ᠲᠦᠴᠢᠦᠸᠠᠨ ᠰᠢᠶᠠᠨ ᠲᠦᠷᠦᠯ ᠵᠦᠢᠯ ᠢ ᠲᠥᠯᠥᠪᠵᠢᠭᠦᠯᠵᠦ ᠨᠥᠭᠡᠴᠡᠯᠡᠬᠦ ᠵᠢᠴᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/22
      5 ᠰᠠᠷ᠎ᠠ ᠶᠢᠨ 21 ᠤ ᠡᠳᠦᠷ᠂ ᠲᠦᠴᠢᠦᠸᠠᠨ ᠰᠢᠶᠠᠨ ᠲᠦᠷᠦᠯ ᠵᠦᠢᠯ ᠢ ᠲᠥᠯᠥᠪᠵᠢᠭᠦᠯᠵᠦ ᠨᠥᠭᠡᠴᠡᠯᠡᠬᠦ ᠵᠢᠴᠢ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠸᠠᠩ ᠵᠢᠶᠠ ᠵᠢᠶᠦ᠋ᠨ᠂ ᠴᠧᠨ ᠭᠦᠸᠧ ᠮᠢᠩ᠂ ᠯᠢ ᠬᠤᠩ ᠰᠢᠩ᠂ ᠪᠦᠦ ᠬᠤᠩ ᠶᠢᠩ᠂ ᠰᠦᠩ ᠽᠧ ᠬᠠᠢ᠂ ᠸᠠᠩ ᠬᠠᠢ ᠵᠢᠶᠦ᠋ᠨ ᠵᠢᠴᠢ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ ᠪᠣᠯᠣᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠠᠵᠢᠯᠲᠠᠳ ᠬᠤᠷᠠᠯ ᠳᠤ ᠣᠷᠣᠯᠴᠠᠪᠠ᠃
  ᠬᠤᠷᠠᠯ ᠠᠴᠠ ᠬᠢᠩᠭᠠᠨ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ ᠶᠢᠨ ᠭᠤᠸᠠᠩ ᠲᠢᠶᠠᠨ ᠪᠣᠯᠣᠨ ᠥᠪᠥᠷ ᠮᠣᠩᠭᠤᠯ ᠤᠨ ᠢᠦᠢ ᠬᠤᠸᠠ ᠬᠡᠷᠡᠭ ᠡᠷᠬᠢᠯᠡᠬᠦ ᠭᠠᠵᠠᠷ ᠤᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠠᠵᠢᠯ ᠤᠨ ᠶᠡᠷᠦᠩᠬᠡᠢ ᠬᠠᠷᠢᠭᠤᠴᠠᠯᠭᠠᠲᠠᠨ ᠶᠠᠩ ᠶᠠᠨ ᠵᠢᠶᠦ᠋ᠨ ᠢ ᠤᠷᠢᠵᠤ᠂ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠦᠷᠦᠯ ᠵᠦᠢᠯ ᠢ ᠨᠥᠭᠡᠴᠡᠯᠡᠬᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠ ᠵᠢᠭᠡᠯᠡᠯᠭᠡ ᠶᠢᠨ ᠲᠡᠮᠳᠡᠭᠲᠦ ᠶᠢᠨ ᠲᠦᠷᠦᠯ ᠵᠦᠢᠯ ᠢ ᠨᠥᠭᠡᠴᠡᠯᠡᠬᠦ ᠵᠡᠷᠭᠡ ᠠᠵᠢᠯ ᠳᠤ ᠲᠤᠰᠬᠠᠢ ᠰᠡᠳᠦᠪᠲᠦ ᠪᠣᠯᠪᠠᠰᠤᠷᠠᠯ ᠬᠦᠷᠲᠡᠭᠡᠵᠡᠢ᠃
  ᠣᠶᠢᠯᠠᠭᠠᠭᠰᠠᠨ ᠢᠶᠠᠷ᠂ ᠲᠦᠴᠢᠦᠸᠠᠨ ᠰᠢᠶᠠᠨ ᠤ ᠬᠢᠨ ᠲᠦᠷᠦᠯ ᠵᠦᠢᠯ ᠤᠨ ᠨᠥᠭᠡᠴᠡᠯᠡᠬᠦ ᠠᠵᠢᠯ ᠢ ᠲᠥᠯᠥᠪᠵᠢᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠲᠠᠢ ᠵᠡᠷᠭᠡᠪᠡᠷ ᠠᠬᠢᠭᠤᠯᠵᠤ᠂ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ ᠤᠳᠤᠷᠢᠳᠤᠮᠵᠢ ᠶᠢ ᠭᠦᠨᠵᠡᠭᠡᠢ ᠰᠤᠳᠤᠯᠵᠤ᠂ ᠤᠷᠢᠳᠴᠢᠯᠠᠨ ᠭᠠᠷᠳᠠᠨ ᠬᠢᠵᠦ᠂ ᠤᠯᠠᠨ ᠲᠠᠬᠢᠨ ᠲᠣᠬᠢᠷᠠᠭᠤᠯᠵᠤ᠂ ᠪᠦᠬᠦ ᠠᠶᠢᠮᠠᠭ ᠤᠨ 20 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠨᠢᠭᠡ ᠪᠦᠯᠦᠭ ᠲᠣᠮᠣ ᠲᠦᠷᠦᠯ ᠵᠦᠢᠯ᠂ ᠰᠠᠶᠢᠨ ᠲᠦᠷᠦᠯ ᠵᠦᠢᠯ ᠢ ᠲᠥᠯᠥᠪᠵᠢᠭᠦᠯᠵᠦ ᠨᠥᠭᠡᠴᠡᠯᠡᠬᠦ ᠪᠠᠷ ᠴᠢᠷᠮᠠᠶᠢᠵᠤ᠂ ᠳᠠᠷᠠᠭᠠᠴᠢ ᠶᠢᠨ ᠠᠯᠬᠤᠮ ᠳᠤ ᠪᠡᠯᠡ ᠮᠥᠩᠭᠦ ᠣᠯᠬᠤ ᠪᠠ ᠬᠤᠳᠠᠯᠳᠣᠭᠠᠴᠢᠨ ᠤᠷᠢᠵᠤ ᠪᠡᠯᠡ ᠣᠷᠣᠭᠤᠯᠬᠤ ᠳᠤ ᠭᠦᠢᠴᠡᠳ ᠪᠡᠯᠡᠳᠬᠡᠯ ᠬᠢᠬᠦ ᠬᠡᠷᠡᠭᠲᠡᠢ᠃ᠡᠭᠦᠨ ᠤ ᠬᠠᠮᠲᠤ᠂ ︽ᠲᠦᠴᠢᠦᠸᠠᠨ ᠰᠢᠶᠠᠨ ᠤ ︿ᠥᠪᠡᠷᠲᠡᠭᠡᠨ ᠵᠠᠰᠠᠬᠤ ᠣᠷᠣᠨ ᠤ ᠨᠠᠩ ᠰᠢᠯᠢᠳᠡᠭ ᠡᠵᠡᠩᠨᠡᠯᠲᠡ ᠶᠢᠨ ᠣᠷᠴᠢᠨ ᠲᠣᠭᠤᠷᠢᠨ ᠤ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠠᠶᠢᠳᠠᠪᠤᠷᠢᠵᠢᠭᠤᠯᠬᠤ ᠠᠵᠢᠯᠯᠠᠭᠠᠨ ᠤ ᠲᠥᠰᠥᠯ﹀ ᠤᠨ 3.0 ᠬᠡᠪ ᠤᠨ ᠠᠵᠢᠯ ᠤᠨ ᠲᠥᠰᠥᠯ︾ ︽ᠲᠦᠴᠢᠦᠸᠠᠨ ᠰᠢᠶᠠᠨ ᠤ ᠥᠪᠡᠷᠲᠡᠭᠡᠨ ᠵᠠᠰᠠᠬᠤ ᠣᠷᠣᠨ ᠤ ᠡᠵᠡᠩᠨᠡᠯᠲᠡ ᠶᠢᠨ ᠣᠷᠴᠢᠨ ᠲᠣᠭᠤᠷᠢᠨ ᠤ 3.0 ᠬᠡᠪ ᠤᠨ ᠠᠵᠢᠯ ᠤᠨ ᠲᠥᠰᠥᠯ ᠤᠨ ᠰᠢᠨ᠎ᠡ ᠶᠢ ᠡᠭᠦᠳᠬᠦ ᠬᠠᠲᠠᠭᠤ ᠴᠥᠮ᠎ᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ︾ ᠶᠢ ᠰᠤᠳᠤᠯᠤᠨ ᠲᠣᠭᠲᠠᠭᠠᠵᠤ᠂ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ ᠲᠠᠢ︾ ︽ᠡᠭᠦᠳᠡ ᠪᠠᠨ ᠨᠡᠭᠡᠭᠡᠵᠦ ᠲᠣᠭᠲᠠᠭᠤᠨ ᠪᠠᠶᠢᠯᠭᠠᠬᠤ︾ ᠶᠢ ︽ᠪᠥᠬᠦ ᠵᠢᠯ ᠳᠤ ᠤᠯᠠᠭᠠᠨ︾ ︽ᠪᠥᠬᠦ ᠵᠢᠯ ᠳᠤ ᠲᠣᠭᠲᠠᠭᠤᠨ ᠪᠠᠶᠢᠯᠭᠠᠬᠤ︾ ᠪᠣᠯᠭᠠᠨ ᠬᠤᠪᠢᠷᠠᠭᠤᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠪᠠ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号