ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/5/18
      5 ᠰᠠᠷ᠎ᠠ ᠶᠢᠨ 16 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠢᠶᠠᠨ ᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
  ᠬᠤᠷᠠᠯ ᠠᠴᠠ ︽ᠲᠦᠴᠢᠦᠸᠠᠨ ᠰᠢᠶᠠᠨ ᠤ ︿ᠬᠠᠤᠯᠢᠵᠢᠯ ᠤᠨ ᠨᠡᠶᠢᠭᠡᠮ ᠤᠨ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2020 ︱ 2025︶﹀ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠥᠯ︾ ᠂ ︽ᠲᠦᠴᠢᠦᠸᠠᠨ ᠰᠢᠶᠠᠨ ᠤ ︿ᠥᠪᠡᠷᠲᠡᠭᠡᠨ ᠵᠠᠰᠠᠬᠤ ᠣᠷᠣᠨ ᠤ ᠨᠡᠩ ᠰᠢᠯᠢᠳᠡᠭ ᠡᠵᠡᠩᠨᠡᠯᠲᠡ ᠶᠢᠨ ᠣᠷᠴᠢᠨ ᠲᠣᠭᠤᠷᠢᠨ ᠢᠶᠠᠷ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠦᠢᠯᠡᠴᠢᠯᠡᠬᠦ ᠠᠵᠢᠯᠯᠠᠭ᠎ᠠ ᠶᠢᠨ ᠲᠥᠰᠥᠯ﹀  ᠢ ᠨᠠᠶᠢᠳᠠᠪᠤᠷᠢᠵᠢᠭᠤᠯᠬᠤ 3.0 ᠬᠡᠪᠯᠡᠯ ᠤᠨ ᠠᠵᠢᠯ ᠤᠨ ᠲᠥᠰᠥᠯ  ︾  ᠢ ᠬᠢᠨᠠᠨ ᠵᠥᠪᠯᠡᠪᠡ᠃ ᠪᠥᠬᠦ ᠰᠢᠶᠠᠨ ᠤ ᠥᠪᠡᠰᠦᠪᠡᠨ ᠭᠡᠷ ᠪᠠᠶᠢᠰᠢᠩ ᠪᠠᠷᠢᠬᠤ ᠠᠮᠤᠷ ᠲᠦᠪᠰᠢᠨ ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠲᠣᠬᠢᠷᠠᠭᠤᠯᠤᠯᠲᠠ᠂ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠲᠥᠪ ᠤᠨ ᠣᠷᠴᠢᠨ ᠠᠬᠤᠢ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ᠂ 1-4 ᠰᠠᠷ᠎ᠠ ᠳᠤ ᠶᠡᠭᠡ ᠲᠣᠭᠠᠨ ᠤ ᠪᠡᠯᠡ ᠮᠥᠩᠭᠦ ᠶᠢ ᠬᠡᠷᠡᠭᠯᠡᠬᠦ ᠪᠠ 1-4 ᠰᠠᠷ᠎ᠠ ᠳᠤ ᠳᠡᠭᠡᠭᠰᠢ ᠪᠡᠯᠡ ᠮᠥᠩᠭᠦ ᠣᠯᠣᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠷᠠᠯ   ᠠᠴᠠ ᠪᠠᠰᠠ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠭᠠᠵᠠᠷ ᠬᠠᠩᠭᠠᠬᠤ᠂ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠵᠡᠷᠭᠡ ᠪᠤᠰᠤᠳ ᠵᠦᠢᠯᠡᠰ ᠢ ᠰᠤᠳᠤᠯᠵᠠᠢ᠃  ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠢᠶᠠᠩ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ  ᠬᠢᠨ ᠲᠤᠰ ᠲᠤᠰ ᠬᠤᠲᠠ ᠪᠠᠯᠭᠠᠰᠤ᠂ ᠬᠥᠳᠡᠭᠡ ᠲᠣᠰᠬᠤᠨ ᠤ ᠥᠪᠡᠷᠲᠡᠭᠡᠨ ᠪᠠᠷᠢᠭᠰᠠᠨ ᠭᠡᠷ ᠪᠠᠶᠢᠰᠢᠩ ᠳᠤ ᠴᠢᠭᠯᠡᠭᠦᠯᠦᠨ᠂ ᠡᠵᠡᠩᠨᠡᠯᠲᠡ ᠶᠢᠨ ᠴᠢᠨᠠᠷᠲᠠᠢ᠂ ᠬᠥᠮᠥᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠭᠠᠵᠠᠷ ᠭᠡᠬᠦ ᠬᠤᠶᠠᠷ ᠭᠤᠣᠯᠳᠠᠯᠭ᠎ᠠ ᠶᠢᠨ ᠲᠣᠭᠤᠷᠢᠨ ᠳᠤ᠂ ᠲᠦᠷᠤᠯ ᠵᠦᠢᠯ ᠬᠤᠪᠢᠶᠠᠨ ᠨᠠᠷᠢᠯᠢᠭ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠲᠤᠭ᠎ᠠ ᠪᠠᠷᠢᠮᠲᠠ ᠶᠢᠨ ᠬᠥᠮᠥᠷᠭᠡ ᠪᠠ ᠲᠠᠯᠳᠠ ᠭᠡᠮ ᠤᠨ ᠬᠥᠮᠥᠷᠭᠡ ᠶᠢ ᠨᠠᠷᠢᠯᠢᠭ ᠣᠨᠣᠴᠠᠲᠠᠢ ᠪᠠᠷ ᠪᠠᠶᠢᠭᠤᠯᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ᠂ ᠭᠡᠷ ᠪᠠᠶᠢᠰᠢᠩ ᠤᠨ ᠥᠮᠴᠢᠯᠡᠯ ᠤᠨ ᠡᠷᠬᠡᠲᠦ ᠬᠥᠮᠥᠨ ᠪᠠ ᠬᠡᠷᠡᠭᠯᠡᠭᠴᠢ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠵᠢᠴᠢ ᠡᠯ᠎ᠡ ᠠᠵᠢᠯ ᠲᠦᠷᠦᠯ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠭᠤᠷᠪᠠᠳᠠᠭᠢ ᠡᠲᠡᠭᠡᠳ ᠤᠨ ᠬᠠᠷᠢᠭᠤᠴᠠᠯᠭ᠎ᠠ ᠶᠢ ᠪᠣᠳᠠᠲᠠᠢ ᠪᠠᠷ ᠳᠠᠷᠤᠵᠤ᠂ ᠪᠦᠬᠦ ᠰᠢᠶᠠᠨ ᠤ ᠥᠪᠡᠰᠦᠪᠡᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠴᠡᠭᠴᠡᠯᠡᠨ ᠵᠠᠰᠠᠯᠲᠠ ᠶᠢᠨ ︽ᠵᠠᠭᠤᠨ ᠡᠳᠦᠷ ᠤᠨ ᠪᠡᠷᠬᠡ ᠰᠡᠳᠦᠪ ᠢ ᠰᠢᠢᠳᠪᠦᠷᠢᠯᠡᠬᠦ︾ ᠲᠤᠰᠬᠠᠢ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠦᠨ᠎ᠡ᠃ ᠡᠭᠦᠨ ᠤ ᠵᠡᠷᠭᠡᠴᠡᠭᠡ ᠪᠠᠷ᠂ ᠠᠶᠤᠯᠭᠦᠢ ᠦᠢᠯᠡᠳᠪᠦᠷᠢᠯᠡᠯ ᠤᠨ ᠲᠤᠬᠠᠢ ᠬᠥᠨᠳᠡᠯᠡᠨ ᠴᠢᠭᠯᠡᠯ ᠢᠶᠠᠷ ᠲᠤᠤᠱᠲᠠᠢ ᠶᠡᠭᠡ ᠪᠠᠶᠢᠴᠠᠭᠠᠯᠲᠠ ᠶᠢ ᠥᠷᠨᠢᠭᠦᠯᠵᠦ᠂ ᠪᠦᠬᠦ ᠰᠢᠶᠠᠨ ᠤ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠪᠡ᠃  ᠬᠤᠷᠠᠯ ᠠᠴᠠ ᠱᠠᠭᠠᠷᠳᠠᠭᠰᠠᠨ ᠨᠢ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠬᠡᠷᠡᠭ ᠢ ᠰᠢᠢᠳᠪᠦᠷᠢᠯᠡᠬᠦ ᠠᠵᠢᠯ ᠢ ᠦᠨᠡᠨᠬᠦ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠵᠤ ᠨᠣᠮᠧᠷ ᠢ ᠬᠠᠰᠤᠬᠤ ᠠᠬᠢᠴᠠ ᠶᠢ ᠲᠦᠷᠭᠡᠳᠬᠡᠵᠦ᠂ ᠰᠢᠢᠳᠪᠦᠷᠢᠯᠡᠵᠦ ᠳᠠᠭᠤᠰᠬᠠᠭᠰᠠᠨ ᠬᠡᠷᠡᠭ ᠢ ᠬᠤᠷᠢᠶᠠᠨ ᠴᠤᠭᠯᠠᠭᠤᠯᠵᠤ ᠲᠠᠩᠰᠠ ᠡᠪᠬᠡᠮᠡᠯ ᠳᠤ ᠣᠷᠣᠭᠤᠯᠬᠤ ᠶᠢ ᠰᠠᠶᠢᠲᠤᠷ ᠬᠢᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠪᠦᠬᠦ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ︽ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠶᠢ ᠳᠠᠭᠠᠭᠠᠴᠢᠯᠠᠯᠲᠠ ᠵᠠᠷᠯᠠᠨ ᠦᠨ᠎ᠡ ᠬᠠᠶᠠᠨ ᠬᠤᠳᠠᠯᠳᠤᠬᠤ ᠪᠠ ᠫᠠᠶᠢᠰᠠ ᠡᠯᠭᠦᠨ ᠰᠢᠯᠵᠢᠭᠦᠯᠦᠨ ᠬᠤᠳᠠᠯᠳᠤᠬᠤ ᠲᠤᠬᠠᠢ ᠤᠯᠤᠰ ᠤᠨ ᠭᠠᠵᠠᠷ ᠰᠢᠷᠣᠢ ᠶᠢᠨ ᠡᠬᠢ ᠪᠠᠶᠠᠯᠢᠭ ᠤᠨ ᠶᠠᠮᠤᠨ ᠤ ᠲᠣᠭᠲᠠᠭᠠᠯ︾ ᠵᠢᠴᠢ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠠᠵᠠᠷ ᠰᠢᠷᠣᠢ ᠬᠠᠩᠭᠠᠬᠤ ᠶᠢᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ᠭᠠᠵᠠᠷ ᠰᠢᠷᠣᠢ ᠶᠢᠨ ᠰᠢᠨᠵᠢᠯᠡᠬᠦ ᠤᠬᠠᠭᠠᠨᠴᠢ᠂ ᠥᠨᠳᠥᠷ ᠪᠦᠲᠦᠮᠵᠢᠲᠡᠶ᠂ ᠵᠦᠢ ᠵᠣᠬᠢᠰᠲᠠᠢ ᠠᠰᠢᠭᠯᠠᠯᠲᠠ ᠶᠢ ᠦᠨᠡᠨ ᠬᠦ ᠪᠠᠲᠤᠯᠠᠵᠤ᠂ ᠪᠥᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠪᠦᠬᠦᠢ ᠬᠦᠴᠦᠨ ᠵᠦᠢᠯ ᠤᠨ ᠪᠠᠲᠤᠯᠠᠭ᠎ᠠ ᠬᠠᠩᠭᠠᠬᠤ ᠬᠡᠷᠡᠭᠲᠡᠢ᠃ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠳᠤ ᠵᠥᠪᠬᠡᠨ ᠶᠠᠪᠤᠭᠳᠠᠬᠤ ᠴᠠᠭ ᠪᠠᠶᠢᠬᠤ ᠠᠴᠠ ᠪᠢᠰᠢ ᠳᠠᠭᠤᠰᠬᠤ ᠴᠠᠭ ᠪᠠᠶᠢᠬᠤ ᠦᠭᠡᠢ ᠭᠡᠳᠡᠭ ᠢ ᠴᠠᠭ ᠢᠮᠠᠭᠲᠠ ᠪᠠᠲᠤ ᠴᠡᠭᠡᠵᠢᠯᠡᠵᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠬᠡᠷᠡᠭᠲᠡᠢ᠃ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠢᠯᠠᠰ ᠴᠡᠭᠲᠦ ᠠᠷᠭ᠎ᠠ ᠬᠡᠮᠵᠢᠶ᠎ᠡ ᠶᠢ ᠴᠢᠨᠠᠭᠰᠢᠳᠠ ᠰᠢᠨᠡᠴᠢᠯᠡᠵᠦ᠂ ᠤᠷᠮᠠᠰᠢᠭᠤᠯᠬᠤ ᠱᠠᠩᠨᠠᠬᠤ ᠲᠣᠷᠭᠠᠬᠤ ᠲᠣᠭᠲᠠᠴᠠ ᠶᠢ ᠴᠢᠩᠭᠠᠳᠬᠠᠵᠤ᠂ ᠥᠪᠡᠷ ᠤᠨ ᠪᠡᠶ᠎ᠡ ᠳᠡᠭᠡᠨ ᠳᠠᠷᠤᠯᠲᠠ ᠦᠵᠡᠭᠦᠯᠬᠦ ᠪᠠᠷ ᠳᠠᠮᠵᠢᠭᠤᠯᠵᠤ᠂ ᠤᠯᠠᠨ ᠲᠦᠮᠡᠨ ᠳᠤ ᠲᠦᠭᠦᠮ ᠦᠵᠡᠭᠦᠯᠬᠦ ᠬᠡᠷᠡᠭᠲᠡᠢ᠃ ᠨᠠᠮ ᠵᠠᠰᠠᠭ ᠤᠨ ᠺᠠᠳ᠋ᠷᠴᠤᠳ ᠤᠨ ᠬᠠᠨᠳᠤᠯᠭ᠎ᠠ ᠲᠠᠢ ᠪᠠᠷ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠦᠢᠯᠡᠴᠢᠯᠡᠬᠦ ᠪᠣᠯᠣᠨ ︽ᠮᠦᠩᠭᠡ ᠰᠣᠪᠠᠭ︾  ᠤᠨ ᠲᠠᠪᠴᠠᠩ ᠭᠡᠬᠦ ᠬᠤᠶᠠᠷ ᠠᠴᠢᠶᠠᠯᠠᠪᠤᠷᠢ ᠶᠢᠨ ᠪᠠᠶᠢᠭᠤᠯᠤᠯᠲᠠ ᠶᠢ ᠲᠦᠷᠭᠡᠨ ᠲᠡᠭᠦᠯᠳᠡᠷᠵᠢᠭᠦᠯᠵᠦ᠂ ᠪᠦᠷᠬᠦᠴᠡ ᠶᠢᠨ ᠡᠷᠴᠢᠮ ᠢᠶᠠᠨ ᠴᠢᠩᠭᠠᠷᠠᠭᠤᠯᠵᠤ᠂ ᠠᠴᠢᠶᠠᠯᠠᠪᠤᠷᠢ ᠶᠢᠨ ᠬᠦᠰᠡᠯ ᠱᠠᠭᠠᠷᠳᠠᠯᠭ᠎ᠠ ᠶᠢ ᠲᠤᠰᠬᠠᠬᠤ᠂ ᠠᠰᠠᠭᠤᠳᠠᠯ ᠢ ᠰᠢᠢᠳᠪᠦᠷᠢᠯᠡᠬᠦ ᠴᠢᠳᠠᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠪᠦᠬᠦ ᠰᠢᠶᠠᠨ ᠤ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠤ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠶᠢ ᠠᠬᠢᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠴᠢᠨᠠᠭᠰᠢᠳᠠ ᠬᠥᠭᠵᠢᠭᠡᠵᠦ᠂ ᠴᠢᠨᠠᠷ ᠰᠠᠶᠢᠲᠠᠢ ᠬᠥᠭᠵᠢᠯᠲᠡ ᠶᠢᠨ ᠳᠣᠲᠣᠭᠠᠳᠤ ᠬᠥᠳᠡᠯᠭᠡᠭᠦ ᠬᠦᠴᠦᠨ ᠢ ᠴᠢᠩᠭᠠᠳᠬᠠᠬᠤ ᠬᠡᠷᠡᠭᠲᠡᠢ ᠭᠡᠪᠡ᠃
  ᠪᠠᠶᠢᠩᠭᠤ ᠶᠢᠨ ᠬᠤᠷᠠᠯ ᠲᠡᠭᠦᠰᠦᠭᠰᠡᠨ ᠤ ᠲᠠᠷᠠᠭ᠎ᠠ᠂ 2022 ᠣᠨ ᠤ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠵᠠᠯᠭᠠᠭ᠎ᠠ ᠪᠠᠷ ᠬᠤᠷᠠᠯᠳᠤᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号