ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠥᠪᠯᠡᠯ ᠤᠨ ᠳᠡᠳ᠋ ᠡᠷᠬᠢᠯᠡᠭᠴᠢ ᠭᠦᠸᠧ ᠲᠠᠩ ᠨᠠᠷ ᠲᠦᠴᠢᠦᠸᠠᠨ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/5/19
      5 ᠰᠠᠷ᠎ᠠ ᠶᠢᠨ 18 ᠤ ᠡᠳᠦᠷ᠂ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠬᠤᠷᠢᠶ᠎ᠠ ᠶᠢᠨ ᠳᠡᠳ᠋ ᠡᠷᠬᠢᠯᠡᠭᠴᠢ ᠭᠦᠸᠧ ᠲᠠᠩ ᠨᠠᠷ ᠲᠦᠴᠢᠦᠸᠠᠨ ᠰᠢᠶᠠᠨ ᠳᠤ ᠬᠦᠷᠴᠦ ᠵᠠᠰᠠᠭ ᠤᠨ ᠣᠷᠳᠣᠨ ᠤ ᠥᠷᠢ ᠥᠭᠴᠡᠭᠡ ᠶᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ᠂ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠬᠡᠷᠡᠭᠯᠡᠬᠦ ᠪᠠ ᠡᠳ᠋ ᠤᠨ ᠵᠠᠰᠠᠭ ᠤᠨ ᠪᠡᠯᠡ ᠮᠥᠩᠭᠦ ᠪᠠᠷ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠶᠢ ᠪᠠᠲᠤᠯᠠᠭᠰᠠᠨ ᠪᠠᠶᠢᠳᠠᠯ ᠢ ᠪᠠᠶᠢᠴᠠᠭᠠᠨ‌‍ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠭᠤᠸᠠᠨ ᠯᠢ ᠴᠦᠨ᠂ ᠼᠤᠤ ᠶᠦᠩ ᠰᠢᠨ᠂ ᠰᠦᠩ ᠽᠧ ᠬᠠᠢ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
  ᠭᠦᠸᠧ ᠲᠠᠩ ᠨᠠᠷ ᠤᠷᠢᠳ ᠬᠤᠵᠢᠳ ᠯᠢᠦᠢ ᠹᠸᠡᠭ ᠴᠢᠤᠸᠠᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠦᠷᠦᠯ ᠵᠦᠢᠯ᠂ ᠬᠢᠲᠠᠳ ᠡᠮᠨᠡᠯᠭᠡ ᠶᠢᠨ ᠬᠤᠷᠢᠶᠠᠨ ᠤ ᠰᠢᠨ᠎ᠡ ᠪᠠᠷ ᠪᠠᠶᠢᠭᠤᠯᠬᠤ ᠲᠦᠷᠦᠯ ᠵᠦᠢᠯ᠂ ᠪᠢᠨ ᠾᠧ ᠴᠡᠴᠡᠷᠯᠢᠭ ᠤᠨ ᠲᠦᠷᠦᠯ ᠵᠦᠢᠯ᠂ ᠨᠠᠨ ᠬᠤ᠋ ᠨᠠᠭᠤᠷ ᠤᠨ ᠨᠣᠶᠢᠳᠠᠨ ᠭᠠᠵᠠᠷ ᠵᠢᠴᠢ ᠪᠠᠭ᠎ᠠ ᠡᠮᠳᠦ ᠶᠢᠨ ᠭᠤᠣᠯ ᠤᠨ ᠠᠮᠢ ᠠᠬᠤᠢ ᠶᠢ ᠵᠠᠰᠠᠨ ᠰᠡᠷᠭᠦᠭᠡᠬᠦ ᠲᠦᠷᠦᠯ ᠵᠦᠢᠯ ᠳᠤ ᠬᠦᠷᠴᠡᠢ᠃ ᠡᠩ ᠤᠨ ᠵᠢᠭᠡᠯᠡᠯᠭᠡ ᠶᠢᠨ ᠲᠡᠮᠳᠡᠭᠲᠦ ᠪᠠ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠵᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ᠂ ᠲᠦᠴᠢᠦᠸᠠᠨ ᠰᠢᠶᠠᠨ ᠤ ᠵᠠᠰᠠᠭ ᠤᠨ ᠣᠷᠳᠣᠨ ᠤ ᠥᠭᠴᠡᠭᠡ ᠶᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ᠂ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ ᠬᠡᠷᠡᠭᠯᠡᠬᠦ ᠪᠠ ᠡᠳ᠋ ᠤᠨ ᠵᠠᠰᠠᠭ ᠤᠨ ᠪᠡᠯᠡ ᠮᠥᠩᠭᠦ ᠶᠢᠨ ᠪᠠᠲᠤᠯᠠᠭ᠎ᠠ ᠶᠢᠨ ᠦᠨᠳᠦᠰᠦᠨ ᠱᠠᠲᠤᠨ ᠤ ︽ᠭᠤᠷᠪᠠ ᠶᠢ ᠪᠠᠲᠤᠯᠠᠬᠤ︾ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠤᠯᠪᠣᠭᠳᠠᠯ ᠪᠦᠬᠦᠢ ᠠᠵᠢᠯ ᠤᠨ ᠲᠤᠬᠠᠢ ᠶᠠᠷᠢᠯᠴᠠᠨ ᠰᠣᠯᠢᠯᠴᠠᠪᠠ᠃
    ᠭᠦᠸᠧ ᠲᠠᠩ ᠱᠠᠭᠠᠷᠳᠠᠭᠰᠠᠨ ᠨᠢ᠂ ᠣᠷᠣᠨ ᠨᠤᠲᠤᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠠᠰᠠᠭ ᠤᠨ ᠣᠷᠳᠣᠨ ᠤ ᠥᠷᠢ ᠥᠭᠴᠡᠭᠡ ᠶᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠶᠢ ᠴᠢᠩᠭᠠᠳᠬᠠᠬᠤ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ ᠬᠡᠷᠡᠭᠵᠢᠭᠦᠯᠵᠦ᠂ ᠲᠦᠭᠰᠢᠭᠦᠷᠢ ᠶᠢᠨ ᠤᠬᠠᠮᠰᠠᠷ ᠪᠠ ᠬᠢᠵᠠᠭᠠᠷ ᠱᠤᠭᠤᠮ ᠤᠨ ᠰᠡᠳᠬᠢᠬᠦᠢ ᠶᠢ ᠪᠠᠲᠤ ᠪᠠᠬᠢ ᠪᠣᠶ ᠪᠣᠯᠭᠠᠵᠤ᠂ ᠥᠷᠢ ᠥᠭᠴᠡᠭᠡ ᠶᠢᠨ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠯᠡᠨ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠪᠥᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠣᠭᠤᠷᠢᠨ ᠳᠤ᠂ ᠠᠰᠢᠭᠯᠠᠵᠤ ᠪᠣᠯᠬᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠰᠢᠭᠰᠢᠨ ᠰᠣᠩᠭᠤᠬᠤ ᠠᠵᠢᠯ ᠢ ᠰᠠᠶᠢᠲᠤᠷ ᠬᠢᠵᠦ᠂ ᠲᠥᠷᠥᠯ ᠵᠦᠢᠯ ᠢ ᠬᠢᠨᠠᠨ ᠬᠠᠷᠭᠤᠭᠤᠯᠵᠤ ᠪᠣᠭᠤᠮᠲᠠ ᠰᠠᠬᠢᠬᠤ ᠶᠢ ᠴᠢᠩᠭᠠᠳᠬᠠᠨ᠂ ᠲᠥᠷᠥᠯ ᠵᠦᠢᠯ ᠢ ᠦᠨᠡᠯᠡᠨ ᠵᠢᠱᠢᠬᠦ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠡᠯᠡ ᠮᠥᠩᠭᠦ ᠶᠢᠨ ᠬᠠᠤᠯᠢ ᠶᠣᠰᠣᠨ ᠤ᠂ ᠲᠣᠭᠲᠠᠭᠠᠯ ᠳᠤ ᠨᠡᠶᠢᠴᠡᠭᠦᠯᠦᠨ ᠬᠡᠷᠡᠭᠯᠡᠬᠦ ᠶᠢ ᠦᠨᠡᠨᠬᠦ ᠪᠠᠲᠤᠯᠠᠵᠤ᠂ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠵᠢᠨ‌ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠡᠮᠬᠢᠯᠡᠨ ᠵᠠᠳᠠᠯᠵᠤ᠂ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ︽ᠭᠤᠷᠪᠠ ᠶᠢ ᠪᠠᠲᠤᠯᠠᠬᠤ︾ ᠵᠠᠷᠤᠯᠭ᠎ᠠ ᠶᠢ ᠪᠠᠲᠤᠯᠠᠬᠤ ᠶᠢ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠬᠢᠵᠠᠭᠠᠷᠲᠠᠢ ᠪᠡᠯᠡ ᠮᠥᠩᠭᠦ ᠶᠢ ᠵᠠᠩᠭᠢᠯᠠᠭ᠎ᠠ ᠶᠢᠨ ᠭᠠᠵᠠᠷ ᠲᠤᠨᠢ ᠬᠡᠷᠡᠭᠯᠡᠵᠦ᠂ ᠬᠢᠵᠠᠭᠠᠷᠲᠠᠢ ᠡᠳ᠋ ᠤᠨ ᠬᠦᠴᠦᠨ ᠤ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠠᠪᠤᠳᠠᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠪᠡ᠃  ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠪᠠᠰᠠ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠬᠦᠷᠴᠦ ᠲᠥᠰᠥᠪ ᠢ ᠰᠦᠯᠵᠢᠶᠡᠨ ᠳᠤ ᠬᠤᠯᠪᠣᠵᠤ ᠬᠢᠨᠠᠯᠲᠠ ᠲᠠᠯᠪᠢᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号