ᠲᠦᠴᠢᠦᠸᠠᠨ ᠰᠢᠶᠠᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2022/4/30
    2022 ᠣᠨ ᠤ ᠨᠢᠭᠡᠳᠦᠭᠡᠷ ᠤᠯᠠᠷᠢᠯ ᠳᠤ ᠮᠠᠨ ᠤ ᠰᠢᠶᠠᠨ ᠤ ᠤᠯᠤᠰ ᠠᠷᠠᠳ ᠤᠨ ᠠᠵᠤ ᠠᠬᠤᠢ ᠰᠡᠷᠭᠦᠨ ᠬᠥᠭᠵᠢᠬᠦ ᠪᠠᠶᠢᠳᠠᠯ ᠢᠶᠠᠨ ᠦᠷᠭᠦᠯᠵᠢᠯᠡᠭᠦᠯᠵᠦ᠂ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠪᠠᠶᠢᠨ᠎ᠠ     ᠪᠦᠬᠦ ᠰᠢᠶᠠᠨ ᠤ ᠠᠵᠤ ᠠᠬᠤᠢ ᠶᠢᠨ ᠡᠬᠢᠯᠡᠯᠲᠡ ᠰᠠᠶᠢᠨ ᠪᠠᠶᠢᠨ᠎ᠠ     ᠪᠦᠬᠦ ᠰᠢᠶᠠᠨ ᠢᠶᠠᠷ ᠢᠶᠠᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 17.0087 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠦᠯᠦ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ  ᠬᠢ ᠠᠴᠠ 7.2% ᠢᠶᠠᠷ ᠨᠡᠮᠡᠭᠳᠡᠵᠡᠢ᠃     ᠠᠵᠤ ᠦᠢᠯᠡᠰ ᠤᠨ ᠲᠠᠯ᠎ᠠ ᠠᠴᠠ ᠦᠵᠡᠬᠦ     ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 2.6281 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.4% ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 7.2431 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.7% ᠪᠠᠷ ᠨᠡᠮᠡᠭᠳᠡᠪᠡ︔ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 7.1375 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠨᠡᠮᠡᠭᠳᠡᠪᠡ᠃     ᠭᠤᠷᠪᠠᠨ ᠠᠵᠤ ᠦᠢᠯᠡᠰ ᠤᠨ ᠪᠦᠲᠦᠴᠡ 15.4:42.6:42.0᠃     ᠲᠠᠷᠢᠶᠠᠯᠠᠩ ᠤᠨ ᠦᠢᠯᠡᠳᠪᠦᠷᠢᠯᠡᠯ ᠲᠣᠭᠲᠠᠭᠤᠨ ᠪᠥᠭᠡᠳ ᠡᠮᠬᠢ ᠵᠢᠷᠤᠮ ᠲᠠᠢ     ᠪᠥᠬᠦ ᠰᠢᠶᠠᠨ ᠤ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠨᠡᠮᠡᠭᠳᠡᠯ ᠥᠷᠲᠡᠭ 2.65 ᠳ᠋ᠦᠩᠰᠢᠭᠤᠷ ᠲᠥᠭᠦᠷᠢᠭ ᠲᠤ ᠬᠦᠷᠴᠦ᠂ ᠥᠯᠥ ᠬᠤᠪᠢᠰᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 7.4% ᠪᠠᠷ ᠨᠡᠮᠡᠭᠳᠡᠵᠡᠢ᠃ ᠪᠦᠬᠦ ᠰᠢᠶᠠᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠲᠠᠷᠢᠶᠠᠯᠠᠭ᠎ᠠ ᠶᠢ ᠡᠮᠬᠢ ᠵᠢᠷᠤᠮ ᠲᠠᠢ ᠲᠦᠯᠬᠢᠨ ᠠᠬᠢᠭᠤᠯᠪᠠ᠃       ᠠᠵᠤ ᠦᠢᠯᠡᠳᠪᠦᠷᠢ ᠶᠢᠨ ᠦᠢᠯᠡᠳᠪᠦᠷᠢᠯᠡᠯ ᠲᠣᠭᠲᠠᠭᠤᠨ ᠤ ᠳᠤᠮᠳᠠ ᠤᠷᠤᠭᠰᠢᠯᠠᠯᠲᠠ ᠲᠠᠢ ᠪᠣᠯᠪᠠ      ᠪᠥᠬᠦ ᠰᠢᠶᠠᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠪᠥᠬᠦ ᠥᠷᠲᠡᠭ 133305 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 68.2% ᠨᠡᠮᠡᠭᠳᠡᠨ᠂ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 6.9% ᠨᠡᠮᠡᠭᠳᠡᠪᠡ᠃      ᠲᠤᠯᠭᠠᠭᠤᠷᠢ ᠠᠵᠤ ᠠᠬᠤᠶᠢᠯᠠᠯ ᠠᠴᠠ ᠦᠵᠡᠪᠡᠯ      ᠴᠢᠩ ᠶᠧ ᠨᠡᠭᠦᠷᠡᠰᠦᠨ ᠤ ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ ᠬᠢ ᠠᠴᠠ ︱ 2.6% ᠨᠡᠮᠡᠭᠳᠡᠵᠦ᠂ ᠯᠦᠩ ᠲᠧᠩ ᠨᠡᠭᠦᠷᠡᠰᠦ ᠤᠬᠢᠶᠠᠬᠤ ᠦᠢᠯᠡᠳᠪᠦᠷᠢ ᠶᠢᠨ ᠦᠢᠯᠡᠳᠬᠦᠨ ᠤ ᠦᠷᠳᠡᠭ ᠠᠳᠠᠯᠢ ᠬᠤᠭᠤᠴᠠᠭᠠᠨ ᠤ ᠬᠢ ᠠᠴᠠ 507.5% ᠨᠡᠮᠡᠭᠳᠡᠵᠡᠢ᠃      ᠦᠢᠯᠡᠳᠬᠦᠨ ᠤ ᠭᠠᠷᠤᠯᠲᠠ ᠠᠴᠠ ᠦᠵᠡᠪᠡᠯ      ᠵᠡᠰ ᠲᠡᠮᠦᠷᠯᠢᠭ ᠤᠨ ᠠᠭᠤᠯᠤᠭᠳᠠᠴᠠ᠂ ᠪᠠᠷᠢᠯᠭ᠎ᠠ ᠳᠤ ᠬᠡᠷᠡᠭᠯᠡᠬᠦ ᠪᠠᠶᠢᠭᠠᠯᠢ ᠶᠢᠨ ᠴᠢᠯᠠᠭᠤᠨ ᠮᠠᠲ᠋ᠧᠷᠢᠶᠠᠯ᠂ ᠲᠡᠵᠢᠭᠡᠯ ᠪᠣᠷᠳᠤᠭ᠎ᠠ᠂ ᠰᠢᠨ᠎ᠡ ᠰᠣᠷᠭᠤᠭ᠂ ᠬᠥᠯᠳᠡᠭᠡᠨ ᠬᠠᠳᠠᠭᠠᠯᠠᠬᠤ ᠮᠢᠬ᠎ᠠ᠂ ᠴᠢᠳᠬᠤᠮᠠᠯ ᠪᠣᠯᠣᠳ ᠲᠣᠨᠤᠭ ᠨᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 144.8%᠂ 1672.8%᠂ -36.8%᠂ -100%᠂ 24.3% ᠪᠠᠷ ᠨᠡᠮᠡᠭᠳᠡᠪᠡ᠃       ᠦᠢᠯᠡᠴᠢᠯᠡᠭᠡᠨ ᠤ ᠦᠢᠯᠡᠰ ᠤᠨ ᠲᠣᠭᠲᠠᠭᠤᠨ ᠰᠡᠷᠭᠦᠭᠡᠯᠲᠡ       ᠪᠥᠬᠦ ᠰᠢᠶᠠᠨ ᠤ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ 7.1375 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠭ᠊ ᠢ ᠠᠴᠠ 5.5% ᠨᠡᠮᠡᠭᠳᠡᠪᠡ᠃       ᠠᠵᠢᠯ ᠲᠦᠷᠦᠯ ᠤᠨ ᠲᠠᠯ᠎ᠠ ᠠᠴᠠ ᠦᠵᠡᠪᠡᠯ       ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠦᠢᠯᠡᠰ ᠤᠨ ᠨᠡᠮᠡᠭᠳᠡᠯ ᠥᠷᠲᠡᠭ᠂ ᠮᠥᠩᠭᠦᠨ ᠭᠦᠢᠯᠭᠡᠭᠡᠨ ᠤ ᠦᠢᠯᠡᠰ ᠤᠨ ᠨᠡᠮᠡᠭᠳᠡᠯ ᠥᠷᠲᠡᠭ᠂ ᠵᠠᠮ ᠲᠡᠭᠡᠭᠡᠪᠦᠷᠢ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ ᠲᠣᠰ ᠲᠣᠰ 17.6%᠂ 9.2%᠂ 3.7% ᠪᠠᠷ ᠨᠡᠮᠡᠭᠳᠡᠪᠡ᠃       ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠯ ᠢᠶᠠᠨ ᠪᠠᠲᠤᠯᠠᠪᠠ         500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 3062.5% ᠨᠡᠮᠡᠭᠳᠡᠪᠡ᠃       ᠠᠵᠢᠯ ᠲᠦᠷᠦᠯ ᠤᠨ ᠲᠠᠯ᠎ᠠ ᠠᠴᠠ ᠦᠵᠡᠪᠡᠯ       ᠬᠥᠷᠥᠰᠥ ᠰᠢᠷᠣᠢ ᠶᠢ ᠵᠠᠰᠠᠬᠤ ᠪᠠ ᠵᠠᠰᠠᠨ ᠰᠡᠷᠭᠦᠭᠡᠬᠦ ᠪᠡᠯᠡ ᠣᠷᠣᠭᠤᠯᠤᠯᠲᠠ ᠶᠢᠨ ᠶᠡᠷᠦᠩᠬᠡᠢ ᠪᠡᠯᠡ ᠣᠷᠣᠭᠤᠯᠤᠯᠲᠠ ᠶᠢᠨ ᠪᠥᠬᠦ ᠬᠠᠷᠢᠴᠠᠯ ᠢ ᠡᠵᠡᠯᠡᠨ᠎ᠡ᠃       ᠠᠵᠤ ᠦᠢᠯᠡᠰ ᠤᠨ ᠲᠠᠯ᠎ᠠ ᠠᠴᠠ ᠦᠵᠡᠬᠦ       ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠨᠢ ᠪᠡᠯᠡ ᠣᠷᠣᠭᠤᠯᠤᠯᠲᠠ ᠶᠢᠨ ᠪᠥᠬᠦ ᠬᠡᠮᠵᠢᠶ᠎ᠡ ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 4432.4% ᠪᠠᠷ ᠨᠡᠮᠡᠭᠳᠡᠪᠡ᠃       ᠪᠡᠯᠡ ᠣᠷᠣᠭᠤᠯᠤᠯᠲᠠ ᠶᠢᠨ ᠭᠤᠣᠯ ᠴᠣᠭᠴᠠ ᠠᠴᠠ ᠦᠵᠡᠪᠡᠯ       ᠠᠷᠠᠳ ᠤᠨ ᠪᠡᠯᠡ ᠣᠷᠣᠭᠤᠯᠤᠯᠲᠠ ᠪᠥᠬᠦ ᠪᠡᠯᠡ ᠣᠷᠣᠭᠤᠯᠤᠯᠲᠠ ᠶᠢ ᠡᠵᠡᠯᠡᠵᠦ᠂ ᠠᠳᠠᠯᠢ ᠬᠤᠭᠤᠴᠠᠭᠠᠨ ᠤ  ᠬᠢ ᠠᠴᠠ 10363.6% ᠪᠠᠷ ᠨᠡᠮᠡᠭᠳᠡᠪᠡ᠃       ᠵᠠᠬ᠎ᠠ ᠳᠡᠯᠭᠡᠭᠦᠷ ᠤᠨ ᠬᠡᠷᠡᠭᠯᠡᠭᠡ ᠨᠡᠮᠡᠭᠳᠡᠯ ᠢᠶᠠᠨ ᠪᠠᠲᠤᠯᠠᠨ᠎ᠠ       ᠮᠠᠨ ᠤ ᠰᠢᠶᠠᠨ ᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 3.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.2% ᠨᠡᠮᠡᠭᠳᠡᠪᠡ᠃       ᠦᠨᠳᠦᠰᠦᠨ ᠠᠮᠢᠳᠤᠷᠠᠯ ᠤᠨ ᠬᠡᠷᠡᠭᠯᠡᠭᠡ ᠠᠴᠠ ᠦᠵᠡᠪᠡᠯ       ᠠᠮᠤ ᠪᠤᠳᠠᠭ᠎ᠠ ᠲᠣᠰᠣ ᠢᠳᠡᠭᠡᠨ ᠤ ᠵᠦᠢᠯ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠲᠣᠰ ᠲᠣᠰ 14.6%᠂ 23.0% ᠪᠠᠷ ᠨᠡᠮᠡᠭᠳᠡᠵᠦ᠂ ᠠᠷᠢᠬᠢ ᠲᠠᠮᠠᠬᠢᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭᠠᠨ ᠤ  ᠬᠢ ᠠᠴᠠ -0.2% ᠢᠶᠠᠷ ᠨᠡᠮᠡᠭᠳᠡᠪᠡ᠃       ᠳᠡᠰ ᠳᠡᠪᠰᠢᠬᠦ ᠲᠥᠷᠥᠯ ᠤᠨ ᠲᠠᠸᠠᠷ ᠤᠨ ᠬᠡᠷᠡᠭᠴᠡᠭᠡ ᠠᠴᠠ ᠦᠵᠡᠪᠡᠯ       ᠰᠣᠶᠣᠯ ᠤᠨ ᠠᠯᠪᠠᠨ ᠠᠵᠢᠯ ᠤᠨ ᠬᠡᠷᠡᠭᠰᠡᠯ ᠤᠨ ᠲᠥᠷᠥᠯ᠂ ᠨᠣᠮ ᠰᠣᠨᠢᠨ ᠰᠡᠳᠬᠦᠯ ᠤᠨ ᠲᠥᠷᠥᠯ᠂ ᠵᠠᠰᠠᠯ ᠴᠢᠮᠡᠭᠯᠡᠯ ᠤᠨ ᠡᠳ᠋ ᠤᠨ ᠲᠥᠷᠥᠯ ᠤᠨ ᠵᠢᠵᠢᠭᠯᠡᠨ ᠬᠤᠳᠠᠯᠳᠤᠬᠤ ᠬᠡᠮᠵᠢᠶ᠎ᠡ ᠶᠢ ᠠᠳᠠᠯᠢ ᠬᠤᠭᠤᠴᠠᠭᠠᠨ ᠤ ᠬᠢ ᠠᠴᠠ ᠲᠣᠰ ᠲᠣᠰ 30.1%᠂ 25.5%᠂ 18.7% ᠪᠠᠷ ᠨᠡᠮᠡᠭᠳᠡᠭᠦᠯᠵᠡᠢ᠃
 
ᠢᠷᠡᠯᠲᠡ᠄ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号