ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠬᠤᠩ ᠼᠠᠢ ᠲᠦᠴᠢᠦᠸᠠᠨ ᠰᠢᠶᠠᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/5/22
       5 ᠰᠠᠷ᠎ᠠ ᠶᠢᠨ 21 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠬᠤᠩ ᠼᠠᠢ ᠲᠦᠴᠢᠦᠸᠠᠨ ᠰᠢᠶᠠᠨ ᠳᠤ ᠭᠦᠨᠵᠡᠭᠡᠶᠢᠷᠡᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ︽ᠳᠥᠷᠪᠡᠨ ᠰᠢᠶᠠᠩ ᠤᠨ ᠢᠨᠵᠧᠨᠧᠷᠢᠩ︾ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ ᠰᠢᠶᠠᠨ ᠤ ᠤᠳᠤᠷᠢᠳᠤᠯᠭ᠎ᠠ ᠵᠠᠩ ᠱᠤᠸᠠᠩ ᠴᠧᠩ᠂ ᠪᠣᠦ ᠬᠦᠭᠵᠢᠯᠲᠦ᠂ ᠯᠢᠦ ᡁᠢ ᠹᠧᠩ ᠵᠢᠴᠢ ᠠᠶᠢᠮᠠᠭ ᠰᠢᠶᠠᠨ ᠤ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃
  ᠯᠢ ᠬᠤᠩ ᠼᠠᠢ ᠠᠶᠢᠯ ᠲᠣᠰᠬᠤᠨ ᠢᠶᠠᠷ ᠶᠠᠪᠤᠵᠤ᠂ ᠲᠠᠷᠢᠶᠠᠴᠢᠨ ᠡᠷᠦᠬᠡ ᠳᠤ ᠬᠦᠷᠴᠦ᠂ ᠪᠠᠷᠢᠯᠭ᠎ᠠ ᠶᠢᠨ ᠭᠠᠵᠠᠷ ᠲᠤ ᠬᠦᠷᠴᠦ᠂ ᠤᠷᠢᠳ ᠬᠤᠵᠢᠳ ᠶᠦᠩ ᠠᠨ ᠪᠠᠯᠭᠠᠰᠤ᠂  ᠲᠠᠢ ᠫᠢᠩ ᠰᠢᠶᠠᠩ᠂ ᠲᠦᠴᠢᠦᠸᠠᠨ ᠪᠠᠯᠭᠠᠰᠤ᠂ ᠪᠦᠦ ᠱᠢ ᠪᠠᠯᠭᠠᠰᠤ᠂ ᠯᠢᠦ  ᠬᠤ᠋ ᠪᠠᠯᠭᠠᠰᠤᠨ ᠳᠤ ᠭᠦᠨᠵᠡᠭᠡᠶᠢᠷᠡᠵᠦ᠂ ᠬᠥᠳᠡᠭᠡ ᠲᠣᠰᠬᠤᠨ ᠤ ᠬᠥᠮᠥᠨ ᠮᠠᠯ ᠢ ᠰᠠᠯᠭᠠᠬᠤ ᠦᠬᠡᠷ ᠬᠤᠨᠢ ᠶᠢ ᠡᠮᠨᠡᠯᠭᠡ ᠠᠴᠠ ᠭᠠᠷᠭᠠᠬᠤ ᠲᠥᠷᠥᠯ ᠵᠦᠢᠯ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠬᠦᠢᠲᠡᠨ ᠰᠠᠷᠠᠪᠴᠢᠲᠤ ᠠᠮᠲᠠᠲᠤ ᠬᠡᠮᠬᠡ ᠵᠢᠴᠢ ᠰᠢᠳ ᠦᠷ᠎ᠡ ᠶᠢᠨ ᠠᠵᠤ ᠦᠢᠯᠡᠰ᠂ ᠭᠤᠣᠯ ᠤᠨ ᠵᠠᠮ ᠢ ᠵᠠᠰᠠᠬᠤ ᠢᠨᠵᠧᠨᠧᠷᠢᠩ᠂ ᠫᠧᠷᠰ ᠤᠳᠪᠠᠯᠠ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ᠂ ᠤᠰᠤ ᠬᠠᠩᠭᠠᠬᠤ ᠪᠠ ᠭᠠᠳᠠᠭᠰᠢᠯᠠᠭᠤᠯᠬᠤ ᠶᠢ ᠨᠢᠭᠡ ᠴᠣᠭᠴᠠᠵᠢᠭᠤᠯᠬᠤ ᠢᠨᠵᠧᠨᠧᠷᠢᠩ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ︽ᠳᠥᠷᠪᠡᠨ ᠰᠢᠶᠠᠩ ᠤᠨ ᠢᠨᠵᠧᠨᠧᠷᠢᠩ︾ ᠤᠨ ᠬᠤᠲᠠ ᠶᠢᠨ ᠠᠷᠠᠳ ᠢ ᠬᠥᠳᠡᠭᠡ ᠪᠠᠭᠤᠯᠭᠠᠬᠤ ᠬᠤᠲᠠ ᠶᠢᠨ ᠨᠣᠭᠤᠭ᠎ᠠ ᠶᠢᠨ ᠬᠦᠷᠢᠶᠡᠯᠡᠩ ᠤᠨ ᠲᠥᠷᠥᠯ ᠵᠦᠢᠯ᠂ ᠪᠡᠯᠡᠳᠭᠡᠮᠵᠢᠳᠤ ᠲᠠᠷᠢᠶᠠᠯᠠᠩ ᠤᠨ ᠣᠨᠴᠠᠯᠢᠭᠲᠤ ᠠᠵᠤ ᠦᠢᠯᠡᠰ ᠤᠨ ᠬᠥᠭᠵᠢᠯᠲᠡ᠂ ᠪᠥᠬᠦ ᠴᠠᠷᠠᠭᠠᠨ ᠤ ᠵᠢᠭᠤᠯᠴᠢᠯᠠᠯ ᠤᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠦᠢᠯᠭᠠᠵᠠᠢ᠃  ᠯᠢ ᠬᠤᠩ ᠼᠠᠢ ᠵᠢᠭᠠᠵᠤ ᠭᠠᠷᠭᠠᠭᠰᠠᠨ ᠨᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ  ᠶᠢ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠨᠤᠲᠤᠭ ᠤᠨ ᠴᠢᠳᠠᠪᠤᠷᠢᠲᠠᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠪᠡᠯᠡᠳᠭᠡᠮᠵᠢᠳᠤ ᠲᠠᠷᠢᠶᠠᠯᠠᠩ ᠪᠠ ᠬᠦᠷᠢᠶ᠎ᠡ ᠬᠠᠰᠢᠶ᠎ᠠ ᠶᠢᠨ ᠠᠵᠤ ᠠᠬᠤᠢ ᠶᠢᠨ ᠬᠥᠭᠵᠢᠯᠲᠡ ᠶᠢᠨ ᠲᠠᠯ᠎ᠠ ᠪᠠᠷ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠵᠤ᠂ ᠠᠮᠲᠠᠲᠤ ᠬᠡᠮᠬᠡ᠂ ᠰᠢᠳ ᠵᠡᠷᠭᠡ ᠬᠦᠷᠢᠶ᠎ᠡ ᠬᠠᠰᠢᠶ᠎ᠠ ᠶᠢᠨ ᠲᠠᠷᠢᠮᠠᠯ ᠤᠨ ᠣᠨᠴᠠᠯᠢᠭᠲᠤ ᠠᠵᠤ ᠦᠢᠯᠡᠰ ᠢ ᠭᠦᠢᠴᠡᠳ ᠠᠭᠤᠳᠠᠯᠵᠤ᠂ ᠬᠦᠷᠢᠶ᠎ᠡ ᠬᠠᠰᠢᠶ᠎ᠠ ᠶᠢᠨ ︽ᠵᠢᠵᠢᠭ ᠠᠵᠤ ᠠᠬᠤᠢ︾ ᠶᠢ ᠪᠠᠶᠠᠵᠢᠨ ᠴᠢᠨᠡᠭᠡᠯᠢᠭᠵᠢᠬᠦ ︽ᠲᠣᠮᠣ ᠠᠵᠤ ᠦᠢᠯᠡᠰ︾ ᠪᠣᠯᠭᠠᠨ ᠬᠤᠪᠢᠷᠠᠭᠤᠯᠵᠤ᠂ ᠲᠠᠷᠢᠶᠠᠯᠠᠩ ᠤᠨ ᠬᠥᠭᠵᠢᠯᠲᠡ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠪᠦᠲᠦᠮᠵᠢᠲᠡᠶ ᠠᠬᠢᠭᠤᠯᠤᠨ᠎ᠠ᠃ ᠬᠥᠮᠥᠨ ᠮᠠᠯ ᠢ ᠰᠠᠯᠭᠠᠬᠤ ᠦᠬᠡᠷ ᠬᠤᠨᠢ ᠶᠢ ᠡᠮᠨᠡᠯᠭᠡ ᠠᠴᠠ ᠭᠠᠷᠭᠠᠬᠤ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ᠂ ᠣᠯᠠᠨ ᠲᠦᠮᠡᠨ ᠤ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ ᠢᠵᠢ ᠪᠦᠷᠢᠳᠦᠭᠦᠯᠬᠦ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠠᠷᠪᠢᠯᠠᠭᠰᠠᠨ ᠤᠷᠢᠲᠠᠯ ᠳᠣᠣᠷ᠎ᠠ᠂ ᠣᠯᠠᠨ ᠲᠦᠮᠡᠨ ᠳᠤ ᠨᠠᠩ ᠣᠯᠠᠨ ᠲᠥᠬᠦᠮ ᠪᠠ ᠪᠣᠳᠠᠲᠤ ᠠᠰᠢᠭ ᠬᠦᠷᠲᠡᠭᠡᠬᠦ ᠬᠡᠷᠡᠭᠲᠡᠢ᠃ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠬᠦ᠂ ᠴᠢᠨᠠᠷ ᠰᠠᠶᠢᠲᠠᠢ ᠪᠦᠲᠦᠭᠡᠨ ᠪᠠᠶᠢᠭᠤᠯᠬᠤ᠂ ᠥᠨᠳᠥᠷ ᠲᠦᠪᠰᠢᠨ ᠢᠶᠠᠷ ᠬᠠᠮᠢᠶᠠᠷᠬᠤ ᠶᠢ ᠪᠠᠷᠢᠮᠲᠠᠯᠠᠵᠤ᠂ ᠲᠦᠴᠢᠦᠸᠠᠨ ᠰᠢᠶᠠᠨ ᠤ ᠲᠡᠦᠬᠡ᠂ ᠰᠣᠶᠣᠯ ᠢᠷᠭᠡᠨᠰᠢᠯ᠂ ᠪᠠᠶᠢᠭᠠᠯᠢ ᠵᠡᠷᠭᠡ ᠡᠬᠢ ᠪᠠᠶᠠᠯᠢᠭ ᠢ ᠭᠦᠢᠴᠡᠳ ᠨᠡᠶᠢᠳᠬᠡᠨ ᠠᠭᠤᠳᠠᠯᠵᠤ᠂ ᠬᠥᠳᠡᠭᠡ ᠠᠵᠤ ᠠᠬᠤᠢ ᠶᠢᠨ ᠵᠤᠭᠠᠴᠠᠯ᠂ ᠰᠣᠶᠣᠯ ᠵᠤᠭᠠᠴᠠᠯ ᠤᠨ ᠭᠦᠨᠵᠡᠭᠡᠢ ᠠᠭᠤᠰᠤᠯᠴᠠᠯ ᠢ ᠳᠠᠰᠤᠷᠠᠯᠳᠠ ᠦᠭᠡᠢ ᠠᠬᠢᠭᠤᠯᠵᠤ᠂ ᠪᠦᠬᠦ ᠣᠷᠣᠨ ᠪᠦᠰᠡ ᠶᠢᠨ ᠵᠤᠭᠠᠴᠠᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ ᠭᠡᠪᠡ᠃  ᠯᠢ ᠬᠤᠩ ᠼᠠᠢ ᠴᠢᠬᠤᠯᠠᠴᠢᠯᠠᠭᠰᠠᠨ ᠨᠢ᠂ ᠠᠶᠢᠮᠠᠭ ᠤᠨ ᠨᠠᠮ ᠤᠨ ᠬᠤᠷᠢᠶ᠎ᠠ ᠶᠢᠨ ᠳᠤᠷᠠᠳᠤᠭᠰᠠᠨ ᠴᠢᠳᠠᠪᠤᠷᠢᠲᠠᠨ ᠢ ᠨᠤᠲᠤᠭ ᠲᠤᠨᠢ ᠬᠠᠷᠢᠭᠤᠯᠬᠤ᠂ ᠬᠤᠲᠠ ᠶᠢᠨ ᠠᠷᠠᠳ ᠢ ᠬᠥᠳᠡᠭᠡ ᠪᠠᠭᠤᠯᠭᠠᠬᠤ᠂ ᠺᠠᠳ᠋ᠷ ᠢ ᠰᠢᠶᠠᠩ ᠳᠤ ᠬᠦᠷᠭᠡᠬᠦ᠂ ᠠᠵᠤ ᠠᠬᠤᠶᠢᠯᠠᠯ ᠢᠶᠠᠷ ᠰᠢᠶᠠᠩ ᠢᠶᠠᠨ ᠮᠠᠨᠳᠤᠭᠤᠯᠬᠤ ︽ᠳᠥᠷᠪᠡᠨ ᠰᠢᠶᠠᠩ ᠤᠨ ᠢᠨᠵᠧᠨᠧᠷᠢᠩ︾ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠳᠠ ᠶᠢᠨ ᠠᠷᠠᠳ ᠢ ᠬᠥᠳᠡᠭᠡ ᠪᠠᠭᠤᠯᠭᠠᠬᠤ ᠬᠤᠳᠠ ᠶᠢᠨ ᠢᠳᠡᠰᠢᠨ ᠨᠣᠭᠤᠭ᠎ᠠ ᠶᠢᠨ ᠬᠦᠷᠢᠶᠡᠯᠡᠩ ᠤᠨ ᠲᠦᠷᠦᠯ ᠵᠦᠢᠯ ᠢᠶᠠᠷ ᠲᠤᠷᠰᠢᠯᠲᠠ ᠶᠢᠨ ᠴᠡᠭ ᠪᠣᠯᠭᠠᠵᠤ᠂ ᠰᠢᠨ᠎ᠡ ᠶᠢ ᠡᠭᠦᠳᠦᠨ ᠨᠡᠭᠡᠭᠡᠨ ᠬᠥᠭᠵᠢᠭᠦᠯᠵᠦ᠂ ᠬᠤᠳᠠ ᠶᠢᠨ ᠲᠡᠬᠦᠷᠭᠡ ᠶᠢᠨ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠬᠢ ᠪᠠᠶᠠᠯᠢᠭ ᠢ ᠵᠣᠬᠢᠰᠲᠠᠢ ᠠᠰᠢᠭᠯᠠᠵᠤ᠂ ᠬᠤᠳᠠ ᠶᠢᠨ ᠰᠠᠭᠤᠭᠠᠯᠢ ᠠᠷᠠᠳ ᠤᠨ ᠬᠥᠳᠡᠭᠡ ᠲᠣᠰᠬᠤᠨ ᠤ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠪᠠ ᠬᠡᠷᠡᠭᠴᠡᠭᠡ ᠱᠠᠭᠠᠷᠳᠠᠯᠭ᠎ᠠ ᠶᠢ ᠤᠨᠢᠨ ᠳᠡᠭᠡᠷ᠎ᠡ ᠨᠢ ᠵᠣᠯᠭᠠᠭᠤᠯᠵᠤ᠂ ᠬᠤᠳᠠ ᠶᠢᠨ ᠬᠡᠷᠡᠭᠯᠡᠭᠡ ᠶᠢ ᠬᠥᠳᠡᠭᠡ ᠲᠣᠰᠬᠤᠨ ᠳᠤ ᠣᠷᠣᠭᠤᠯᠵᠤ᠂ ᠬᠥᠳᠡᠭᠡ ᠲᠣᠰᠬᠤᠨ ᠢ ᠰᠡᠷᠭᠦᠭᠡᠨ ᠬᠥᠭᠵᠢᠭᠦᠯᠵᠦ ᠪᠣᠯᠬᠤ᠂ ᠳᠡᠯᠭᠡᠷᠡᠭᠦᠯᠵᠦ ᠪᠣᠯᠬᠤ᠂ ᠦᠷᠭᠦᠯᠵᠢᠯᠡᠨ ᠬᠥᠭᠵᠢᠭᠦᠯᠬᠦ ᠰᠢᠨ᠎ᠡ ᠵᠠᠮ ᠢ ᠲᠠᠰᠤᠷᠠᠯᠳᠡ ᠦᠭᠡᠢ ᠰᠦᠪᠡᠭᠴᠢᠯᠡᠨ ᠪᠦᠷᠢᠯᠳᠦᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠳᠠᠶᠢᠴᠢᠯᠠᠬᠤ ᠬᠡᠷᠡᠭᠲᠡᠢ ᠭᠡᠪᠡ᠃
 
ᠢᠷᠡᠯᠲᠡ᠄ ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号