︽ᠡᠨᠡᠬᠦ ᠢᠷᠠᠭᠤ ᠠᠯᠳᠠᠷ ᠪᠣᠯ ᠯᠠᠪᠲᠠᠢ ᠨᠡᠩ ᠴᠤ ᠵᠣᠷᠢᠭᠵᠢᠭᠤᠯᠤᠯ ᠮᠥᠨ᠂ ᠮᠢᠨᠤ ᠰᠡᠳᠬᠢᠯ ᠲᠤᠶᠢᠯ ᠤᠨ | ᠶᠡᠭᠡ ᠳᠣᠭᠳᠣᠯᠵᠤ᠂ ᠡᠭᠦᠷᠭᠡ ᠬᠠᠷᠢᠭᠤᠴᠠᠯᠭ᠎ᠠ ᠬᠦᠨᠳᠦ ᠪᠠᠶᠢᠬᠤ ᠶᠢ ᠭᠦᠨ᠎ᠡ ᠰᠡᠷᠡᠵᠦ ᠮᠡᠳᠡᠨ᠎ᠡ︕︾ ᠭᠡᠵᠦ ᠬᠡᠯᠡᠪᠡ᠃ | ᠲᠦᠴᠢᠦᠸᠠᠨ ᠰᠢᠶᠠᠨ ᠤ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶᠠᠨ ᠤ ᠳᠠᠷᠤᠭ᠎ᠠ ᠶᠤᠸᠠᠨ ᠵᠢᠶᠠᠨ ᠸᠧᠢ | ᠰᠤᠷᠪᠤᠯᠵᠢᠯᠠᠭᠴᠢ ᠶᠢᠨ ᠰᠣᠷᠪᠤᠯᠵᠢᠯᠠᠭ᠎ᠠ ᠶᠢ ᠬᠦᠯᠢᠶᠡᠬᠦ ᠳᠡᠭᠡᠨ ᠢᠩᠭᠢᠵᠦ ᠬᠡᠯᠡᠪᠡ᠃ ᠵᠠᠬᠢᠳᠠᠯ ᠰᠣᠷᠪᠤᠯᠵᠢᠯᠠᠭ᠎ᠠ ᠶᠢᠨ | ᠠᠵᠢᠯ ᠢ ᠬᠢᠭᠰᠡᠨ 15 ᠵᠢᠯ ᠤᠨ ᠲᠤᠷᠰᠢ᠂ ᠶᠤᠸᠠᠨ ᠵᠢᠶᠠᠨ ᠸᠧᠢ ᠨᠢᠭᠡ ᠰᠡᠳᠬᠢᠯ ᠢᠶᠠᠷ ᠠᠵᠢᠯ ᠦᠢᠯᠡᠰ ᠲᠡᠭᠡᠨ | ᠵᠢᠳᠬᠦᠵᠦ᠂ ᠠᠷᠠᠳ ᠤᠯᠠᠨ ᠤ ᠠᠰᠢᠭ ᠲᠤᠰᠠ ᠶᠢ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠬᠤ ᠶᠢ | ᠪᠠᠷᠢᠮᠲᠠᠯᠠᠵᠤ᠂ ᠬᠦᠴᠢᠷ ᠲᠦᠪᠡᠭᠲᠡᠢ ᠨᠠᠷᠢᠨ ᠪᠤᠳᠤᠯᠢᠶᠠᠨᠲᠠᠢ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠢ ᠪᠦᠯᠦᠭ | ᠪᠦᠯᠦᠭ ᠢᠶᠠᠷ ᠰᠢᠢᠳᠪᠦᠷᠢᠯᠡᠪᠡ᠃ ᠣᠶᠢᠷ᠎ᠠ ᠳᠤ᠂ ᠲᠡᠷᠡ ︽ᠪᠦᠬᠦ ᠤᠯᠤᠰ ᠤᠨ ᠵᠠᠬᠢᠳᠠᠯ ᠰᠣᠷᠪᠤᠯᠵᠢᠯᠠᠭ᠎ᠠ ᠶᠢᠨ | ᠰᠢᠰᠲ᠋ᠧᠮ ᠤᠨ ᠰᠢᠯᠢᠳᠡᠭ ᠵᠠᠬᠢᠳᠠᠯ ᠰᠣᠷᠪᠤᠯᠵᠢᠯᠠᠭ᠎ᠠ ᠶᠢᠨ ᠲᠣᠪᠴᠢᠶᠠᠨ ᠳᠠᠷᠤᠭ᠎ᠠ︾ ᠶᠢᠨ ᠴᠣᠯᠠ ᠭᠥᠷᠳᠡᠪᠡ᠃ | ︽ᠤᠯᠠᠨ ᠲᠦᠮᠡᠨ ᠲᠠᠢ ᠬᠠᠷᠢᠯᠴᠠᠵᠤ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠵᠠᠬᠢᠳᠠᠯ | ᠰᠣᠷᠪᠤᠯᠵᠢᠯᠠᠭ᠎ᠠ ᠶᠢᠨ ᠠᠵᠢᠯ ᠳᠤ ᠢᠮᠠᠭᠲᠠ ᠲᠤᠤᠱᠯᠠᠭᠤᠯᠬᠤ︾ ᠪᠣᠯ ᠶᠤᠸᠠᠨ ᠵᠢᠶᠠᠨ ᠸᠧᠢ ᠶᠢᠨ ᠢᠮᠠᠭᠲᠠ | ᠵᠢᠷᠤᠮᠯᠠᠭᠰᠠᠭᠠᠷ ᠢᠷᠡᠭᠰᠡᠨ ᠠᠵᠢᠯ ᠤᠨ ᠣᠶᠢᠯᠠᠭᠠᠭᠳᠠᠬᠤᠨ ᠪᠣᠯᠣᠨ᠎ᠠ᠃ ᠲᠡᠷᠡ ᠦᠷᠭᠦᠯᠵᠢ ᠠᠶᠢᠯ ᠡᠷᠦᠬᠡ ᠪᠠᠷ ᠶᠠᠪᠤᠵᠤ᠂ | ᠵᠠᠬᠢᠳᠠᠯ ᠰᠣᠷᠪᠤᠯᠵᠢᠯᠠᠭ᠎ᠠ ᠶᠢᠨ ᠤᠯᠠᠨ ᠲᠦᠮᠡᠨ ᠤ ᠭᠡᠷ ᠲᠤ ᠭᠦᠨᠵᠡᠭᠡᠶᠢᠷᠡᠨ᠂ ᠭᠤᠮᠣᠳᠠᠯ ᠱᠠᠭᠠᠷᠳᠠᠯᠭ᠎ᠠ ᠶᠢ | ᠰᠣᠨᠣᠰᠴᠤ᠂ ᠪᠠᠶᠢᠳᠠᠯ ᠢ ᠣᠶᠢᠯᠠᠭᠠᠨ᠂ ᠦᠢᠯᠡᠳᠪᠦᠷᠢᠯᠡᠯ ᠠᠮᠢᠳᠤᠷᠠᠯ ᠤᠨ ᠳᠤᠮᠳᠠᠬᠢ ᠪᠣᠳᠠᠲᠠᠢ ᠬᠦᠴᠢᠷᠳᠡᠯ ᠢ ᠨᠢ | ᠬᠠᠪᠰᠤᠷᠤᠨ ᠰᠢᠢᠳᠪᠦᠷᠢᠯᠡᠵᠦ ᠥᠭᠲᠡᠭ᠃ | ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠪᠠᠭ᠎ᠠ ᠤᠴᠢᠷ ᠭᠡᠵᠦ ᠪᠠᠶᠢᠬᠤ ᠦᠭᠡᠢ᠂ ᠵᠠᠬᠢᠳᠠᠯ | ᠰᠣᠷᠪᠤᠯᠵᠢᠯᠠᠭ᠎ᠠ ᠶᠢᠨ ᠠᠵᠢᠯ ᠵᠡᠷᠭᠡ ᠶᠢ ᠬᠦᠯᠢᠶᠡᠵᠦ ᠪᠣᠯᠬᠤ ᠦᠭᠡᠢ᠂ ᠤᠳᠠᠭᠠᠰᠢᠷᠠᠭᠤᠯᠵᠤ ᠪᠣᠯᠬᠤ ᠦᠭᠡᠢ᠃ | ᠲᠦᠴᠢᠦᠸᠠᠨ ᠪᠠᠯᠭᠠᠰᠤᠨ ᠤ ᠰᠠᠭᠤᠭᠠᠯᠢ ᠠᠷᠠᠳ ᠵᠢᠶᠠᠩ ᠠᠪᠠᠭ᠋ᠠᠢ ᠶᠢᠨ ᠬᠦᠦ ᠨᠢ ᠰᠤᠷᠭᠠᠭᠤᠯᠢ ᠲᠠᠷᠬᠠᠬᠤ | ᠵᠠᠮ ᠳᠠᠭᠠᠨ ᠲᠡᠷᠭᠡᠨ ᠠᠳᠡᠯ ᠳᠤ ᠤᠴᠠᠷᠠᠵᠤ᠂ ᠬᠡᠷᠡᠭ ᠭᠠᠷᠭᠠᠭᠰᠠᠨ ᠵᠢᠯᠣᠭᠤᠴᠢ ᠨᠢ ᠳᠤᠲᠠᠭᠠᠭᠰᠠᠨ ᠪᠣᠯᠪᠠᠴᠤ | ᠵᠣᠬᠢᠬᠤ ᠨᠥᠬᠦᠪᠦᠷᠢ ᠣᠯᠵᠤ ᠲᠡᠶᠢᠯᠣᠭ᠍ᠰᠡᠨ ᠦᠭᠡᠢ ᠪᠥᠭᠡᠳ ᠭᠡᠷ ᠪᠦᠯᠢ ᠨᠢ ᠬᠦᠴᠢᠷᠳᠡᠯ ᠲᠠᠢ ᠠᠴᠠ ᠪᠣᠯᠵᠤ᠂ | ᠬᠡᠦᠬᠡᠳ ᠤᠨ ᠰᠢᠷᠬ᠎ᠠ ᠨᠢ ᠴᠠᠭ ᠲᠤᠬᠠᠢ ᠳᠤᠨᠢ ᠡᠳᠡᠭᠡᠵᠦ ᠳᠡᠶᠢᠯᠬᠦ ᠦᠭᠡᠢ ᠪᠣᠯᠵᠠᠢ᠃ᠵᠢᠶᠠᠩ ᠠᠪᠠᠭ᠋ᠠᠢ ᠵᠠᠬᠢᠳᠠᠯ | ᠰᠣᠷᠪᠤᠯᠵᠢᠯᠠᠭ᠎ᠠ ᠶᠢᠨ ᠲᠣᠪᠴᠢᠶ᠎ᠠ ᠳᠤ ᠬᠦᠷᠴᠦ ᠪᠠᠶᠢᠳᠠᠯ ᠢ ᠲᠤᠰᠬᠠᠭᠰᠠᠨ ᠤ ᠲᠠᠷᠠᠭ᠎ᠠ᠂ ᠶᠤᠸᠠᠨ ᠵᠢᠶᠠᠨ ᠸᠧᠢ ᠴᠠᠭ | ᠲᠤᠬᠠᠢ ᠳᠤᠨᠢ ᠤᠯᠠᠨ ᠲᠠᠯ᠎ᠠ ᠪᠠᠷ ᠵᠣᠬᠢᠴᠠᠭᠤᠯᠵᠤ᠂ ᠵᠢᠶᠠᠩ ᠠᠪᠠᠭ᠋ᠠᠢ ᠶᠢᠨ ᠬᠡᠦᠬᠡᠳ ᠢ ᠬᠠᠪᠰᠤᠷᠤᠨ 5000 | ᠲᠥᠭᠦᠷᠢᠭ ᠤᠨ ᠡᠮᠨᠡᠯᠭᠡ ᠶᠢᠨ ᠵᠠᠷᠤᠳᠠᠯ ᠢ ᠨᠢ ᠰᠢᠢᠳᠪᠦᠷᠢᠯᠡᠵᠦ ᠥᠭᠭᠦᠭᠰᠡᠨ ᠪᠥᠭᠡᠳ ᠡᠮ ᠡᠮᠨᠡᠯᠭᠡ ᠶᠢᠨ ᠳᠠᠭᠠᠳᠬᠠᠯ | ᠪᠠ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠬᠠᠷᠠᠭᠠᠯᠵᠠᠯ ᠢ ᠨᠢ ᠨᠠᠶᠢᠳᠠᠪᠤᠷᠢᠵᠢᠭᠤᠯᠵᠠᠢ᠃ ᠵᠠᠬᠢᠳᠠᠯ | ᠰᠣᠷᠪᠤᠯᠵᠢᠯᠠᠭ᠎ᠠ ᠬᠢᠭᠰᠡᠳ ᠵᠠᠩ ᠠᠪᠠᠭ᠋ᠠᠢ ᠪᠤᠰᠤᠳ ᠬᠥᠮᠥᠨ ᠲᠠᠢ ᠳᠡᠯᠭᠡᠭᠦᠷ ᠤᠨ ᠭᠡᠷ ᠢᠶᠠᠨ ᠰᠣᠯᠢᠬᠤ ᠶᠠᠪᠤᠴᠠ ᠳᠤ | ᠡᠭᠦᠰᠦᠭᠰᠡᠨ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠵᠢᠭᠤᠷᠠᠯᠳᠤᠭᠠᠨ ᠵᠢᠴᠢ ᠲᠥᠯᠥᠪᠦᠷᠢ ᠶᠢᠨ ᠠᠰᠠᠭᠤᠳᠠᠯ ᠢ | ᠲᠤᠰᠬᠠᠵᠠᠢ᠂ ᠶᠤᠸᠠᠨ ᠵᠢᠶᠠᠨ ᠸᠧᠢ ᠲᠡᠭᠦᠨ ᠢ ᠢᠳᠡᠪᠬᠢᠲᠡᠢ ᠪᠠᠷ ᠬᠠᠪᠰᠤᠷᠤᠨ ᠰᠢᠯᠲᠠᠭᠠᠨ ᠢ ᠨᠢ ᠵᠠᠳᠠᠯᠵᠤ᠂ | ᠠᠰᠠᠭᠤᠳᠠᠯ ᠢ ᠰᠢᠢᠳᠪᠦᠷᠢᠯᠡᠬᠦ ᠬᠦᠴᠦᠯᠡᠬᠦ ᠴᠡᠭ ᠢ ᠣᠨᠣᠪᠴᠢᠲᠠᠶ ᠡᠷᠢᠨ ᠣᠯᠵᠤ᠂ ᠥᠮᠴᠢᠯᠡᠯ ᠤᠨ ᠡᠷᠬᠡ ᠶᠢ | ᠰᠢᠯᠤᠭᠤᠳᠬᠠᠵᠤ᠂ ᠵᠢᠭᠤᠷᠠᠯᠳᠤᠭᠠᠨ ᠢ ᠰᠢᠢᠳᠪᠦᠷᠢᠯᠡᠵᠡᠢ᠃ | ︽ᠤᠯᠠᠨ ᠲᠦᠮᠡᠨ ᠬᠦᠴᠢᠷᠳᠡᠯ ᠲᠠᠢ ᠪᠣᠯ ᠴᠢᠮᠠᠶᠢ ᠡᠷᠢᠵᠦ᠂ ᠬᠦᠴᠢᠷᠳᠡᠯ ᠲᠠᠢ ᠪᠣᠯ ᠴᠢᠮ᠎ᠠ ᠳᠤ ᠬᠡᠯᠡᠵᠦ | ᠥᠭᠭᠦᠶ᠎ᠡ᠂ ᠡᠨᠡ ᠨᠢ ᠤᠯᠠᠨ ᠲᠦᠮᠡᠨ ᠨᠠᠮ ᠪᠠ ᠵᠠᠰᠠᠭ ᠤᠨ ᠣᠷᠳᠣᠨ ᠢᠶᠠᠷ ᠲᠦᠰᠢᠭ ᠪᠣᠯᠭᠠᠵᠤ ᠪᠠᠶᠢᠬᠤ ᠶᠢ | ᠬᠠᠷᠠᠭᠤᠯᠵᠤ ᠪᠠᠶᠢᠨ᠎ᠠ᠂ ᠰᠡᠳᠬᠢᠯ ᠢᠶᠠᠷ ᠢᠶᠠᠨ ᠰᠡᠳᠬᠢᠯ ᠢᠶᠠᠨ ᠮᠡᠳᠡᠯᠴᠡᠵᠦ᠂ ᠤᠯᠠᠨ ᠲᠦᠮᠡᠨ ᠤ ᠶᠠᠪᠤᠳᠠᠯ ᠢ | ᠥᠪᠡᠷ ᠤᠨ ᠢᠶᠠᠨ ᠶᠠᠪᠤᠳᠠᠯ ᠢᠶᠠᠷ ᠦᠵᠡᠵᠦ ᠬᠢᠬᠦ ᠬᠡᠷᠡᠭᠲᠡᠢ︾ ᠶᠤᠸᠠᠨ ᠵᠢᠶᠠᠨ ᠸᠧᠢ ᠶᠢᠨ ᠦᠵᠡᠬᠦ ᠪᠠᠷ᠂ ᠵᠠᠬᠢᠳᠠᠯ | ᠰᠣᠷᠪᠤᠯᠵᠢᠯᠠᠭ᠎ᠠ ᠶᠢᠨ ᠠᠵᠢᠯᠲᠠᠨ ᠪᠣᠯᠤᠭᠰᠠᠨ ᠤ ᠬᠤᠪᠢ ᠳᠤ᠂ ︽ᠠᠮᠠ ᠪᠠᠨ ᠬᠤᠭᠤᠯᠪᠠᠯ ᠬᠤᠶᠠᠷ ᠬᠥᠯ ᠢᠶᠠᠨ | ᠬᠤᠭᠤᠯᠬᠤ︾ ᠵᠣᠷᠢᠭ ᠰᠠᠨᠠᠭ᠎ᠠ ᠪᠠᠷ ᠣᠯᠠᠨ ᠲᠦᠮᠡᠨ ᠤ ᠪᠣᠳᠠᠲᠠᠢ ᠬᠦᠴᠢᠷᠳᠡᠯ ᠢ ᠰᠠᠶᠢᠲᠤᠷ ᠰᠢᠢᠳᠪᠦᠷᠢᠯᠡᠵᠦ᠂ | ᠣᠯᠠᠨ ᠲᠦᠮᠡᠨ ᠤ ︽ᠠᠭᠤᠷ ᠢᠶᠠᠨ ᠭᠠᠷᠭᠠᠬᠤ ᠰᠠᠪᠠ︾ ᠪᠣᠯᠬᠤ ᠪᠠᠷ ᠪᠠᠷᠠᠬᠤ ᠦᠭᠡᠢ᠂ ᠨᠡᠩ ᠴᠤ ᠣᠯᠠᠨ ᠲᠦᠮᠡᠨ ᠤ | ︽ᠠᠭᠤᠷ ᠢᠶᠠᠨ ᠭᠠᠷᠭᠠᠬᠤ ᠰᠠᠪᠠ︾᠂ ᠨᠡᠶᠢᠭᠡᠮ ᠤᠨ ᠲᠣᠭᠲᠠᠭᠤᠨ ᠪᠠᠶᠢᠳᠠᠯ ᠤᠨ ︽ᠳᠠᠷᠤᠯᠲᠠ ᠪᠠᠭᠤᠷᠠᠭᠤᠯᠬᠤ | ᠨᠡᠭᠡᠯᠡᠭᠡᠢ︾᠂ ᠡᠶ᠎ᠡ ᠵᠣᠬᠢᠴᠠᠯᠳᠤ ᠬᠥᠭᠵᠢᠯᠲᠡ ᠶᠢᠨ ︽ᠲᠤᠰᠠᠯᠠᠬᠤ ᠪᠠᠭᠠᠵᠢ︾ ᠪᠣᠯᠬᠤ ᠬᠡᠷᠡᠭᠲᠡᠢ᠃15 ᠵᠢᠯ ᠤᠨ | ᠲᠤᠷᠰᠢ᠂ ᠠᠷᠠᠳ ᠤᠨ ᠲᠥᠯᠥᠭᠡ ᠬᠦᠴᠢᠷ ᠠᠰᠠᠭᠤᠳᠠᠯ ᠢ ᠰᠢᠢᠳᠪᠦᠷᠢᠯᠡᠬᠦ ᠡᠨᠡᠬᠦ ᠤᠭ ᠰᠠᠨᠠᠭ᠎ᠠ ᠪᠠᠷ ᠢᠶᠠᠨ ᠲᠡᠭᠦᠨ ᠤ | ᠵᠣᠬᠢᠴᠠᠭᠤᠯᠬᠤ ᠳᠤ ᠣᠷᠣᠯᠴᠠᠭᠰᠠᠨ ᠵᠠᠷᠢᠮ ᠭᠤᠣᠯᠳᠠᠯᠭ᠎ᠠ ᠲᠠᠢ ᠬᠦᠴᠢᠷ ᠠᠰᠠᠭᠤᠳᠠᠯ ᠲᠠᠢ ᠵᠠᠬᠢᠳᠠᠯ | ᠰᠣᠷᠪᠤᠯᠵᠢᠯᠠᠭ᠎ᠠ ᠶᠢᠨ ᠵᠦᠢᠯᠡᠰ ᠢ ᠵᠠᠯᠭᠠᠭ᠎ᠠ ᠪᠠᠷ ᠰᠢᠢᠳᠪᠦᠷᠢᠯᠡᠪᠡ᠃ | ᠣᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠡᠯ᠎ᠡ ᠲᠠᠯ᠎ᠠ ᠡᠯ᠎ᠡ ᠬᠦᠷᠢᠶᠡᠨ ᠠᠴᠠ ᠢᠷᠡᠵᠦ᠂ | ᠶᠤᠸᠠᠨ ᠵᠢᠶᠠᠨ ᠸᠧᠢ ᠶᠢᠨ ᠡᠮᠦᠨ᠎ᠡ ᠲᠠᠯᠪᠢᠭᠳᠠᠵᠤ ᠪᠠᠶᠢᠭ᠎ᠠ ᠰᠢᠯᠭᠠᠯᠲᠠ ᠶᠢᠨ ᠬᠠᠭᠤᠳᠠᠰᠤ ᠪᠣᠯ ᠬᠥᠭᠵᠢᠵᠦ | ᠬᠤᠪᠢᠷᠠᠵᠤ ᠪᠠᠶᠢᠳᠠᠭ᠂ ᠡᠳᠦᠷ ᠪᠦᠷᠢ᠂ ᠲᠠᠯᠠᠪᠤᠷ ᠪᠦᠷᠢ ᠨᠢ ᠪᠦᠷ ᠠᠳᠠᠯᠢ ᠪᠤᠰᠤ ᠪᠠᠶᠢᠳᠠᠭ᠃ ᠡᠨᠡ ᠰᠢᠯᠭᠠᠯᠲᠠ ᠶᠢᠨ | ᠬᠠᠭᠤᠳᠠᠰᠤ ᠶᠢ ᠰᠠᠢᠨ ᠬᠠᠷᠢᠭᠤᠯᠬᠤ ᠶᠢᠨ ᠲᠥᠯᠥᠭᠡ ᠲᠡᠷᠡ ᠦᠷᠭᠦᠯᠵᠢ ᠰᠥᠨᠢ ᠳᠦᠯᠢ ᠪᠣᠯᠲᠠᠯ᠎ᠠ ᠠᠵᠢᠯᠯᠠᠳᠠᠭ᠃ | ᠤᠷᠳᠤ ᠬᠤᠭᠤᠴᠠᠭ᠎ᠠ ᠪᠠᠷ ᠳᠠᠭᠠᠭᠠᠴᠠ ᠠᠴᠠ ᠬᠡᠲᠦᠷᠡᠲᠡᠯ᠎ᠡ ᠠᠵᠢᠯᠯᠠᠭᠰᠠᠨ ᠳᠤ᠂ ᠭᠡᠷ ᠤᠨ ᠬᠥᠮᠥᠰ ᠨᠢ ᠲᠡᠭᠦᠨ ᠢ | ᠠᠮᠠᠷᠠᠭᠤᠯᠬᠤ ᠰᠠᠨᠠᠭ᠎ᠠ ᠲᠠᠢ ᠪᠠᠶᠢᠬᠤ ᠳᠤᠨᠢ ᠲᠡᠷᠡ ᠶᠡᠷᠦ ᠨᠢ᠄︽ᠬᠡᠷᠡᠭ ᠶᠠᠪᠤᠳᠠᠯ ᠤᠯᠠᠨ᠂ ᠶᠠᠭᠠᠷᠠᠵᠤ ᠪᠠᠷᠠᠭᠰᠠᠨ ᠤ | ᠲᠠᠷᠠᠭ᠎ᠠ ᠰᠠᠶ᠋ᠢ ᠠᠮᠠᠷᠠᠶ᠎ᠠ︕︾ ᠭᠡᠵᠦ ᠠᠵᠢᠭ ᠴᠤ ᠦᠭᠡᠢ ᠶᠠᠷᠢᠳᠠᠭ᠃ | ᠳᠠᠷᠤᠭᠳᠠᠮᠠᠯ ᠬᠡᠷᠡᠭ ᠢ ᠰᠢᠢᠳᠪᠦᠷᠢᠯᠡᠬᠦ ᠠᠵᠢᠯ ᠤᠨ ᠳᠤᠮᠳᠠ᠂ ᠶᠤᠸᠠᠨ ᠵᠢᠶᠠᠨ ᠸᠧᠢ ︽ᠳᠥᠷᠪᠡᠨ ᠨᠢᠭᠡ | ᠪᠦᠯᠦᠭ︾ ᠤᠨ ᠠᠵᠢᠯ ᠤᠨ ᠠᠷᠭ᠎ᠠ ᠶᠢ ᠬᠡᠷᠡᠭᠵᠢᠭᠦᠯᠬᠦ ᠶᠢ ᠲᠦᠯᠬᠢᠨ ᠠᠬᠢᠭᠤᠯᠪᠠ᠃ ᠨᠢᠭᠡ ᠳᠤ᠂ ᠤᠳᠤᠷᠢᠳᠤᠯᠭ᠎ᠠ | ᠡᠭᠦᠳᠡ ᠪᠠᠨ ᠨᠡᠭᠡᠭᠡᠵᠦ ᠰᠣᠷᠪᠤᠯᠵᠢᠯᠠᠭ᠎ᠠ ᠶᠢ ᠭᠥᠯᠢᠶᠡᠨ ᠠᠪᠬᠤ᠂ ᠬᠡᠷᠡᠭ ᠲᠤ ᠴᠢᠭᠯᠡᠭᠦᠯᠦᠨ ᠳᠣᠷᠣᠭᠰᠢ | ᠰᠤᠷᠪᠤᠯᠵᠢᠯᠠᠬᠤ ᠪᠠᠷ ᠳᠠᠮᠵᠢᠨ ᠨᠢᠭᠡ ᠪᠦᠯᠦᠭ ᠠᠰᠠᠭᠤᠳᠠᠯ ᠢ ᠰᠢᠢᠳᠪᠦᠷᠢᠯᠡᠪᠡ︔ ᠬᠤᠶᠠᠷ ᠲᠤ ᠤᠳᠤᠷᠢᠳᠤᠯᠭ᠎ᠠ ᠶᠢᠨ | ᠪᠣᠯᠵᠣᠨ ᠰᠤᠷᠪᠤᠯᠵᠢᠯᠠᠬᠤ᠂ ᠲᠥᠪᠯᠡᠷᠡᠭᠦᠯᠦᠨ ᠬᠠᠮᠲᠤᠷᠠᠨ ᠣᠨᠣᠰᠢᠯᠠᠬᠤ ᠪᠠᠷ ᠳᠠᠮᠵᠢᠭᠤᠯᠤᠨ ᠨᠢᠭᠡ ᠪᠦᠯᠦᠭ | ᠠᠰᠠᠭᠤᠳᠠᠯ ᠢ ᠰᠢᠢᠳᠪᠦᠷᠢᠯᠡᠨ᠎ᠡ︔ ᠭᠤᠷᠪᠠ ᠳᠤ ᠤᠯᠠᠨ ᠲᠦᠮᠡᠨ ᠤ ᠠᠮᠢᠳᠤᠷᠠᠯ ᠨᠢ ᠦᠨᠡᠬᠡᠷ ᠬᠦᠴᠢᠷᠳᠡᠯ ᠲᠠᠢ ᠵᠠᠷᠢᠮ | ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠠᠷᠠᠳ ᠤᠨ ᠶᠠᠪᠤᠳᠠᠯ ᠤᠨ ᠠᠪᠤᠷᠠᠨ ᠲᠤᠰᠠᠯᠠᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠨᠢᠭᠡ ᠪᠦᠯᠦᠭ ᠢ ᠨᠢ ᠰᠢᠢᠳᠪᠦᠷᠢᠯᠡᠨ᠎ᠡ︔ ᠳᠥᠷᠪᠡ ᠳᠤ᠂ ᠬᠦᠯᠢᠴᠡᠩᠭᠦᠢ ᠪᠠᠷ | ᠲᠠᠶᠢᠯᠪᠤᠷᠢᠯᠠᠬᠤ᠂ ᠦᠵᠡᠯ ᠰᠠᠨᠠᠭᠠᠨ ᠤ ᠲᠠᠯ᠎ᠠ ᠪᠠᠷ ᠵᠢᠭᠠᠨ ᠵᠢᠯᠤᠭᠤᠳᠬᠤ ᠪᠠ ᠭᠡᠷ ᠲᠤᠨᠢ ᠬᠦᠷᠴᠦ ᠬᠡᠯᠡᠯᠴᠡᠬᠦ ᠪᠠᠷ | ᠳᠠᠮᠵᠢᠭᠤᠯᠤᠨ ᠨᠢᠭᠡ ᠪᠦᠯᠦᠭ ᠠᠰᠠᠭᠤᠳᠠᠯ ᠢ ᠰᠢᠢᠳᠪᠦᠷᠢᠯᠡᠪᠡ᠃ ᠡᠳᠡᠭᠡᠷ ᠠᠷᠭ᠎ᠠ ᠬᠡᠮᠵᠢᠶ᠎ᠡ ᠪᠠᠷ ᠳᠠᠮᠵᠢᠭᠤᠯᠤᠨ ᠨᠢᠭᠡ | ᠪᠦᠯᠦᠭ ᠵᠠᠬᠢᠳᠠᠯ ᠰᠣᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠦᠨᠡᠨ ᠬᠦ ᠰᠢᠢᠳᠪᠦᠷᠢᠯᠡᠵᠦ᠂ ᠪᠦᠬᠦ ᠰᠢᠶᠠᠨ ᠤ ᠡᠶ᠎ᠡ | ᠵᠣᠬᠢᠴᠠᠯ ᠪᠠ ᠲᠣᠭᠲᠠᠭᠤᠨ ᠪᠠᠶᠢᠳᠠᠯ ᠢ ᠬᠦᠴᠦᠲᠡᠢ ᠬᠠᠮᠠᠭᠠᠯᠠᠪᠠ᠃ | ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠨᠢ ᠵᠣᠷᠢᠭᠤᠯᠬᠤ ᠪᠠ ᠬᠤᠪᠢ ᠨᠡᠮᠡᠷᠢ ᠦᠵᠡᠭᠦᠯᠬᠦ ᠶᠢ ᠬᠠᠷᠠᠭᠤᠯᠵᠤ | ᠪᠠᠶᠢᠨ᠎ᠠ᠂ ᠪᠢ ᠡᠨᠡ ᠠᠵᠢᠯ ᠢ ᠰᠣᠩᠭᠤᠭᠰᠠᠨ ᠶᠤᠮ ᠴᠢᠨᠢ ᠵᠠᠪᠠᠯ ᠰᠠᠶᠢᠨ ᠬᠢᠵᠦ᠂ ᠵᠣᠬᠢᠶᠠᠨ ᠪᠠᠶᠢᠭᠤᠯᠤᠯᠲᠠ ᠶᠢ | ᠰᠠᠨᠠᠭ᠎ᠠ ᠠᠮᠤᠷ ᠪᠠᠶᠢᠯᠭᠠᠵᠤ᠂ ᠣᠯᠠᠨ ᠲᠦᠮᠡᠨ ᠢ ᠰᠡᠳᠬᠢᠯ ᠬᠠᠨᠤᠮᠵᠢᠲᠠᠶ ᠪᠠᠶᠢᠯᠭᠠᠬᠤ ᠬᠡᠷᠡᠭᠲᠡᠢ︾ ᠭᠡᠵᠦ ᠶᠤᠸᠠᠨ | ᠵᠢᠶᠠᠨ ᠸᠧᠢ ᠡᠷᠡᠰ ᠪᠠᠲᠤ ᠬᠡᠯᠡᠪᠡ᠃ | | |