ᠪᠠᠶᠢᠨ᠎ᠠ
ᠨᠡᠶᠢᠲᠡᠯᠡᠭᠰᠡᠨ ᠴᠠᠭ᠄
2022/4/28
  ᠰᠢᠨᠬᠤᠸᠠ ᠬᠤᠷᠢᠶᠠᠨ ᠤ ᠬᠥᠬᠡᠬᠤᠲᠠ ᠶᠢᠨ 3 ᠰᠠᠷ᠎ᠠ ᠶᠢᠨ 15 ᠤ ᠡᠳᠦᠷ ᠤᠨ ᠮᠡᠳᠡᠭᠡ 69 ᠨᠠᠰᠤᠲᠠᠢ ᠯᠢᠦ ᠢᠦᠢ ᠴᠢᠨ ᠰᠢᠬᠢᠷ ᠰᠢᠵᠢᠩ ᠡᠪᠡᠳᠴᠢᠨ ᠲᠠᠢ᠂ ᠥᠩᠭᠡᠷᠡᠭᠰᠡᠨ ᠳᠤ ᠡᠪᠡᠳᠴᠢᠨ ᠦᠵᠡᠭᠦᠯᠬᠦ ᠳᠡᠭᠡᠨ ᠭᠡᠷ ᠤᠨ ᠬᠥᠮᠥᠰ ᠲᠠᠢ ᠪᠠᠨ ᠬᠠᠮᠲᠤ 80 ᠭᠠᠷᠤᠢ ᠺᠢᠯᠣᠮᠧᠲᠷ ᠤᠨ ᠵᠠᠶᠢᠲᠠᠢ ᠰᠢᠶᠠᠨ ᠤ ᠡᠮᠨᠡᠯᠭᠡ ᠶᠢᠨ ᠬᠤᠷᠢᠶ᠎ᠠ ᠳᠤ ᠣᠴᠢᠵᠤ᠂ ᠨᠠᠰᠢ ᠴᠠᠰᠢ ᠶᠠᠪᠤᠬᠤ ᠳᠤ ᠨᠠᠭᠠᠲᠤ ᠵᠠᠬ᠎ᠠ ᠳᠠᠭᠠᠨ ᠬᠤᠶᠠᠷ ᠡᠳᠦᠷ ᠬᠡᠷᠡᠭᠰᠡᠨ᠎ᠡ᠂ ᠣᠲᠣ ᠲᠡᠷᠡ ᠠᠷᠪᠠᠨ ᠬᠡᠳᠦᠨ ᠮᠢᠨᠦ᠋ᠲ ᠤᠨ ᠳᠠᠷᠠᠭ᠎ᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠬᠦᠷᠴᠦ ︽ᠨᠤᠲᠤᠭ ᠤᠨ ᠨᠠᠷᠠᠲᠤ ᠡᠮᠴᠢ ︾ ᠶᠢᠨ ᠡᠮᠴᠢᠯᠡᠭᠡ ᠶᠢ ᠬᠦᠯᠢᠶᠡᠨ᠎ᠡ᠃     2019 ᠣᠨ ᠠᠴᠠ ᠡᠬᠢᠯᠡᠨ᠂ ᠯᠢᠦ ᠢᠦᠢ ᠴᠢᠨ ᠤ ᠲᠦᠷᠦᠭᠰᠡᠨ ᠨᠤᠲᠤᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠩᠭᠠᠨ ᠠᠶᠢᠮᠠᠭ ᠤᠨ ᠲᠦᠴᠢᠦᠸᠠᠨ ᠰᠢᠶᠠᠨ ᠳᠤ᠂ ᠴᠢᠨᠠᠷ ᠰᠠᠶᠢᠲᠠᠢ ᠡᠮ ᠡᠮᠨᠡᠯᠭᠡ ᠶᠢᠨ ᠡᠬᠢ ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠵᠤ᠂ ᠨᠢᠭᠡ ᠪᠦᠯᠦᠭ ︽ᠨᠤᠲᠤᠭ ᠤᠨ ᠨᠡᠷᠡᠲᠦ ᠡᠮᠴᠢ︾ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠬᠦᠷᠴᠦ᠂ ᠲᠣᠰᠬᠤᠨ ᠤ ᠠᠷᠠᠳ ᠤᠨ ᠪᠠᠭ᠎ᠠ ᠡᠪᠡᠳᠴᠢᠨ᠂ ᠪᠠᠶᠢᠩᠭᠤ ᠲᠣᠬᠢᠶᠠᠯᠳᠤᠳᠠᠭ ᠡᠪᠡᠳᠴᠢᠨ ᠢ ᠭᠡᠷ ᠤᠨ ᠡᠭᠦᠳᠡᠨ ᠳᠤ ᠡᠮᠨᠡᠭᠦᠯᠵᠦ ᠳᠡᠶᠢᠯᠬᠦ ᠪᠣᠯᠪᠠ᠃     ᠯᠢᠦ ᠢᠦᠢ ᠴᠢᠨ ᠰᠢᠬᠢᠷ ᠰᠢᠵᠢᠩ ᠡᠪᠡᠳᠴᠢᠨ ᠤ ᠳᠠᠪᠬᠤᠴᠠᠭᠰᠠᠨ ᠡᠪᠡᠳᠴᠢᠨ ᠤ ᠬᠠᠷᠠᠭ᠎ᠠ ᠪᠠᠷ ᠪᠦᠬᠦ ᠪᠡᠶ᠎ᠡ  ᠨᠢ ᠬᠠᠪᠤᠳᠴᠤ᠂ ᠡᠳᠦᠷ ᠪᠦᠷᠢ ᠶᠢᠨ ᠦᠳᠡ ᠶᠢᠨ ᠡᠮᠦᠨ᠎ᠡ ᠲᠦᠴᠢᠦᠸᠠᠨ ᠰᠢᠶᠠᠨ ᠤ ᠪᠦᠦ ᠱᠢ ᠪᠠᠯᠭᠠᠰᠤᠨ ᠤ ᠪᠦᠦ ᠯᠦᠩ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠬᠦᠷᠴᠦ ᠵᠡᠭᠦᠦ ᠲᠥᠭᠡᠨᠡᠯᠭᠡ ᠶᠢᠨ ᠵᠠᠰᠠᠯ ᠬᠢᠳᠡᠭ᠃ ︽ᠨᠢᠭᠡ ᠴᠠᠭ ᠵᠡᠭᠦᠦ ᠬᠠᠳᠬᠤᠪᠠᠯ ᠦᠳᠡ ᠳᠤ ᠭᠡᠷ ᠲᠡᠭᠡᠨ ᠬᠠᠷᠢᠵᠤ ᠲᠠᠷᠢᠶᠠᠨ ᠠᠵᠢᠯ ᠬᠢᠬᠦ᠂ ᠭᠡᠷ ᠤᠨ ᠠᠵᠢᠯ ᠬᠢᠬᠦ ᠨᠢ ᠰᠢᠶᠠᠨ ᠤ ᠡᠮᠨᠡᠯᠭᠡ ᠳᠤ ᠣᠴᠢᠬᠤ   ᠠᠴᠠ ᠬᠤᠯᠠ ᠬᠢᠯᠪᠠᠷ ᠶᠤᠮ︾ ᠭᠡᠵᠦ ᠯᠢᠦ ᠢᠦᠢ ᠴᠢᠨ ᠬᠡᠯᠡᠪᠡ᠃ ᠪᠦᠦ ᠯᠦᠩ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠬᠠᠮᠲᠤ ᠪᠠᠷ ᠡᠮᠨᠡᠭᠦᠯᠵᠦ ᠪᠠᠶᠢᠭ᠎ᠠ ᠬᠥᠮᠥᠰ ᠲᠤ ᠪᠦᠦ ᠯᠦᠩ ᠲᠣᠰᠬᠤᠨ ᠤ ᠬᠡᠳᠦᠨ ᠲᠣᠰᠬᠤᠨ ᠤ ᠠᠷᠠᠳ ᠪᠠᠶᠢᠬᠤ ᠠᠴᠠ ᠭᠠᠳᠠᠨ᠎ᠠ ᠪᠠᠰᠠ ᠵᠡᠷᠭᠡᠯᠡᠳᠡᠭᠡ ᠲᠣᠰᠬᠤᠨ ᠤ ᠨᠡᠷ᠎ᠡ ᠠᠯᠳᠠᠷ ᠢ ᠰᠣᠨᠣᠰᠤᠭᠠᠳ ᠢᠷᠡᠭᠰᠡᠨ ᠡᠪᠡᠳᠴᠢᠲᠡᠨ ᠪᠤᠢ᠃ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠯᠢ ᠴᠤᠤ ᠬᠤᠢ ᠡᠮᠴᠢ ᠪᠣᠯ ᠲᠦᠴᠢᠦᠸᠠᠨ ᠰᠢᠶᠠᠨ ᠤ ᠬᠥᠮᠥᠵᠢᠭᠦᠯᠦᠭᠰᠡᠨ ᠠᠩᠬᠠᠨ ᠤ ᠪᠦᠯᠦᠭ ︽ᠨᠤᠲᠤᠭ ᠤᠨ ᠨᠡᠷᠡᠳᠦ ᠡᠮᠴᠢ︾ ᠪᠣᠯᠣᠨ᠎ᠠ᠂ ᠵᠡᠭᠦᠦ ᠲᠥᠭᠡᠨᠡᠯᠭᠡ ᠶᠢᠨ ᠮᠡᠷᠭᠡᠵᠢᠯ ᠰᠠᠶᠢᠨ ᠤᠴᠢᠷ ᠠᠴᠠ ᠲᠣᠰᠬᠤᠨ ᠤ ᠠᠷᠠᠳ ᠤᠨ ᠢᠲᠡᠭᠡᠯ ᠢ ᠶᠡᠬᠡᠳᠡ ᠣᠯᠵᠠᠢ᠃ ︽ᠰᠢᠶᠠᠨ ᠤ ᠬᠢᠨ ︿ᠨᠤᠲᠤᠭ ᠤᠨ ᠨᠡᠷᠡᠲᠦ ᠡᠮᠴᠢ﹀   ᠶᠢᠨ ᠲᠥᠯᠥᠪᠯᠡᠭᠡ   ᠶᠢ ᠬᠡᠷᠡᠭᠵᠢᠭᠦᠯᠦᠭᠰᠡᠨ ᠤ ᠳᠠᠷᠠᠭ᠎ᠠ ᠬᠤᠶᠠᠷ ᠤᠳᠠᠭ᠎ᠠ ᠨᠠᠳᠠ   ᠶᠢ ᠭᠠᠳᠠᠭᠰᠢ ᠭᠠᠷᠭᠠᠵᠤ ᠳᠠᠪᠲᠠᠨ ᠪᠣᠯᠪᠠᠰᠤᠷᠠᠭᠤᠯᠤᠭᠰᠠᠨ ᠢᠶᠠᠷ ᠮᠢᠨᠤ ᠣᠨᠣᠰᠢᠯᠠᠨ ᠡᠮᠨᠡᠬᠦ ᠮᠡᠷᠭᠡᠵᠢᠯ   ᠢ ᠶᠡᠭᠡ ᠪᠠᠷ ᠳᠡᠭᠡᠭᠰᠢᠯᠡᠭᠦᠯᠦᠭᠰᠡᠨ ᠪᠣᠯᠬᠤᠷ ᠵᠡᠭᠦᠦ ᠲᠥᠭᠡᠨᠡᠯᠭᠡ   ᠶᠢᠨ ᠵᠠᠰᠠᠯᠭ᠎ᠠ   ᠶᠢᠨ ᠦᠷ᠎ᠡ ᠪᠦᠲᠦᠮᠵᠢ   ᠶᠢ ᠨᠡᠩ ᠰᠠᠶᠢᠨ ᠪᠠᠳᠠᠷᠠᠭᠤᠯᠵᠤ ᠴᠢᠳᠠᠭᠰᠠᠨ ᠪᠠᠶᠢᠨ᠎ᠠ︾᠃ ᠯᠢ ᠴᠤᠤ ᠬᠤᠢ ᠬᠡᠯᠡᠭᠰᠡᠨ ᠨᠢ᠂ ᠤᠤᠯ ᠨᠢ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠡᠳᠦᠷ ᠲᠤ ᠲᠠᠪᠤ ᠭᠤᠷᠪᠠᠭ᠋ᠠᠨ ᠬᠥᠮᠥᠨ ᠡᠪᠡᠳᠴᠢᠨ ᠦᠵᠡᠭᠦᠯᠬᠦ ᠪᠠᠷ ᠢᠷᠡᠵᠦ ᠪᠠᠶᠢᠵᠠᠢ᠂ ᠣᠳᠣ ᠵᠡᠭᠦᠦ ᠲᠥᠭᠡᠨᠡᠯᠭᠡ ᠬᠦᠯᠢᠶᠡᠵᠦ ᠪᠠᠶᠢᠭ᠎ᠠ ᠡᠪᠡᠳᠴᠢᠲᠡᠨ ᠥᠷᠯᠥᠭᠡ ᠠᠴᠠ ᠣᠷᠣᠢ ᠪᠣᠯᠲᠠᠯ᠎ᠠ ᠪᠡᠶ᠎ᠡ ᠪᠠᠷ   ᠢᠶᠠᠨ ᠪᠠᠰᠠ ᠭᠤᠷᠪᠠᠨ ᠡᠮᠴᠢ ᠰᠤᠪᠢᠯᠠᠭᠴᠢ   ᠶᠢ ᠬᠥᠯᠥᠰᠦᠯᠡᠵᠦ ᠪᠠᠶᠢᠨ᠎ᠠ᠃     ᠲᠣᠰᠬᠤᠨ ᠤ ᠡᠮᠴᠢ ᠪᠣᠯ ᠲᠣᠰᠬᠤᠨ ᠤ ᠠᠷᠠᠳ ᠤᠨ ᠡᠷᠡᠭᠦᠯ ᠮᠡᠨᠳᠦ ᠶᠢᠨ ︽ᠡᠭᠦᠳᠡ ᠰᠠᠬᠢᠭᠴᠢ︾ ᠮᠥᠨ᠂ ᠲᠦᠴᠢᠦᠸᠠᠨ ᠰᠢᠶᠠᠨ ᠤ ᠬᠢᠨ ᠲᠣᠰᠬᠤᠨ ᠤ ᠡᠮᠴᠢ ᠶᠢᠨ ᠡᠩᠨᠡᠭᠡ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠰᠢᠬᠢᠷ ᠰᠢᠵᠢᠩ ᠡᠪᠡᠳᠴᠢᠨ᠂ ᠴᠢᠰᠤᠨ ᠳᠠᠷᠤᠯᠲᠠ ᠥᠨᠳᠥᠷ ᠡᠪᠡᠳᠴᠢᠨ᠂ ᠶᠠᠰᠤ ᠦᠶᠡᠰ ᠤᠨ ᠡᠪᠡᠳᠴᠢᠨ᠂ ᠤᠳᠠᠭᠠᠨ ᠰᠠᠭᠠᠳ ᠲᠠᠢ ᠠᠭᠤᠰᠬᠢ᠂ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠵᠡᠷᠭᠡ ᠲᠠᠪᠤᠨ ᠲᠥᠷᠥᠯ ᠤᠨ ᠣᠷᠣᠨ ᠨᠤᠲᠤᠭ ᠤᠨ ᠪᠠᠶᠢᠩᠭᠤ ᠲᠣᠬᠢᠶᠠᠯᠳᠤᠳᠠᠭ ᠡᠪᠡᠳᠴᠢᠨ ᠳᠤ ᠴᠢᠭᠯᠡᠭᠦᠯᠦᠨ ︽ᠨᠤᠲᠤᠭ ᠤᠨ ᠨᠠᠷᠠᠲᠤ ᠡᠮᠴᠢ︾ ᠬᠥᠮᠥᠵᠢᠭᠦᠯᠵᠦ᠂ ᠲᠣᠰᠬᠤᠨ ᠤ ᠠᠷᠠᠳ ᠤᠨ ᠡᠳᠦᠷ ᠲᠤᠲᠤᠮ ᠤᠨ ᠡᠪᠡᠳᠴᠢᠨ ᠦᠵᠡᠭᠦᠯᠬᠦ ᠬᠡᠷᠡᠭᠴᠡᠭᠡ ᠶᠢ ᠰᠢᠢᠳᠪᠦᠷᠢᠯᠡᠨ᠎ᠡ᠃     ᠯᠢ ᠴᠤᠤ ᠬᠤᠢ᠄ ︽ᠣᠳᠣᠬᠠᠨ ᠳᠤ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠴᠥᠮ ᠡᠭᠦᠳᠡᠨ ᠡᠮᠨᠡᠯᠭᠡ ᠶᠢᠨ ᠬᠠᠮᠢᠶᠠᠷᠤᠯᠲᠠ ᠶᠢᠨ ᠶᠣᠰᠣᠭᠠᠷ ᠬᠠᠮᠢᠶᠠᠷᠴᠤ ᠪᠠᠶᠢᠨ᠎ᠠ᠂ ᠪᠠᠰᠠ ᠲᠤᠰᠬᠠᠢ ᠮᠡᠷᠭᠡᠵᠢᠯᠲᠡᠨ ᠤ ᠡᠭᠦᠳᠡᠨ ᠡᠮᠨᠡᠯᠭᠡ ᠠᠴᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠬᠢᠨᠠᠯᠲᠠ ᠲᠠᠯᠪᠢᠵᠤ ᠵᠢᠭᠠᠨ ᠵᠢᠯᠤᠭᠤᠳᠴᠤ᠂ ᠡᠪᠡᠳᠴᠢᠨ ᠦᠵᠡᠭᠦᠯᠬᠦ᠂ ᠡᠮ ᠬᠤᠳᠠᠯᠳᠤᠨ ᠠᠪᠬᠤ ᠲᠠᠯ᠎ᠠ ᠪᠠᠷ ᠪᠦᠷ ᠨᠡᠩ ᠵᠢᠷᠤᠮᠵᠢᠭᠤᠨ ᠪᠣᠯᠵᠠᠢ︾ ᠭᠡᠵᠦ ᠬᠡᠯᠡᠪᠡ᠃     ᠪᠦᠦ ᠱᠢ ᠪᠠᠯᠭᠠᠰᠤᠨ ᠤ ᠪᠦᠦ ᠱᠧᠩ ᠲᠣᠰᠬᠤᠨ ᠤ ᠠᠷᠠᠳ ᠯᠢ ᠱᠤ᠋ ᡁᠢ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠠᠴᠠ ᠵᠢᠷᠦᠬᠡ ᠲᠠᠷᠢᠬᠢᠨ ᠤ ᠴᠢᠰᠤᠨ ᠰᠤᠳᠠᠯ ᠤᠨ ᠡᠪᠡᠳᠴᠢᠨ ᠢ ᠵᠠᠰᠠᠬᠤ ᠡᠮ ᠬᠤᠳᠠᠯᠳᠤᠨ ᠠᠪᠴᠤ᠂ 10 ᠺᠢᠯᠣᠮᠧᠲᠷ ᠤᠨ ᠴᠠᠭᠠᠨᠠᠬᠢ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠰᠦᠢᠳᠬᠡᠯ ᠬᠤᠷᠢᠶᠠᠭᠴᠢ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠰᠢᠰᠲ᠋ᠧᠮ ᠳᠤ ᠲᠡᠭᠦᠨ ᠤ ᠡᠮ ᠤᠨ ᠰᠦᠢᠳᠬᠡᠯ ᠢ ᠳ᠋ᠦᠩᠨᠡᠨ ᠪᠤᠳᠤᠵᠤ ᠥᠭᠭᠦᠭᠡᠳ᠂ ᠳ᠋ᠦᠩᠨᠡᠨ ᠪᠤᠳᠤᠭᠰᠠᠨ ᠬᠠᠭᠤᠳᠠᠰᠤ ᠶᠢ ᠰᠡᠭᠦᠳᠡᠷᠯᠡᠨ ᠲᠣᠰᠬᠤᠨ ᠤ ᠡᠮᠴᠢ ᠳᠤ ᠥᠭᠴᠦ᠂ ᠯᠢ ᠱᠤ᠋ ᡁᠢ ᠲᠡᠷᠡ ᠳᠠᠷᠤᠢ ᠳᠤᠨᠢ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠺᠣᠳ᠋ ᠰᠢᠷᠪᠢᠵᠦ ᠮᠥᠩᠭᠦ ᠲᠥᠯᠥᠵᠦ᠂ ᠰᠢᠭᠤᠳ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠪᠠᠷ ᠶᠠᠪᠤᠵᠠᠢ᠃     ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠤᠨ ᠡᠭᠦᠳᠡᠨ ᠡᠮᠨᠡᠯᠭᠡ ᠶᠢᠨ ᠪᠦᠲᠦᠭᠡᠨ ᠪᠠᠶᠢᠭᠤᠯᠤᠯᠲᠠ ᠪᠣᠯ ᠰᠢᠶᠠᠨ ᠰᠢᠶᠠᠩ ᠭᠠᠴᠠᠭᠠᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢᠨ ᠵᠠᠩᠭᠢᠯᠠᠭ᠎ᠠ ᠮᠥᠨ᠃ ᠲᠦᠴᠢᠦᠸᠠᠨ ᠰᠢᠶᠠᠨ ᠤ ᠡᠮᠴᠢᠯᠡᠭᠡᠨ ᠤ ᠪᠦᠯᠦᠭᠯᠡᠯ ᠤᠨ ᠶᠡᠷᠦᠩᠬᠡᠢ ᠡᠮᠨᠡᠯᠭᠡ ᠶᠢᠨ ᠬᠤᠷᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠪᠦᠦ ᠱᠢ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠳᠠᠷᠤᠭ᠎ᠠ ᠰᠥᠩ ᠴᠢᠩ ᠵᠢᠶᠦ᠋ᠨ ᠬᠡᠯᠡᠬᠦ ᠳᠡᠭᠡᠨ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠨᠢᠭᠡᠳᠦᠯᠲᠡᠢ ᠬᠠᠮᠢᠶᠠᠷᠤᠯᠲᠠ ᠶᠢ ᠬᠡᠷᠡᠭᠵᠢᠭᠦᠯᠦᠭᠰᠡᠨ ᠤ ᠲᠠᠷᠠᠭ᠎ᠠ᠂ ᠰᠢᠶᠠᠩ ᠪᠠᠯᠭᠠᠰᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠭᠦᠳᠡᠨ ᠡᠮᠨᠡᠯᠭᠡ ᠶᠢᠨ ᠬᠡᠮᠵᠢᠶ᠎ᠡ ᠨᠢ ᠥᠩᠭᠡᠷᠡᠭᠰᠡᠨ ᠤ ᠭᠤᠷᠪᠠᠨ ᠲᠠᠬᠢᠨ ᠢᠯᠡᠭᠦᠦ ᠳᠤ ᠬᠦᠷᠴᠦ᠂ ᠲᠡᠭᠦᠨ ᠤ ᠳᠣᠲᠣᠷᠠᠬᠢ ᠭᠤᠷᠪᠠᠨ ᠤ ᠬᠤᠶᠠᠷ ᠬᠤᠪᠢ ᠨᠢ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠠᠴᠠ ᠢᠷᠡᠵᠤ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠨᠢ ᠪᠠᠰᠠ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠰᠢᠶᠠᠨ ᠤ ᠬᠢᠲᠠᠳ ᠡᠮᠨᠡᠯᠭᠡ ᠶᠢᠨ ᠬᠤᠷᠢᠶ᠎ᠠ ᠲᠠᠢ ᠰᠢᠶᠠᠨ ᠤ ᠬᠡᠪᠴᠢᠶᠡᠨ ᠤ ᠡᠮᠨᠡᠯᠭᠡ ᠶᠢᠨ ᠬᠠᠮᠲᠤ ᠶᠢᠨ ᠴᠣᠭᠴᠠ ᠶᠢ ᠪᠦᠷᠢᠯᠳᠦᠭᠦᠯᠵᠦ᠂ ᠰᠢᠶᠠᠨ ᠰᠢᠶᠠᠩ ᠤᠨ ᠰᠢᠯᠵᠢᠭᠦᠯᠦᠨ ᠡᠮᠨᠡᠭᠦᠯᠬᠦ ᠶᠢ ᠵᠠᠪᠰᠠᠷ ᠦᠭᠡᠢ ᠵᠠᠯᠭᠠᠯᠳᠤᠭᠤᠯᠬᠤ ᠶᠢ ᠪᠡᠶᠡᠯᠡᠭᠦᠯᠪᠡ᠃     ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠰᠥᠩ ᠴᠢᠩ ᠵᠢᠶᠦ᠋ᠨ ᠵᠡᠷᠭᠡ ᠰᠢᠶᠠᠨ ᠤ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠲᠤᠬᠠᠶᠢᠯᠠᠭᠰᠠᠨ ᠠᠵᠢᠯ ᠤᠨ ᠳᠡᠳ᠋ ᠬᠤᠷᠢᠶᠠᠨ ᠳᠠᠷᠤᠭ᠎ᠠ ᠲᠦᠴᠢᠦᠸᠠᠨ ᠰᠢᠶᠠᠨ ᠤ 11 ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ ᠭᠦᠢᠴᠡᠳᠬᠡᠬᠦ ᠬᠤᠷᠢᠶᠠᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠰᠡᠨ ᠢᠶᠠᠷ ᠪᠠᠷᠠᠬᠤ ᠦᠭᠡᠢ᠂ ᠪᠠᠰᠠ ᠲᠤᠰᠬᠠᠢ ᠰᠠᠯᠠᠭᠠᠨ ᠤ ᠡᠮᠴᠢ ᠲᠣᠭᠲᠠᠮᠠᠯ ᠬᠤᠭᠤᠴᠠᠭ᠎ᠠ ᠲᠠᠢ ᠪᠠᠷ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠬᠦᠷᠴᠦ ᠡᠪᠡᠳᠴᠢᠨ ᠦᠵᠡᠭᠦᠯᠵᠦ᠂ ᠲᠤᠰᠬᠠᠢ ᠮᠡᠷᠭᠡᠵᠢᠯᠲᠡᠨ ᠤ ᠳᠣᠷᠣᠭᠰᠢ ᠪᠠᠭᠤᠵᠤ ᠪᠦᠬᠦᠨ ᠢ ᠬᠠᠮᠤᠷᠬᠤ ᠶᠢ ᠪᠡᠶᠡᠯᠡᠭᠦᠯᠵᠡᠢ᠃     ᠲᠦᠴᠢᠦᠸᠠᠨ ᠰᠢᠶᠠᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠮᠡᠳᠡᠷᠡᠯ ᠤᠨ ᠳᠣᠲᠣᠷ ᠰᠠᠯᠠᠭᠠᠨ ᠤ ᠡᠮᠴᠢ ᠬᠠᠨ ᠶᠢᠩ ᠱᠦᠢ ᠴᠢᠦᠸᠠᠨ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠳᠤ ᠰᠠᠭᠤᠭ᠎ᠠ ᠠᠩᠬᠠᠨ ᠤ ᠵᠢᠯ ᠳᠤ᠂ ᠡᠪᠡᠳᠴᠢᠲᠡᠨ ᠢᠶᠠᠨ ᠣᠯᠠᠨ ᠵᠢᠯ ᠬᠤᠷᠢᠶᠠᠭ᠎ᠠ ᠦᠭᠡᠢ ᠡᠨᠡ ᠬᠦ ᠡᠷᠡᠭᠦᠯ ᠬᠠᠮᠠᠭᠠᠯᠠᠯ ᠤᠨ ᠬᠤᠷᠢᠶ᠎ᠠ ᠡᠪᠡᠳᠴᠢᠲᠡᠨ ᠢ ᠭᠥᠯᠢᠶᠡᠨ ᠠᠪᠴᠤ ᠡᠮᠨᠡᠭᠦᠯᠵᠦ ᠡᠬᠢᠯᠡᠭᠰᠡᠨ ᠪᠥᠭᠡᠳ ᠪᠠᠰᠠ ᠲᠤᠰᠬᠠᠢ ᠰᠠᠯᠠᠭᠠᠨ ᠤ ᠡᠮᠴᠢ ᠶᠢ ᠤᠷᠢᠵᠤ ᠡᠷᠡᠭᠦᠯ ᠬᠠᠮᠠᠭᠠᠯᠠᠯ ᠤᠨ ᠬᠤᠷᠢᠶᠠᠨ ᠳᠤ 28 ᠮᠡᠰᠡ ᠵᠠᠰᠠᠯ ᠬᠢᠯᠭᠡᠵᠡᠢ᠃ ᠬᠠᠨ ᠢᠩ ᠬᠡᠯᠡᠭᠰᠡᠨ ᠨᠢ᠄ ︽ᠡᠷᠡᠭᠦᠯ ᠬᠠᠮᠠᠭᠠᠯᠠᠯ ᠤᠨ ᠬᠤᠷᠢᠶᠠᠨ ᠤ ᠬᠠᠲᠠᠭᠤ ᠬᠡᠷᠡᠭᠰᠡᠯ ᠤᠨ ᠲᠥᠬᠦᠭᠡᠷᠦᠮᠵᠢ ᠨᠢ ᠴᠥᠮ ᠪᠦᠷᠢᠨ ᠭᠦᠢᠴᠡᠳ᠂ ᠵᠥᠪᠬᠡᠨ ᠣᠨᠣᠰᠢᠯᠠᠨ ᠡᠮᠨᠡᠬᠦ ᠴᠢᠳᠠᠪᠤᠷᠢ ᠪᠠᠨ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠂ ᠪᠢᠳᠡ ᠡᠮᠴᠢ ᠰᠤᠪᠢᠯᠠᠭᠴᠢᠳ ᠲᠤ ᠥᠪᠡᠷ ᠤᠨ ᠪᠡᠶ᠎ᠡ ᠪᠠᠷ   ᠢᠶᠠᠨ ᠪᠣᠯᠪᠠᠰᠤᠷᠠᠯ ᠬᠦᠷᠲᠡᠭᠡᠬᠦ   ᠶᠢᠨ ᠬᠠᠮᠲᠤ ᠲᠣᠭᠲᠠᠮᠠᠯ ᠬᠤᠭᠤᠴᠠᠭ᠎ᠠ  ᠲᠠᠢ ᠪᠠᠷ ᠲᠤᠰᠬᠠᠢ ᠰᠠᠯᠠᠭᠠᠨ ᠤ ᠡᠮᠴᠢ   ᠶᠢ ᠤᠷᠢᠵᠤ ᠡᠮᠴᠢᠯᠡᠭᠦᠯᠦᠨ᠎ᠡ᠂ ᠡᠷᠡᠭᠦᠯ ᠬᠠᠮᠠᠭᠠᠯᠠᠯ ᠤᠨ ᠬᠤᠷᠢᠶᠠᠨ ᠳᠤ ᠬᠢᠵᠦ ᠳᠡᠶᠢᠯᠬᠦ ᠵᠠᠷᠢᠮ ᠵᠢᠵᠢᠭ ᠮᠡᠰᠡ ᠵᠠᠰᠠᠯ   ᠢ ᠰᠢᠶᠠᠨ ᠤ ᠡᠮᠨᠡᠯᠭᠡ   ᠶᠢᠨ ᠬᠤᠷᠢᠶᠠᠨ ᠳᠤ ᠳᠠᠭᠢᠵᠤ ᠣᠴᠢᠭᠤᠯᠬᠤ ᠬᠡᠷᠡᠭ ᠦᠭᠡᠢ︾ ᠭᠡᠵᠡᠢ᠃      ᠬᠠᠨ ᠶᠢᠩ ᠱᠦᠢ ᠴᠢᠤᠸᠠᠨ ᠪᠠᠯᠭᠠᠰᠤᠨ ᠳᠤ ᠬᠥᠳᠡᠭᠡ ᠪᠠᠭᠤᠵᠤ ᠠᠯᠪᠠᠨ ᠵᠢᠷᠤᠮ ᠤᠨ ᠡᠮᠴᠢᠯᠡᠭᠡ ᠬᠢᠬᠦ ᠦᠶ᠎ᠡ ᠳᠤ᠂ ᠲᠣᠰᠬᠤᠨ ᠤ ᠠᠷᠠᠳ᠄ ︽ᠡᠷᠡᠭᠦᠯ ᠬᠠᠮᠠᠭᠠᠯᠠᠯ ᠤᠨ ᠬᠤᠷᠢᠶ᠎ᠠ ᠡᠪᠡᠳᠴᠢᠨ ᠢ ᠡᠳᠡᠭᠡᠵᠦ ᠲᠠᠶᠢᠯᠤᠨ᠎ᠠ ᠦᠦ︖︾ ᠭᠡᠵᠦ ᠰᠡᠳᠬᠢᠯ ᠠᠮᠤᠷ ᠦᠭᠡᠢ ᠠᠰᠠᠭᠤᠳᠠᠭ᠃ ᠲᠤᠬᠠᠢ ᠶᠢᠨ ᠦᠶ᠎ᠡ ᠳᠤ ᠲᠣᠰᠬᠤᠨ ᠤ ᠠᠷᠠᠳ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢ ᠨᠡᠶᠢᠳᠡᠮ ᠳᠡᠭᠡᠨ ᠢᠲᠡᠭᠡᠬᠦ ᠦᠭᠡᠢ ᠪᠠᠶᠢᠵᠠᠢ᠂ ᠤᠳᠤ ᠲᠣᠰᠬᠤᠨ ᠤ ᠠᠷᠠᠳ ᠪᠠᠭ᠎ᠠ ᠰᠠᠭ᠎ᠠ ᠡᠪᠡᠳᠴᠢᠨ ᠲᠠᠢ ᠪᠣᠯᠪᠠᠯ ᠤᠷᠢᠳᠠᠪᠠᠷ ᠡᠮᠨᠡᠯᠭᠡ ᠶᠢᠨ ᠬᠤᠷᠢᠶ᠎ᠠ ᠳᠤ ᠣᠴᠢᠵᠤ ᠦᠵᠡᠭᠦᠯᠬᠦ ᠪᠣᠯᠣᠨ᠎ᠠ᠃ ᠬᠠᠨ ᠶᠢᠩ᠄ ︽ᠪᠢᠳᠡ ᠦᠨᠳᠦᠰᠦᠨ ᠱᠠᠲᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠲᠣᠰᠬᠤᠨ ᠤ ᠠᠷᠠᠳ ᠤᠨ︿ᠪᠠᠭ᠎ᠠ ᠡᠪᠡᠳᠴᠢᠨ ᠳᠤ ᠲᠣᠰᠬᠤᠨ ᠠᠴᠠ ᠭᠠᠷᠬᠤ ᠦᠭᠡᠢ ﹀ ᠪᠠᠶᠢᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ︾ ᠭᠡᠵᠦ ᠬᠡᠯᠡᠪᠡ᠃ ︵ᠰᠤᠷᠪᠤᠯᠵᠢᠯᠠᠭᠴᠢ ᠸᠧᠢ ᠵᠢᠩ ᠢᠦᠢ︶
 
ᠢᠷᠡᠯᠲᠡ᠄ ᠰᠣᠷᠣᠯᠴᠠᠯᠭ᠎ᠠ ᠶᠢᠨ ᠬᠦᠴᠦᠷᠬᠡᠭ ᠣᠯᠣᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号