ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠢ ᠭᠡᠷ ᠣᠷᠣᠨ ᠢ ᠪᠦᠲᠦᠭᠡᠨ ᠪᠠᠶᠢᠭᠤᠯᠤᠨ᠎ᠠ --- ᠲᠦᠴᠢᠦᠸᠠᠨ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ  ᠴᠢᠩᠭᠠᠳᠬᠠᠭᠰᠠᠨ ᠲᠡᠮᠳᠡᠭᠯᠡᠯ
ᠨᠡᠶᠢᠲᠡᠯᠡᠭᠰᠡᠨ ᠴᠠᠭ᠄
2022/5/28
    ᠬᠢᠩᠭᠠᠨ ᠠᠶᠢᠮᠠᠭ ᠤᠨ ᠲᠦᠴᠢᠦᠸᠠᠨ ᠰᠢᠶᠠᠨ ᠳᠤ᠂ ᠴᠡᠯᠮᠡᠭ ᠣᠭᠲᠠᠷᠭᠤᠢ᠂ ᠭᠤᠣᠯ ᠤᠨ ᠤᠰᠤ ᠲᠣᠯᠢ ᠮᠡᠲᠦ ᠲᠤᠩᠭᠠᠯᠠᠭ᠂ ᠡᠪᠡᠰᠦ ᠮᠣᠳᠣᠨ ᠠᠴᠠ ᠰᠠᠯᠠᠭ᠎ᠠ ᠶᠢ ᠨᠢ ᠰᠤᠭᠤᠪᠴᠢᠯᠠᠨ ᠨᠣᠭᠤᠭᠠᠯᠠᠵᠤ᠂ ᠥᠩᠭᠡ ᠦᠵᠡᠮᠵᠢ ᠨᠢ ᠡᠶᠢᠮᠦ ᠭᠤᠶᠤ ᠰᠠᠶᠢᠬᠠᠨ ᠪᠠᠶᠢᠯ᠎ᠠ᠃  ᠬᠥᠮᠥᠰ ᠤᠨ ᠠᠮᠢᠳᠤᠷᠠᠯ ᠤᠨ ᠭᠤᠶᠤ ᠰᠠᠶᠢᠬᠠᠨ ᠣᠷᠴᠢᠨ ᠲᠣᠭᠤᠷᠢᠨ ᠨᠢ ᠨᠡᠩ ᠤᠯᠠᠨ ᠲᠦᠴᠢᠦᠸᠠᠨ ᠤ ᠬᠥᠮᠥᠰ ᠲᠤ ᠠᠮᠢ ᠠᠬᠤᠢ ᠶᠢᠨ ᠣᠷᠴᠢᠨ ᠲᠣᠭᠤᠷᠢᠨ ᠤ ᠰᠠᠶᠢᠵᠢᠷᠠᠯᠲᠠ ᠠᠴᠠ ᠪᠣᠯᠤᠭᠰᠠᠨ ᠪᠤᠶᠠᠨ ᠵᠢᠷᠭᠠᠯ ᠢ ᠡᠳ᠋ᠯᠡᠭᠦᠯᠵᠡᠢ᠃     ᠲᠦᠴᠢᠦᠸᠠᠨ ᠰᠢᠶᠠᠨ ᠤ ᠬᠢᠨ ︽ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠳᠤᠯ ᠦᠭᠡᠢ᠂ ᠨᠡᠭᠡᠭᠡᠯᠲᠡᠲᠡᠢ᠂ ᠬᠠᠮᠲᠤ ᠪᠠᠷ ᠡᠳ᠋ᠯᠡᠬᠦ︾ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠᠷ ᠭᠤᠣᠯ ᠱᠤᠭᠤᠮ ᠪᠣᠯᠭᠠᠨ᠂ ᠣᠷᠴᠢᠨ ᠠᠬᠤᠢ ᠶᠢᠨ ᠶᠠᠰᠤ ᠴᠢᠨᠠᠷ ᠢ ᠰᠠᠶᠢᠵᠢᠷᠠᠭᠤᠯᠬᠤ ᠪᠠᠷ ᠭᠤᠣᠯ ᠪᠣᠯᠭᠠᠵᠤ᠂ ᠠᠭᠠᠷ ᠮᠠᠨᠳᠠᠯ᠂ ᠤᠰᠤ ᠪᠠ ᠬᠥᠷᠥᠰᠥ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠰᠠᠪᠠ ᠭᠠᠵᠠᠷ᠂ ᠣᠷᠣᠨ ᠪᠦᠰᠡ ᠪᠠ ᠭᠤᠣᠯᠳᠠᠯᠭ᠎ᠠ ᠲᠠᠢ ᠪᠣᠬᠢᠷᠳᠤᠯ ᠤᠨ ᠡᠬᠢ ᠰᠤᠷᠪᠤᠯᠵᠢ ᠶᠢ ᠵᠠᠰᠠᠬᠤ ᠪᠠ ᠬᠢᠨᠠᠨ ᠬᠠᠮᠢᠶᠠᠷᠬᠤ ᠡᠷᠴᠢᠮ ᠢᠶᠠᠨ ᠲᠠᠰᠤᠷᠠᠯᠳᠠ ᠦᠭᠡᠢ ᠴᠢᠩᠭᠠᠷᠠᠭᠤᠯᠵᠤ᠂ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠣᠷᠴᠢᠨ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠣᠷᠴᠢᠨ ᠠᠬᠤᠢ ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠰᠠᠶᠢᠨ ᠦᠷ᠎ᠡ ᠪᠦᠲᠦᠭᠡᠯ ᠣᠯᠪᠠ᠃
    ᠴᠡᠩᠬᠡᠷ ᠣᠭᠲᠠᠷᠭᠤᠢ ᠶᠢᠨ ᠳᠣᠣᠷᠠᠬᠢ ᠲᠦᠴᠢᠦᠸᠠᠨ ᠰᠢᠶᠠᠨ ᠤ ᠡᠪᠦᠭᠡᠨ ᠠᠭᠤᠯᠠ᠃︵ᠭᠡᠷᠡᠯ ᠵᠢᠷᠤᠭ᠄ ᠯᠢ ᠶᠠᠩ ᠶᠠᠩ︶     ᠬᠢᠨᠠᠨ ᠵᠥᠪᠰᠢᠶᠡᠷᠡᠯ ᠢ ᠠᠳᠬᠤᠵᠤ ᠠᠮᠢ ᠠᠬᠤᠢ ᠶᠢᠨ ᠬᠤᠷᠢᠭ᠎ᠠ ᠱᠤᠭᠤᠮ ᠢ  ᠰᠠᠶᠢᠳᠦᠷ ᠬᠢᠨ᠎ᠡ ︽ᠰᠠᠶᠢᠨ ᠰᠠᠶᠢᠬᠠᠨ ᠠᠮᠢ ᠠᠬᠤᠢ   ᠶᠢᠨ ᠣᠷᠴᠢᠨ ᠨᠥᠬᠦᠴᠡᠯ ᠪᠣᠯ ᠬᠠᠮᠤᠭ ᠤᠨ ᠭᠤᠣᠯᠴᠢ ᠣᠯᠠᠨ ᠨᠡᠶᠢᠲᠡ   ᠶᠢᠨ ᠦᠢᠯᠡᠳᠬᠦᠨ ᠮᠥᠨ᠂ ᠬᠠᠮᠤᠭ ᠤᠨ ᠲᠦᠭᠡᠮᠡᠯ ᠬᠠᠷᠠᠭᠠᠯᠵᠠᠯ ᠤᠨ ᠠᠷᠠᠳ ᠤᠨ ᠠᠮᠢᠳᠤᠷᠠᠯ ᠤᠨ ᠠᠵᠠ ᠵᠢᠷᠭᠠᠯ ᠮᠥᠨ︾᠃ ᠲᠦᠴᠢᠦᠸᠠᠨ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠭᠤᠶᠢᠳᠠ ᠰᠠᠶᠢᠬᠠᠨ ᠪᠠᠶᠢᠵᠤ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠪᠣᠯ ᠲᠦᠴᠢᠦᠸᠠᠨ ᠰᠢᠶᠠᠨ ᠤ ᠵᠠᠶᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠮᠥᠨ᠃     ᠲᠦᠴᠢᠦᠸᠠᠨ ᠰᠢᠶᠠᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢ ᠮᠡᠳᠡᠭᠦᠯᠦᠨ ᠵᠥᠪᠰᠢᠶᠡᠷᠡᠭᠦᠯᠬᠦ ᠲᠡᠰ ᠳᠠᠷᠠᠭᠠᠯᠠᠯ ᠢ ᠴᠢᠩᠭ᠎ᠠ ᠬᠡᠷᠡᠭᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠵᠥᠪᠰᠢᠶᠡᠷᠡᠬᠦ ᠪᠣᠭᠤᠮᠲᠠ ᠶᠢ ᠴᠢᠩᠭ᠎ᠠ ᠠᠳᠬᠤᠵᠤ᠂ ᠰᠢᠨ᠎ᠡ ᠪᠣᠬᠢᠷᠳᠤᠯ ᠤᠨ ᠡᠬᠢ ᠡᠭᠦᠰᠬᠦ ᠶᠢ ᠰᠡᠷᠭᠡᠶᠢᠯᠡᠬᠦ ᠶᠢᠨ ᠬᠠᠮᠲᠤ ᠭᠤᠣᠯᠳᠠᠯᠭ᠎ᠠ ᠲᠠᠢ ᠪᠣᠬᠢᠷᠳᠤᠯ ᠤᠨ ᠡᠬᠢ ᠪᠣᠯᠣᠨ ᠭᠤᠣᠯᠳᠠᠯᠭ᠎ᠠ ᠲᠠᠢ ᠪᠣᠬᠢᠷᠳᠤᠯ ᠪᠣᠳᠠᠰ ᠢ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠤᠨ ᠳᠦᠷᠢᠮ ᠢ ᠴᠢᠩᠭ᠎ᠠ ᠬᠡᠷᠡᠭᠵᠢᠭᠦᠯᠵᠦ᠂ ᠪᠣᠬᠢᠷᠳᠤᠯ ᠪᠣᠳᠠᠰ ᠢ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠣᠯᠭᠤᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠪᠣᠬᠢᠷᠳᠤᠯ ᠪᠣᠳᠠᠰ ᠤᠨ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠱᠠᠭᠠᠷᠳᠠᠯᠭ᠎ᠠ ᠲᠠᠢ ᠤᠶᠠᠯᠳᠤᠭᠤᠯᠵᠤ᠂ ᠴᠢᠩᠭ᠎ᠠ ᠬᠢᠨᠠᠨ ᠬᠠᠮᠢᠶᠠᠷᠤᠨ᠎ᠠ᠃ ᠣᠳᠣᠬᠠᠨ ᠳᠤ᠂ ᠲᠦᠴᠢᠦᠸᠠᠨ ᠰᠢᠶᠠᠨ ᠨᠡᠶᠢᠳᠡ 200 ᠭᠠᠷᠤᠢ ᠣᠷᠴᠢᠨ ᠲᠣᠭᠤᠷᠢᠨ ᠳᠤ ᠦᠵᠡᠭᠦᠯᠬᠦ ᠣᠷᠴᠢᠨ ᠲᠣᠭᠤᠷᠢᠨ ᠤ ᠬᠢᠨᠠᠨ ᠲᠣᠭᠲᠠᠭᠠᠯᠲᠠ ᠶᠢᠨ ᠵᠥᠪᠰᠢᠶᠡᠷᠡᠯ ᠢ ᠭᠦᠢᠴᠡᠳᠬᠡᠵᠦ᠂ 22 ᠪᠣᠬᠢᠷᠳᠤᠯ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠲᠠᠬᠢᠨ ᠬᠢᠨᠠᠨ ᠣᠯᠭᠤᠵᠤ᠂ 258  ᠶᠢ ᠳᠠᠩᠰᠠᠯᠠᠨ ᠬᠠᠮᠢᠶᠠᠷᠬᠤ ᠶᠢ ᠬᠡᠷᠡᠭᠵᠢᠭᠦᠯᠵᠦ᠂ ᠪᠦᠬᠦ ᠰᠢᠶᠠᠨ ᠤ ᠭᠤᠣᠯ ᠪᠣᠯᠬᠤ ᠪᠣᠬᠢᠷᠳᠤᠯ ᠪᠣᠳᠠᠰ ᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠳᠤ ᠰᠠᠶᠢᠨ ᠰᠠᠭᠤᠷᠢ ᠲᠠᠯᠪᠢᠵᠤ ᠥᠭᠴᠡᠢ᠃
  ᠲᠦᠴᠢᠦᠸᠠᠨ ᠰᠢᠶᠠᠨ ᠤ ᠬᠢᠨ ︽ᠭᠤᠣᠯ ᠨᠢ ᠰᠢᠯᠤᠭᠤᠨ᠂ ᠡᠷᠭᠢ ᠨᠢ ᠨᠣᠭᠤᠭᠠᠨ᠂ ᠤᠰᠤ ᠨᠢ ᠲᠤᠩᠭᠠᠯᠠᠭ᠂ ᠦᠵᠡᠮᠵᠢ ᠨᠢ ᠰᠠᠶᠢᠬᠠᠨ︾ᠠᠮᠢ ᠠᠬᠤᠢ ᠶᠢᠨ ᠭᠤᠸ᠎ᠠ ᠰᠠᠶᠢᠬᠠᠨ ᠢ ᠪᠡᠶᠡᠯᠡᠭᠦᠯᠵᠡᠢ᠃︵ᠭᠡᠷᠡᠯ ᠵᠢᠷᠤᠭ᠄ ᠯᠢ ᠶᠠᠩ ᠶᠠᠩ︶    ᠬᠠᠤᠯᠢ ᠬᠡᠷᠡᠭᠵᠢᠭᠦᠯᠦᠯᠲᠡ ᠶᠢ ᠠᠳᠬᠤᠵᠤ ᠠᠮᠢ ᠠᠬᠤᠢ ᠶᠢᠨ ᠬᠠᠮᠠᠭᠠᠯᠠᠯᠲᠠ ᠶᠢᠨ ᠡᠷᠴᠢᠮ ᠢ ᠴᠢᠩᠭᠠᠳᠬᠠᠨ᠎ᠠ  ︽ᠨᠡᠭᠦᠷᠡᠰᠦ ᠰᠢᠲᠠᠭᠠᠬᠤ ᠭᠦᠸᠧᠯᠦ ᠳᠤ ᠠᠶᠤᠯᠭᠦᠢ ᠴᠢᠨᠠᠷ ᠢᠶᠠᠷ ᠠᠨᠠᠢ᠂ ᠪᠣᠬᠢᠷᠳᠤᠯ ᠶᠡᠭᠡ᠂ ᠬᠤᠷᠣᠭᠳᠠᠯ ᠶᠡᠭᠡ ᠵᠡᠷᠭᠡ ᠳᠤᠲᠠᠭᠳᠠᠯ ᠣᠷᠣᠰᠢᠵᠤ᠂ ᠠᠭᠠᠷ ᠮᠠᠨᠳᠠᠯ ᠤᠨ ᠪᠣᠬᠢᠷᠳᠤᠯ ᠤᠨ ᠭᠤᠣᠯᠳᠠᠯᠭ᠎ᠠ  ᠲᠠᠢ ᠪᠣᠬᠢᠷᠳᠤᠯ ᠤᠨ ᠡᠬᠢ ᠰᠤᠷᠪᠤᠯᠵᠢ   ᠶᠢᠨ ᠨᠢᠭᠡ ᠪᠣᠯᠵᠠᠢ᠂ ᠪᠢᠳᠡ ᠪᠦᠬᠦ ᠰᠢᠶᠠᠨ ᠤ ᠬᠡᠪᠴᠢᠶᠡᠨ ᠳᠤ ᠬᠠᠭᠤᠴᠢᠨ ᠭᠦᠸᠧᠯᠦ ᠶᠢ ᠭᠡᠭᠡᠭᠳᠡᠭᠦᠯᠬᠦ ᠠᠵᠢᠯᠯᠠᠭ᠎ᠠ   ᠶᠢ ᠥᠷᠨᠢᠭᠦᠯᠵᠦ᠂ ᠬᠤᠯᠪᠣᠭᠳᠠᠯ ᠪᠦᠬᠦᠢ ᠠᠵᠤ ᠠᠬᠤᠶᠢᠯᠠᠯ ᠤᠳ ᠮᠠᠨ ᠤ ᠤᠬᠠᠭᠤᠯᠭ᠎ᠠ ᠲᠠᠶᠢᠯᠤᠮᠵᠢ   ᠶᠢᠨ ᠳᠣᠣᠷ᠎ᠠ ᠪᠦᠬᠦᠨ   ᠢ ᠥᠭᠡᠷᠡᠴᠢᠯᠡᠵᠦ᠂ ᠲᠦᠴᠢᠦᠸᠠᠨ ᠰᠢᠶᠠᠨ ᠤ ᠠᠮᠢ ᠠᠬᠤᠢ   ᠶᠢᠨ ᠣᠷᠴᠢᠨ ᠲᠣᠭᠤᠷᠢᠨ ᠳᠤ ᠦᠵᠡᠭᠦᠯᠪᠡᠰᠦ ᠵᠣᠬᠢᠬᠤ ᠬᠦᠴᠦᠨ ᠴᠢᠳᠠᠯ ᠢᠶᠠᠨ ᠡᠷᠭᠦᠵᠡᠢ︾ ᠲᠦᠴᠢᠦᠸᠠᠨ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠺᠠᠳ᠋ᠷ ᠴᠢ ᠳ᠋ᠦᠩ ᠽᠦ ᠰᠤᠷᠪᠤᠯᠵᠢᠯᠠᠭᠴᠢ ᠳᠤ᠂ ᠤᠳᠤ ᠤᠯᠠᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠮᠠᠰᠢ ᠴᠢᠩᠭ᠎ᠠ ᠪᠠᠶᠢᠨ᠎ᠠ᠂ ᠲᠦᠴᠢᠦᠸᠠᠨ ᠤ ᠠᠮᠢ ᠠᠬᠤᠢ ᠶᠢᠨ ᠣᠷᠴᠢᠨ ᠲᠣᠭᠤᠷᠢᠨ ᠤᠯᠠᠮ ᠠᠴᠠ ᠤᠯᠠᠮ ᠰᠠᠶᠢᠵᠢᠷᠠᠵᠤ ᠪᠠᠶᠢᠨ᠎ᠠ᠃ ᠣᠳᠣᠬᠠᠨ ᠳᠤ᠂ ᠲᠦᠴᠢᠦᠸᠠᠨ ᠰᠢᠶᠠᠨ ᠤ ᠪᠠᠶᠢᠭᠤᠯᠤᠭᠰᠠᠨ ᠲᠣᠭᠤᠷᠢᠭ ᠤᠨ 10 ᠲᠣᠨ ᠠᠭᠤᠷᠰᠢᠭᠤᠯᠬᠤ ᠬᠠᠭᠤᠴᠢᠨ ᠭᠦᠸᠧᠯᠦ ᠶᠢᠨ ᠥᠭᠡᠷᠡᠴᠢᠯᠡᠯᠲᠡ ᠶᠢ ᠨᠢᠭᠡᠨᠲᠡ 40 ᠶᠢ ᠪᠡᠶᠡᠯᠡᠭᠦᠯᠪᠡ᠃      ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠲᠦᠴᠢᠦᠸᠠᠨ ᠰᠢᠶᠠᠨ ᠤ ᠬᠢᠨ ᠪᠣᠬᠢᠷᠳᠤᠯ ᠤᠨ ᠠᠵᠤ ᠠᠬᠤᠶᠢᠯᠠᠯ ᠢ ᠴᠡᠪᠡᠷᠯᠡᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠣᠷᠴᠢᠨ ᠲᠣᠭᠤᠷᠢᠨ ᠤ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠵᠡᠢ᠃ ᠲᠦᠴᠢᠦᠸᠠᠨ ᠰᠢᠶᠠᠨ ᠤ ᠬᠢᠨ ᠣᠷᠴᠢᠨ ᠲᠣᠭᠤᠷᠢᠨ ᠤ ᠬᠢᠨᠠᠨ ᠪᠠᠶᠢᠴᠠᠭᠠᠯᠲᠠ ᠶᠢᠨ ᠬᠠᠤᠯᠢ ᠬᠡᠷᠡᠭᠵᠢᠭᠦᠯᠬᠦ ᠠᠵᠢᠯᠲᠠᠳ ᠢ ᠬᠤᠲᠠ ᠪᠠᠯᠭᠠᠰᠤᠨ ᠤ ᠳᠤᠭᠤᠶᠢᠯᠠᠩ ᠪᠠ ᠬᠥᠳᠡᠭᠡ ᠲᠣᠰᠬᠤᠨ ᠤ ᠳᠤᠭᠤᠶᠢᠯᠠᠩ ᠭᠡᠵᠦ ᠬᠤᠪᠢᠶᠠᠨ᠂ ᠬᠤᠲᠠ ᠪᠠᠯᠭᠠᠰᠤ ᠪᠠ ᠬᠥᠳᠡᠭᠡ ᠲᠣᠰᠬᠤᠨ ᠳᠤ ᠡᠳᠦᠷ ᠳᠤᠳᠤᠮ ᠤᠨ ᠬᠢᠨᠠᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠬᠠᠤᠯᠢ ᠬᠡᠷᠡᠭᠵᠢᠭᠦᠯᠦᠯᠲᠡ ᠶᠢ ᠪᠦᠬᠦᠨ ᠢ ᠪᠦᠷᠬᠦᠬᠦᠯᠬᠦ᠂ ᠥᠨᠴᠥᠭ ᠪᠤᠯᠤᠩ ᠦᠭᠡᠢ ᠪᠠᠶᠢᠯᠭᠠᠬᠤ ᠶᠢ ᠪᠠᠲᠤᠯᠠᠵᠠᠢ᠃ ᠣᠳᠣᠬᠠᠨ ᠳᠤ᠂ ᠬᠠᠤᠯᠢ ᠬᠡᠷᠡᠭᠵᠢᠭᠦᠯᠬᠦ ᠠᠵᠢᠯ ᠤᠨ ᠳᠤᠭᠤᠶᠢᠯᠠᠩ ᠨᠢᠭᠡᠨᠲᠡ ᠪᠥᠬᠦ ᠰᠢᠶᠠᠨ ᠤ 9 ᠰᠢᠶᠠᠩ ᠪᠠᠯᠭᠠᠰᠤ ᠪᠠ ᠭᠤᠣᠯᠳᠠᠯᠭ᠎ᠠ ᠲᠠᠢ ᠠᠵᠤ ᠠᠬᠤᠶᠢᠯᠠᠯ ᠳᠤ ᠪᠠᠶᠢᠳᠠᠯ ᠢ ᠣᠶᠢᠯᠠᠭᠠᠨ ᠢᠯᠭᠠᠷᠠᠭᠤᠯᠤᠨ ᠪᠠᠶᠢᠴᠠᠭᠠᠬᠤ ᠠᠵᠢᠯ ᠬᠢᠵᠦ᠂ ᠠᠵᠤ ᠠᠬᠤᠶᠢᠯᠠᠯ ᠢ ᠠᠮᠢ ᠠᠬᠤᠢ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠭᠠᠷ ᠭᠦᠢᠴᠡᠳᠬᠡᠯ ᠪᠠ ᠪᠣᠬᠢᠷᠳᠤᠯ ᠢ ᠰᠡᠷᠭᠡᠶᠢᠯᠡᠨ ᠵᠠᠰᠠᠬᠤ ᠲᠥᠬᠦᠭᠡᠷᠦᠮᠵᠢ ᠶᠢ ᠲᠣᠭᠲᠠᠭᠰᠠᠨ ᠬᠤᠭᠤᠴᠠᠭᠠᠨ ᠳᠤ ᠲᠡᠭᠦᠯᠳᠡᠷᠵᠢᠭᠦᠯᠬᠦ ᠬᠡᠷᠡᠭᠲᠡᠢ ᠭᠡᠵᠦ ᠱᠠᠭᠠᠷᠳᠠᠭᠰᠠᠨ ᠪᠥᠭᠡᠳ ᠱᠠᠭᠠᠷᠳᠠᠯᠭ᠎ᠠ ᠳᠤ ᠨᠡᠶᠢᠴᠡᠬᠦ ᠦᠭᠡᠢ ᠪᠣᠬᠢᠷᠳᠤᠯ ᠪᠣᠳᠠᠰ ᠭᠠᠳᠠᠭᠰᠢᠯᠠᠭᠤᠯᠬᠤ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠲᠡᠷᠡ ᠳᠠᠷᠤᠢ ᠳᠤᠨᠢ ᠴᠡᠭᠴᠡᠯᠡᠨ ᠥᠭᠡᠷᠡᠴᠢᠯᠡᠭᠦᠯᠪᠡ᠃     ᠡᠭᠦᠨ ᠤ ᠬᠠᠮᠲᠤ᠂ ᠲᠦᠴᠢᠦᠸᠠᠨ ᠰᠢᠶᠠᠨ ᠤ ᠬᠢᠨ ᠰᠢᠶᠠᠨ ᠤ ᠬᠡᠪᠴᠢᠶᠡᠨ ᠳᠠᠬᠢ ᠭᠤᠷᠪᠠᠨ ᠶᠡᠭᠡ ᠬᠦᠷᠢᠶᠡᠯᠡᠩ ᠲᠣᠭᠤᠷᠢᠭ ᠲᠤ ᠭᠤᠣᠯᠳᠠᠯᠭ᠎ᠠ ᠲᠠᠢ ᠠᠵᠤ ᠠᠬᠤᠶᠢᠯᠠᠯ ᠢ ᠵᠢᠭᠰᠠᠭᠠᠨ ᠪᠠᠶᠢᠴᠠᠭᠠᠬᠤ᠂ ᠴᠢᠳᠬᠤᠨ ᠦᠢᠯᠡᠳᠬᠦ ᠠᠵᠢᠯ ᠲᠦᠷᠦᠯ ᠢ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ᠂ ᠪᠠᠶᠢᠭᠤᠯᠤᠭᠰᠠᠨ ᠲᠣᠭᠤᠷᠢᠭ ᠤᠨ 10 ᠲᠣᠨ ᠠᠭᠤᠷᠰᠢᠭᠤᠯᠬᠤ ᠬᠠᠭᠤᠴᠢᠨ ᠭᠦᠸᠧᠯᠦ   ᠶᠢ ᠰᠢᠭᠰᠢᠭᠳᠡᠭᠦᠯᠦᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ ᠨᠢᠲᠤᠯᠬᠤ ᠠᠵᠤ ᠠᠬᠤᠶᠢᠯᠠᠯ ᠢ ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠲᠠᠷᠠᠬᠠᠢ ᠪᠤᠲᠠᠷᠬᠠᠢ ᠪᠣᠬᠢᠷᠳᠤᠯ ᠲᠠᠢ ᠠᠵᠤ ᠠᠬᠤᠶᠢᠯᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠵᠡᠷᠭᠡ ᠤᠯᠠᠨ ᠲᠤᠰᠬᠠᠢ ᠠᠵᠢᠯᠯᠠᠭ᠎ᠠ ᠶᠢ ᠥᠷᠨᠢᠭᠦᠯᠵᠡᠢ᠃ ᠪᠦᠬᠦ ᠰᠢᠶᠠᠨ ᠢᠶᠠᠷ ᠢᠶᠠᠨ ᠨᠡᠶᠢᠳᠡ 6000 ᠭᠠᠷᠤᠢ ᠬᠥᠮᠥᠨ ᠤᠳᠠᠭ᠎ᠠ ᠬᠠᠤᠯᠢ ᠬᠡᠷᠡᠭᠵᠢᠭᠦᠯᠬᠦ ᠠᠵᠢᠯᠲᠠᠨ ᠢ ᠬᠥᠳᠡᠯᠭᠡᠵᠦ᠂ 2000 ᠭᠠᠷᠤᠢ ᠤᠳᠠᠭ᠎ᠠ ᠠᠵᠤ ᠠᠬᠤᠶᠢᠯᠠᠯ ᠢ ᠪᠠᠶᠢᠴᠠᠭᠠᠵᠤ᠂ 50 ᠭᠠᠷᠤᠢ ᠤᠳᠠᠭ᠎ᠠ ᠵᠠᠰᠠᠭ ᠵᠠᠬᠢᠷᠭᠠᠨ ᠤ ᠰᠢᠳᠬᠡᠯ ᠥᠭᠴᠦ᠂ 8 ᠬᠡᠷᠡᠭ ᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠭᠦᠯᠪᠡ᠃
   ᠲᠦᠴᠢᠦᠸᠠᠨ ᠰᠢᠶᠠᠨ ᠤ ᠰᠢᠯᠢᠳᠡᠭ ᠰᠠᠶᠢᠨ ᠪᠠᠶᠢᠭᠠᠯᠢ ᠶᠢᠨ ᠣᠷᠴᠢᠨ ᠲᠣᠭᠤᠷᠢᠨ᠃︵ᠭᠡᠷᠡᠯ ᠵᠢᠷᠤᠭ᠄ ᠯᠢ ᠶᠠᠩ ᠶᠠᠩ︶     ᠵᠠᠰᠠᠯᠳᠠ ᠶᠢ ᠠᠳᠬᠤᠵᠦ ᠠᠮᠢ ᠠᠬᠤᠢ ᠶᠢᠨ ᠣᠷᠴᠢᠨ ᠨᠥᠬᠦᠴᠡᠯ ᠢ ᠰᠠᠶᠢᠵᠢᠷᠠᠭᠤᠯᠣᠨ᠎ᠠ     ︽ᠥᠩᠭᠡᠷᠡᠭᠰᠡᠨ ᠳᠤ ᠬᠠᠪᠤᠷ ᠤᠨ ᠤᠯᠠᠷᠢᠯ ᠪᠣᠯᠣᠮᠠᠭᠴᠠ ᠠᠭᠤᠯᠠ ᠲᠠᠯ᠎ᠠ ᠪᠠᠷ ᠠᠲᠠᠷᠰᠢᠵᠤ᠂ ᠥᠳᠬᠡᠨ ᠵᠤᠵᠠᠭᠠᠨ ᠤᠲᠤᠭ᠎ᠠ ᠲᠣᠭᠤᠰᠣ ᠳᠡᠭᠳᠡᠵᠦ ᠪᠠᠶᠢᠭᠰᠠᠨ ᠢ ᠣᠯᠵᠤ ᠬᠠᠷᠠᠪᠠ᠂ ᠡᠨᠡ ᠬᠡᠳᠦᠨ ᠵᠢᠯ ᠡᠰᠢ ᠰᠦᠷᠡᠯ ᠢ ᠰᠢᠲᠠᠭᠠᠬᠤ ᠶᠢ ᠬᠤᠷᠢᠭᠯᠠᠭᠰᠠᠨ ᠠᠴᠠ ᠣᠷᠴᠢᠨ ᠲᠣᠭᠤᠷᠢᠨ ᠤᠯᠠᠮ ᠠᠴᠠ ᠤᠯᠠᠮ ᠰᠠᠶᠢᠵᠢᠷᠠᠵᠤ᠂ ᠲᠡᠭᠷᠢ ᠴᠡᠯᠮᠡᠭᠰᠢᠵᠦ᠂ ᠠᠭᠤᠷ ᠠᠮᠢᠰᠬᠤᠯ ᠴᠤ ᠰᠢᠨ᠎ᠡ ᠰᠣᠷᠭᠤᠭ ᠪᠣᠯᠪᠠ︾᠃ ᠡᠰᠢ ᠰᠦᠷᠡᠯ ᠢ ᠰᠢᠢᠳᠪᠦᠷᠢᠯᠡᠬᠦ ᠲᠤᠬᠠᠢ ᠶᠠᠷᠢᠬᠤ ᠳᠤ᠂ ᠱᠦᠢ ᠴᠢᠤᠸᠠᠨ ᠲᠣᠰᠬᠤᠨ ᠤ ᠬᠤᠪᠢ ᠶᠢᠨ ᠪᠥᠭᠡᠮ ᠢᠶᠠᠷ ᠬᠤᠳᠠᠯᠳᠤᠬᠤ ᠡᠷᠦᠭᠡ ᠯᠢ ᠭᠠᠩ ᠭᠦᠨ ᠲᠥᠷᠥᠭᠳᠡᠯ ᠲᠠᠢ ᠪᠠᠶᠢᠯ᠎ᠠ᠃ ᠲᠡᠷᠡ ᠰᠤᠷᠪᠤᠯᠵᠢᠯᠠᠭᠴᠢ ᠳᠤ ᠬᠡᠯᠡᠬᠦ ᠳᠡᠭᠡᠨ᠂ ᠥᠩᠭᠡᠷᠡᠭᠰᠡᠨ ᠳᠤ ᠡᠰᠢ ᠰᠦᠷᠡᠯ   ᠢ ᠴᠥᠮ ᠲᠤᠬᠠᠢ   ᠶᠢᠨ ᠭᠠᠵᠠᠷ  ᠲᠤᠨᠢ ᠰᠢᠲᠠᠭᠠᠵᠤ ᠪᠠᠶᠢᠵᠠᠢ᠂ ᠣᠲᠣ ᠣᠯᠠᠨ ᠢᠶᠠᠷ ᠢᠶᠠᠨ ᠴᠥᠮ ᠡᠰᠢ ᠰᠦᠷᠡᠯ   ᠢ ᠪᠠᠭᠯᠠᠨ ᠬᠤᠳᠠᠯᠳᠤᠵᠤ᠂ ᠲᠡᠵᠢᠭᠡᠯ ᠪᠣᠷᠳᠤᠭ᠎ᠠ᠂ ᠪᠣᠷᠳᠣᠭᠤᠷ ᠪᠣᠯᠭᠠᠭᠠᠳ᠂ ᠡᠰᠢ ᠰᠦᠷᠡᠯ   ᠢ ᠭᠡᠷ ᠲᠡᠭᠡᠨ ᠠᠪᠠᠴᠢᠵᠤ ᠦᠬᠡᠷ ᠲᠡᠵᠢᠭᠡᠵᠦ ᠪᠠᠶᠢᠨ᠎ᠠ ᠭᠡᠵᠡᠢ᠃     ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠰᠠᠶᠢᠲᠤᠷ ᠠᠳᠬᠤᠨ᠎ᠠ᠃ ᠲᠦᠴᠢᠦᠸᠠᠨ ᠰᠢᠶᠠᠨ ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠢᠳᠡᠪᠬᠢᠲᠡᠢ ᠠᠬᠢᠭᠤᠯᠵᠤ᠂ ᠪᠤᠬᠢᠷᠳᠤᠯᠲᠤ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ  ᠰᠢᠰᠲ᠋ᠧᠮ ᠢ ᠪᠦᠷᠢᠨᠰᠢᠭᠦᠯᠵᠦ᠂ ᠠᠵᠤ ᠠᠬᠤᠶᠢᠯᠠᠯ ᠢ ᠱᠠᠯᠠᠪᠳᠠᠭᠤᠯᠤᠨ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠴᠠᠶᠢᠶ᠋ᠢᠦ ᠲᠤᠰᠤᠨ ᠤ ᠪᠠᠷᠠᠭᠠᠨ ᠤ ᠲᠡᠷᠭᠡ ᠶᠢᠨ ᠤᠳᠤᠭ᠎ᠠ ᠶᠢᠨ ᠪᠣᠬᠢᠷᠳᠤᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ ᠪᠦᠲᠦᠮᠵᠢᠲᠡᠢ ᠳᠡᠭᠡᠭᠰᠢᠯᠡᠭᠦᠯᠪᠡ᠃ 2018 ᠣᠨ ᠳᠤ ᠠᠭᠠᠷ ᠮᠠᠨᠳᠠᠯ ᠤᠨ ᠣᠷᠴᠢᠨ ᠲᠣᠭᠤᠷᠢᠨ ᠤ ᠶᠠᠰᠤ ᠴᠢᠨᠠᠷ ᠤᠨ ᠠᠦ᠋ᠲ᠋ᠣ᠋ ᠬᠢᠨᠠᠨ ᠬᠡᠮᠵᠢᠯᠲᠡ ᠶᠢᠨ ᠥᠷᠲᠡᠭᠡ ᠶᠢ ᠪᠠᠶᠢᠭᠤᠯᠤᠭᠰᠠᠨ ᠠᠴᠠ ᠨᠠᠰᠢ᠂ ᠲᠦᠴᠢᠦᠸᠠᠨ ᠰᠢᠶᠠᠨ ᠤ ᠠᠭᠠᠷ ᠤᠨ ᠰᠠᠶᠢᠨ ᠡᠳᠦᠷ ᠤᠨ ᠲᠤᠭ᠎ᠠ 97% ᠠᠴᠠ ᠳᠡᠭᠡᠭᠰᠢ ᠳᠤ ᠬᠦᠷᠴᠡᠢ᠃     ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠭᠠᠵᠠᠷ ᠳᠣᠣᠷᠠᠬᠢ ᠤᠰᠤᠨ ᠤ ᠪᠣᠬᠢᠷᠳᠤᠯ ᠤᠨ ᠬᠡᠷᠡᠭ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ ᠲᠦᠴᠢᠦᠸᠠᠨ ᠰᠢᠶᠠᠨ ᠨᠢᠭᠡᠨᠲᠡ ᠪᠥᠬᠦ ᠰᠢᠶᠠᠨ ᠤ 21 ᠲᠣᠰᠣ ᠨᠡᠮᠡᠬᠦ ᠥᠷᠲᠡᠭᠡ ᠶᠢᠨ ᠭᠠᠵᠠᠷ ᠳᠣᠣᠷᠠᠬᠢ ᠳᠠᠪᠬᠤᠷ ᠰᠠᠪᠠ ᠶᠢ ᠥᠭᠡᠷᠡᠴᠢᠯᠡᠬᠦ ᠠᠵᠢᠯ ᠢ ᠳᠠᠭᠤᠰᠬᠠᠪᠠ︔ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠲᠣᠭᠲᠠᠭᠤᠨ ᠢᠶᠠᠷ ᠠᠵᠢᠯᠯᠠᠭᠤᠯᠤᠨ᠂ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠵᠤ᠂ ᠬᠤᠲᠠ ᠪᠠᠯᠭᠠᠰᠤ ᠶᠢᠨ ᠪᠣᠬᠢᠷ ᠤᠰᠤ ᠶᠢ ᠰᠢᠢᠳᠪᠦᠷᠢᠯᠡᠬᠦ ᠨᠣᠷᠮ᠎ᠠ ᠶᠢ 95%   ᠠᠴᠠ ᠳᠡᠭᠡᠭᠰᠢ ᠳᠤ ᠬᠦᠷᠦᠭᠦᠯᠦᠨ᠎ᠡ︔ ᠰᠢᠶᠠᠨ ᠤ ᠳᠣᠲᠣᠷᠠᠬᠢ ᠤᠰᠤᠨ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢᠨ ᠣᠷᠣᠨ ᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ 10 ᠰᠢᠶᠠᠩ ᠪᠠᠯᠭᠠᠰᠤᠨ ᠤ ᠱᠠᠲᠤᠨ ᠤ ᠤᠰᠤᠨ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢᠨ ᠣᠷᠣᠨ ᠢ ᠵᠠᠭᠠᠭᠯᠠᠨ ᠲᠣᠭᠲᠠᠭᠠᠬᠤ᠂ 16 ᠮᠢᠩᠭᠠᠨ ᠬᠥᠮᠥᠨ ᠠᠴᠠ ᠳᠡᠭᠡᠭᠰᠢᠬᠢ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠬᠤ ᠶᠢ ᠪᠡᠶᠡᠯᠡᠭᠦᠯᠦᠨ᠎ᠡ᠃     ᠬᠥᠷᠥᠰᠥ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ  ᠰᠠᠶᠢᠳᠣᠷ ᠠᠳᠬᠤᠨ᠎ᠠ᠃ ᠲᠦᠴᠢᠦᠸᠠᠨ ᠰᠢᠶᠠᠨ ᠤ ᠬᠢᠨ ᠬᠥᠷᠥᠰᠥ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠥᠯᠥᠪᠯᠡᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠦᠴᠢᠦᠸᠠᠨ ᠰᠢᠶᠠᠨ ᠤ ᠬᠥᠷᠥᠰᠥ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠲᠥᠰᠥᠯ︾  ᠢ ᠨᠡᠶᠢᠲᠡᠯᠡᠵᠦ᠂ ᠲᠦᠴᠢᠦᠸᠠᠨ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠨᠢ ᠬᠥᠷᠥᠰᠥ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠬᠢᠨᠠᠨ ᠬᠠᠮᠢᠶᠠᠷᠬᠤ 4 ᠠᠵᠤ ᠠᠬᠤᠶᠢᠯᠠᠯ ᠲᠠᠢ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠠᠵᠤ ᠠᠬᠤᠶᠢᠯᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠬᠡᠮᠵᠢᠯᠲᠡ ᠬᠢᠬᠦ ᠶᠢᠨ ᠬᠠᠮᠲᠤ ᠬᠢᠨᠠᠨ ᠬᠡᠮᠵᠢᠭᠰᠡᠨ ᠦᠷ᠎ᠡ ᠳ᠋ᠦᠩ ᠢᠶᠠᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠨᠡᠶᠢᠲᠡᠯᠡᠬᠦ ᠬᠡᠷᠡᠭᠲᠡᠢ ᠭᠡᠵᠦ ᠱᠠᠭᠠᠷᠳᠠᠵᠠᠢ︔ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠠᠵᠤ ᠠᠬᠤᠶᠢᠯᠠᠯ ᠤᠨ ᠴᠡᠭᠴᠡᠯᠡᠨ ᠰᠠᠶᠢᠵᠢᠷᠠᠭᠤᠯᠬᠤ ᠶᠢ ᠲᠦᠯᠬᠢᠨ ᠠᠬᠢᠭᠤᠯᠵᠤ᠂ ᠠᠵᠤ ᠦᠢᠯᠡᠳᠪᠦᠷᠢ ᠶᠢᠨ ᠠᠶᠤᠯᠲᠠᠢ ᠬᠠᠶᠠᠭᠳᠠᠮᠠᠯ ᠪᠣᠳᠠᠰ ᠭᠠᠷᠭᠠᠬᠤ ᠪᠠ ᠡᠵᠡᠩᠨᠡᠬᠦ ᠨᠢᠭᠡᠴᠢ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠪᠦᠬᠦ ᠰᠢᠶᠠᠨ ᠤ ᠠᠶᠤᠯᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠨᠤᠷᠮ᠎ᠠ ᠶᠢ 100% ᠳᠤ ᠬᠦᠷᠭᠡᠨ᠎ᠡ᠃      ᠨᠢᠭᠡ ᠭᠠᠵᠠᠷ ᠤᠨ ᠭᠠᠵᠠᠷ ᠰᠢᠷᠣᠢ ᠶᠢ ᠬᠠᠮᠠᠭᠠᠯᠠᠵᠤ᠂ ᠪᠣᠬᠢᠷᠳᠤᠯ ᠦᠭᠡᠢ ᠠᠮᠢ ᠠᠬᠤᠢ ᠶᠢ ᠰᠠᠬᠢᠨ ᠬᠠᠮᠠᠭᠠᠯᠠᠨ᠎ᠠ᠃ ᠲᠦᠴᠢᠦᠸᠠᠨ ᠰᠢᠶᠠᠨ ᠤ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠣᠶᠢᠯᠠᠭᠠᠭᠳᠠᠬᠤᠨ ᠢ ᠦᠷᠭᠦᠯᠵᠢᠯᠡᠨ ᠭᠦᠨᠵᠡᠭᠡᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠪᠦᠬᠦ ᠲᠠᠯ᠎ᠠ ᠪᠠᠷ᠂ ᠪᠦᠬᠦ ᠣᠷᠣᠨ ᠪᠦᠰᠡ ᠪᠠᠷ᠂ ᠪᠦᠬᠦ ᠶᠠᠪᠤᠴᠠ ᠪᠠᠷ ᠴᠢᠩᠭᠠᠳᠬᠠᠵᠤ᠂ ᠲᠦᠴᠢᠦᠸᠠᠨ ᠤ ᠠᠷᠠᠳ ᠲᠦᠮᠡᠨ ᠳᠤ ᠨᠡᠩ ᠤᠯᠠᠨ ᠠᠮᠢ ᠠᠬᠤᠢ ᠶᠢᠨ ᠠᠰᠢᠭ ᠬᠦᠷᠲᠡᠭᠡᠵᠦ᠂ ᠠᠭᠤᠯᠠ ᠨᠢ ᠲᠤᠩᠭᠠᠯᠠᠭ ᠤᠰᠤ ᠨᠢ ᠲᠤᠩᠭᠠᠯᠠᠭ᠂ ᠭᠤᠣᠯ ᠮᠥᠷᠡᠨ ᠨᠢ ᠲᠤᠩᠭᠠᠯᠠᠭ ᠡᠷᠭᠢ ᠨᠢ ᠨᠣᠭᠤᠭᠠᠨ ᠲᠦᠴᠢᠦᠸᠠᠨ ᠤ ᠡᠬᠡ ᠭᠠᠵᠠᠷ ᠲᠤ ᠨᠡᠩ ᠰᠠᠶᠢᠨ ᠦᠢᠯᠡᠳᠪᠦᠷᠢᠯᠡᠯ ᠠᠮᠢᠳᠤᠷᠠᠯ ᠢ ᠡᠳ᠋ᠯᠡᠭᠦᠯᠦᠨ᠎ᠡ᠃︵ᠵᠣᠬᠢᠶᠠᠭᠴᠢ ᠶᠢᠨ ᠨᠢᠭᠡᠴᠡ᠄ ᠲᠦᠴᠢᠦᠸᠠᠨ ᠰᠢᠶᠠᠨ ᠤ ᠬᠠᠮ ᠵᠠᠭᠤᠴᠢᠯᠠᠭᠤᠷ ᠤᠨ ᠲᠥᠪ︶
 
ᠢᠷᠡᠯᠲᠡ᠄ ᠰᠣᠷᠣᠯᠴᠠᠯᠭ᠎ᠠ ᠶᠢᠨ ᠬᠦᠴᠦᠷᠬᠡᠭ ᠣᠯᠣᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号