ᠲᠦᠴᠢᠦᠸᠠᠨ ᠰᠢᠶᠠᠨ ᠪᠦᠬᠦ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠡ ᠵᠠᠩᠭᠢ ᠶᠢ ᠤᠬᠠᠭᠤᠯᠤᠨ ᠳ᠋ᠦᠩᠨᠡᠵᠦ ᠬᠥᠬᠢᠭᠦᠯᠦᠨ ᠰᠠᠶᠢᠰᠢᠶᠠᠬᠤ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠡ ᠵᠠᠩᠭᠢᠴᠢᠳ ᠢ ᠪᠣᠯᠪᠠᠰᠤᠷᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/22
      5 ᠰᠠᠷ᠎ᠠ ᠶᠢᠨ 21 ᠤ ᠡᠳᠦᠷ᠂ ᠲᠦᠴᠢᠦᠸᠠᠨ ᠰᠢᠶᠠᠨ ᠪᠥᠬᠦ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠡ ᠵᠠᠩᠭᠢ ᠶᠢ ᠤᠬᠠᠭᠤᠯᠤᠨ ᠳ᠋ᠦᠩᠨᠡᠵᠦ ᠬᠥᠬᠢᠭᠦᠯᠦᠨ ᠰᠠᠶᠢᠰᠢᠶᠠᠬᠤ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠡ ᠵᠠᠩᠭᠢᠴᠢᠳ ᠢ ᠪᠣᠯᠪᠠᠰᠤᠷᠠᠭᠤᠯᠬᠤ ᠬᠤᠷᠠᠯ ᠬᠤᠷᠠᠯᠳᠤᠭᠤᠯᠪᠠ᠃ ᠬᠤᠷᠠᠯ ᠠᠴᠠ ᠰᠢᠶᠠᠨ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠤᠨ ᠣᠯᠣᠭᠰᠠᠨ ᠠᠮᠵᠢᠯᠲᠠ ᠶᠢ ᠡᠷᠭᠢᠴᠡᠭᠦᠯᠵᠦ᠂ ᠲᠤᠷᠰᠢᠯᠭ᠎ᠠ ᠪᠠᠨ ᠳ᠋ᠦᠩᠨᠡᠵᠦ᠂ ᠵᠥᠷᠢᠶ᠎ᠡ ᠪᠠᠨ ᠡᠷᠢᠵᠦ᠂ ᠲᠡᠷᠢᠭᠦᠨ ᠤ ᠬᠢ ᠶᠢ ᠬᠥᠬᠢᠭᠦᠯᠦᠨ ᠰᠠᠶᠢᠰᠢᠶᠠᠵᠤ᠂ ᠡᠨᠡ ᠵᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠡ ᠵᠠᠩᠭᠢ ᠵᠢᠨ‌‍ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠭᠤᠸᠠᠨ ᠯᠢ ᠴᠦᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠶᠠᠩ ᠪᠦᠦ ᠲᠢᠶᠠᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠼᠤᠤ ᠶᠦᠩ ᠰᠢᠨ᠂ ᠯᠠᠨ ᠰᠢᠶᠠᠨ ᠹᠧᠩ ᠬᠤᠷᠠᠯ ᠳᠤ ᠣᠷᠣᠯᠴᠠᠵᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠴᠢᠦᠢ ᠲᠦᠩ ᠨᠢᠶᠠᠨ ᠬᠤᠷᠠᠯ ᠡᠷᠭᠢᠯᠡᠪᠡ᠃
  ᠭᠤᠸᠠᠨ ᠯᠢ ᠴᠦᠨ ᠵᠢᠭᠠᠵᠤ ᠭᠠᠷᠭᠠᠭᠰᠠᠨ ᠨᠢ᠂ 2021 ᠣᠨ ᠳᠤ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠬᠠᠭᠤᠯᠬᠤ ᠠᠵᠢᠯ ᠨᠢ ᠰᠢᠶᠠᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠪᠠ ᠤᠬᠠᠭᠤᠯᠬᠤ ᠰᠠᠯᠠᠭ᠎ᠠ ᠮᠥᠴᠢᠷ ᠤᠨ ᠬᠦᠴᠦᠲᠡᠢ ᠳᠡᠮᠵᠢᠯᠭᠡ ᠳᠣᠣᠷ᠎ᠠ᠂ ᠰᠢᠶᠠᠨ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠥᠷᠭᠡᠨ ᠣᠯᠠᠨ ᠮᠡᠳᠡᠭᠡ ᠵᠠᠩᠭᠢᠴᠢᠳ ᠤᠨ ᠰᠢᠷᠭᠠᠭᠤ ᠴᠢᠷᠮᠠᠶᠢᠯᠭ᠎ᠠ ᠳᠣᠣᠷ᠎ᠠ ᠨᠡᠯᠢᠶᠡᠳ ᠰᠠᠶᠢᠨ ᠠᠮᠵᠢᠯᠲᠠ ᠣᠯᠵᠠᠢ᠃ ᠥᠩᠭᠡᠷᠡᠭᠰᠡᠨ ᠨᠢᠭᠡ ᠵᠢᠯ ᠳᠤ᠂ ᠲᠦᠴᠢᠦᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠪᠦᠬᠦ ᠣᠷᠣᠨ ᠤ ᠡᠮᠦᠨ᠎ᠡ ᠡᠩᠨᠡᠭᠡᠨ ᠳᠤ ᠣᠷᠣᠵᠤ᠂ ᠤᠬᠠᠭᠤᠯᠭ᠎ᠠ ᠶᠢᠨ ᠬᠡᠯᠪᠡᠷᠢ ᠨᠢ ᠤᠯᠠᠨ ᠶᠠᠩᠵᠤ ᠶᠢᠨ ᠪᠠᠶᠢᠵᠤ᠂ ᠤᠬᠠᠭᠤᠯᠭ᠎ᠠ ᠶᠢᠨ ᠠᠷᠭ᠎ᠠ ᠵᠠᠮ ᠨᠢ ᠰᠠᠭᠠᠳ ᠦᠭᠡᠢ ᠪᠠᠶᠢᠵᠤ᠂ ᠰᠢᠶᠠᠨ ᠰᠢᠶᠠᠩ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠭᠤᠣᠯᠳᠠᠯᠭ᠎ᠠ ᠶᠢᠨ ᠲᠣᠭᠤᠷᠢᠨ ᠳᠤ ᠰᠡᠳᠬᠢᠯ ᠨᠢᠭᠡᠳᠦᠨ ᠬᠦᠴᠦᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠢᠳᠡᠪᠬᠢᠲᠡᠢ ᠪᠠᠷ ᠤᠬᠠᠭᠤᠯᠤᠨ ᠮᠡᠳᠡᠭᠡᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠤᠯᠠᠨ ᠲᠦᠮᠡᠨ ᠲᠠᠢ ᠨᠡᠩ ᠣᠶᠢᠷᠠᠲᠤᠭᠤᠯᠵᠠᠢ ᠭᠡᠪᠡ᠃
  ᠭᠤᠸᠠᠨ ᠯᠢ ᠴᠦᠨ ᠴᠢᠬᠤᠯᠠᠴᠢᠯᠠᠭᠰᠠᠨ ᠨᠢ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠳᠤ᠂ ᠨᠢᠭᠡ ᠳᠤ᠂ ᠦᠵᠡᠯ ᠰᠠᠨᠠᠭᠠᠨ ᠤ ᠲᠠᠯ᠎ᠠ ᠪᠠᠷ ᠳᠠᠬᠢᠨᠲᠠ ᠴᠢᠬᠤᠯᠠᠴᠢᠯᠠᠬᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠢ ᠴᠢᠩᠭᠠᠳᠬᠠᠬᠤ ᠲᠤᠬᠠᠢ ᠲᠥᠪ ᠬᠤᠷᠢᠶ᠎ᠠ᠂ ᠣᠷᠣᠨ ᠠᠶᠢᠮᠠᠭ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠬᠢᠨᠠᠮᠠᠭᠠᠢ ᠲᠤᠤᠱᠯᠠᠭᠤᠯᠵᠤ᠂ ᠥᠷᠭᠡᠨ ᠣᠯᠠᠨ ᠲᠥᠯᠥᠭᠡᠯᠡᠭᠴᠢ ᠂ ᠰᠣᠨᠢᠨ ᠮᠡᠳᠡᠭᠡᠨ ᠤ ᠵᠠᠭᠤᠴᠢᠯᠠᠭᠤᠷ ᠤᠨ ᠢᠳᠡᠪᠬᠢᠵᠢᠯ ᠢ ᠳᠠᠶᠢᠴᠢᠯᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠳᠦᠷᠰᠦ ᠪᠠᠶᠢᠳᠠᠯ᠂ ᠰᠢᠨ᠎ᠡ ᠪᠠᠶᠢᠳᠠᠯ ᠢ ᠪᠥᠬᠦ ᠲᠠᠯ᠎ᠠ ᠪᠠᠷ ᠢᠯᠡᠷᠡᠭᠦᠯᠬᠦ ᠬᠡᠷᠡᠭᠲᠡᠢ︔ ᠭᠢᠯᠠᠰ ᠴᠡᠭ ᠲᠠᠢ ᠠᠵᠢᠯ ᠢ ᠦᠷᠭᠦᠯᠵᠢᠯᠡᠨ ᠠᠭᠤᠳᠠᠯᠵᠤ᠂ ᠳ᠋ᠦᠩᠨᠡᠨ ᠤᠬᠠᠭᠤᠯᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ︽ᠲᠦᠷᠪᠡᠨ ᠪᠠᠶᠢᠭᠤᠯᠤᠯᠭ᠎ᠠ︾ ᠶᠢ ᠪᠠᠶᠢᠭᠤᠯᠬᠤ ᠬᠠᠷᠠᠯᠲᠠ ᠪᠣᠯᠣᠨ ᠪᠠᠶᠢᠷᠢ ᠲᠣᠭᠲᠠᠭᠠᠯᠲᠠ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠰᠢᠨ᠎ᠡ ᠠᠮᠵᠢᠯᠲᠠ ᠣᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠶᠠᠷ ᠲᠤ ᠠᠷᠭ᠎ᠠ ᠶᠢᠨ ᠲᠠᠯ᠎ᠠ ᠪᠠᠷ ᠠᠨᠢᠰᠤ ᠶᠢ ᠨᠢ ᠠᠳᠬᠤᠬᠤ ᠬᠡᠷᠡᠭᠲᠡᠢ᠃ᠤᠯᠤᠰ ᠲᠦᠷᠦ ᠶᠢᠨ ᠴᠢᠭᠯᠡᠯ ᠢᠶᠠᠨ ᠪᠠᠲᠤᠳᠬᠠᠵᠤ᠂ ᠵᠥᠪ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠬᠤ ᠬᠡᠷᠡᠭᠲᠡᠢ︔ᠠᠵᠢᠯ ᠤᠨ ᠬᠡᠪᠴᠢᠶ᠎ᠡ ᠪᠠᠨ ᠲᠣᠭᠲᠠᠭᠠᠵᠤ᠂ ᠮᠡᠳᠡᠭᠡ ᠵᠠᠩᠭᠢ ᠶᠢᠨ ᠤᠬᠠᠭᠤᠯᠭ᠎ᠠ ᠶᠢᠨ ᠭᠤᠣᠯᠳᠠᠯᠭ᠎ᠠ ᠶᠢ ᠡᠵᠡᠮᠰᠢᠬᠦ ᠬᠡᠷᠡᠭᠲᠡᠢ︔ᠪᠣᠳᠠᠲᠤ ᠶᠠᠪᠤᠳᠠᠯ ᠢ ᠪᠦᠲᠦᠭᠡᠬᠦ ᠳᠤ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ︽ᠪᠣᠳᠠᠲᠠᠢ︾᠂ ︽ᠴᠠᠭ︾ ᠢ ᠬᠠᠮᠲᠤ ᠳᠤᠨᠢ ᠬᠠᠷᠠᠭᠠᠯᠵᠠᠬᠤ ᠶᠢ ᠪᠡᠶᠡᠯᠡᠭᠦᠯᠬᠦ ᠬᠡᠷᠡᠭᠲᠡᠢ᠃ᠭᠤᠷᠪᠠ ᠳᠤ ᠲᠤᠬᠠᠶᠢᠯᠠᠭᠰᠠᠨ ᠠᠵᠢᠯ ᠤᠨ ᠲᠠᠯ᠎ᠠ ᠪᠠᠷ ᠠᠵᠢᠯ ᠳᠠᠭᠠᠨ ᠴᠢᠳᠠᠮᠠᠭᠠᠢ ᠪᠠᠶᠢᠬᠤ ᠬᠡᠷᠡᠭᠲᠡᠢ᠃ ︽ᠭᠤᠷᠪᠠ ᠶᠢ ᠪᠦᠷᠢᠳᠦᠭᠦᠯᠬᠦ︾ ᠨᠢ ︽ᠭᠤᠷᠪᠠᠨ ᠠᠵᠢᠯᠴᠢᠨ︾ ᠢ ᠳᠠᠭᠠᠭᠤᠯᠵᠤ᠂ ᠤᠷᠮ᠎ᠠ ᠪᠠᠬ᠎ᠠ ᠲᠠᠢ᠂ ᠬᠠᠷᠢᠭᠤᠴᠠᠯᠭ᠎ᠠ ᠲᠠᠢ᠂ ᠡᠷᠴᠢ ᠵᠣᠷᠢᠭ ᠲᠠᠢ ᠪᠠᠶᠢᠵᠤ᠂ ᠮᠡᠳᠡᠭᠡ ᠵᠠᠩᠭᠢ ᠶᠢᠨ ᠠᠵᠢᠯ ᠤᠨ ᠳᠤᠷ᠎ᠠ ᠰᠣᠨᠢᠷᠬᠠᠯ ᠢ ᠬᠥᠮᠥᠵᠢᠭᠦᠯᠵᠦ᠂ ᠮᠡᠳᠡᠭᠡ ᠵᠠᠩᠭᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠮᠡᠳᠡᠭᠡ ᠵᠠᠩᠭᠢ ᠶᠢᠨ ᠠᠵᠢᠯ ᠢ ᠴᠥᠬᠦᠷᠡᠰᠢ ᠦᠭᠡᠢ ᠰᠠᠶᠢᠲᠤᠷ ᠬᠢᠬᠦ ᠬᠡᠷᠡᠭᠲᠡᠢ︔ ᠬᠥᠯ ᠭᠠᠷ ᠢᠶᠠᠷ ᠢᠶᠠᠨ ᠬᠢᠴᠢᠶᠡᠵᠦ᠂ ᠲᠠᠷᠢᠬᠢ ᠲᠣᠯᠣᠭᠠᠢ ᠪᠠᠷ ᠢᠶᠠᠨ ᠴᠢᠷᠮᠠᠶᠢᠬᠤ ᠬᠡᠷᠡᠭᠲᠡᠢ᠃ᠬᠥᠯ ᠢᠶᠠᠨ ᠦᠷᠭᠦᠯᠵᠢ ᠬᠥᠳᠡᠯᠭᠡᠵᠦ᠂ ᠢᠯᠡᠭᠦᠦ ᠶᠠᠪᠤᠵᠤ ᠢᠯᠡᠭᠦᠦ ᠦᠵᠡᠬᠦ ᠬᠡᠷᠡᠭᠲᠡᠢ︔ ᠭᠠᠷ ᠬᠥᠳᠡᠯᠬᠦ ᠳᠡᠭᠡᠨ ᠴᠢᠳᠠᠮᠠᠭᠠᠢ ᠪᠠᠶᠢᠵᠤ᠂ ᠢᠯᠡᠭᠦᠦ ᠪᠢᠴᠢᠵᠦ ᠢᠯᠡᠭᠦᠦ ᠪᠣᠯᠪᠠᠰᠤᠷᠠᠬᠤ ᠬᠡᠷᠡᠭᠲᠡᠢ︔ ᠲᠠᠷᠢᠬᠢ ᠲᠣᠯᠣᠭᠠᠢ ᠪᠠᠨ ᠰᠠᠶᠢᠲᠤᠷ ᠬᠥᠳᠡᠯᠭᠡᠵᠦ᠂ ᠢᠯᠡᠭᠦᠦ ᠰᠡᠳᠬᠢᠵᠦ ᠢᠯᠡᠭᠦᠦ ᠪᠣᠳᠣᠯᠬᠢᠯᠠᠬᠤ ᠬᠡᠷᠡᠭᠲᠡᠢ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠲᠠᠢ ᠤᠶᠠᠯᠳᠤᠭᠤᠯᠤᠨ᠂ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠢ ᠠᠩᠬᠠᠷᠴᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠵᠤ᠂ ᠮᠡᠳᠡᠭᠡ ᠵᠠᠩᠭᠢ ᠶᠢᠨ ᠬᠤᠭᠤᠴᠠᠭᠠᠲᠤ ᠴᠢᠨᠠᠷ᠂ ᠬᠠᠨᠳᠤᠯᠭᠠᠲᠤ ᠴᠢᠨᠠᠷ᠂ ᠰᠢᠨ᠎ᠡ ᠶᠢ ᠡᠭᠦᠳᠬᠦ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠪᠡ᠃
  ᠬᠤᠷᠠᠯ ᠳᠡᠭᠡᠷ᠎ᠡ᠂ 2021 ᠣᠨ ᠤ ᠪᠦᠬᠦ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠤᠨ ᠰᠢᠯᠢᠳᠡᠭ ᠮᠡᠳᠡᠭᠡ ᠵᠠᠩᠭᠢᠴᠢ ᠶᠢ ᠬᠥᠬᠢᠭᠦᠯᠦᠨ ᠰᠠᠶᠢᠰᠢᠶᠠᠬᠤ ᠲᠣᠭᠲᠠᠭᠠᠯ ᠢ ᠤᠩᠰᠢᠨ ᠨᠡᠶᠢᠲᠡᠯᠡᠵᠦ᠂ ᠰᠢᠯᠢᠳᠡᠭ ᠮᠡᠳᠡᠭᠡ ᠵᠠᠩᠭᠢᠴᠢ ᠶᠢᠨ ᠲᠥᠯᠥᠭᠡᠯᠡᠭᠴᠢ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠭᠰᠠᠨ ᠪᠥᠭᠡᠳ 2021 ᠣᠨ ᠤ ᠲᠦᠴᠢᠦᠸᠠᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠤᠨ ᠲᠡᠷᠢᠭᠦᠨ ᠤ ᠬᠤᠪᠢ ᠬᠥᠮᠥᠨ ᠢ ᠬᠥᠬᠢᠭᠦᠯᠦᠨ ᠱᠠᠩᠨᠠᠪᠠ᠃ ᠴᠢᠦᠢ ᠲᠦᠩ ᠨᠢᠶᠠᠨ ᠪᠣᠯᠣᠨ ᠬᠤᠯᠪᠣᠭᠳᠠᠯ ᠪᠦᠬᠦᠢ ᠬᠥᠮᠥᠰ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠡ ᠵᠠᠩᠭᠢ ᠶᠢᠨ ᠤᠬᠠᠭᠤᠯᠭ᠎ᠠ ᠶᠢᠨ ᠠᠵᠢᠯ ᠤᠨ ᠴᠢᠬᠤᠯᠠ ᠴᠢᠨᠠᠷ᠂ ᠮᠡᠳᠡᠭᠡ ᠵᠠᠩᠭᠢ ᠶᠢ ᠰᠤᠷᠪᠤᠯᠵᠢᠯᠠᠨ ᠨᠠᠶᠢᠷᠠᠭᠤᠯᠬᠤ ᠤᠷ᠎ᠠ ᠮᠡᠷᠭᠡᠵᠢᠯ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠡ ᠵᠠᠩᠭᠢ ᠶᠢ ᠬᠡᠷᠬᠢᠨ ᠰᠠᠶᠢᠲᠤᠷ ᠪᠢᠴᠢᠬᠦ ᠵᠡᠷᠭᠡ ᠠᠭᠤᠯᠭ᠎ᠠ ᠶᠢᠨ ᠲᠤᠬᠠᠢ ᠲᠤᠰᠬᠠᠢ ᠰᠡᠳᠦᠪᠲᠦ ᠪᠣᠯᠪᠠᠰᠤᠷᠠᠭᠤᠯᠤᠯ ᠬᠢᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号