︽ᠬᠥᠮᠥᠨ ᠨᠢᠭᠡᠪᠦᠷᠢ ᠳᠤ ᠨᠢᠭᠡ ᠦᠬᠡᠷ ᠨᠣᠭᠳᠠᠵᠤ᠂ ᠢᠳᠡᠵᠦ ᠡᠮᠦᠰᠬᠦ ᠳᠤ ᠵᠣᠪᠠᠭ᠋ᠤ ᠬᠡᠷᠡᠭ ᠦᠭᠡᠢ ᠬᠥᠮᠥᠨ | ᠨᠢᠭᠡᠪᠦᠷᠢ ᠳᠤ ᠬᠤᠶᠠᠷ ᠦᠬᠡᠷ ᠨᠣᠭᠳᠠᠵᠤ᠂ ᠲᠡᠷᠭᠡ ᠬᠤᠳᠠᠯᠳᠤᠨ ᠠᠪᠴᠦ ᠪᠠᠰᠠ ᠠᠰᠠᠷ ᠲᠠᠭᠲᠤ ᠳᠤ ᠰᠠᠭᠤᠬᠤ | ᠬᠡᠷᠡᠭᠲᠡᠢ ᠬᠥᠮᠥᠨ ᠨᠢᠭᠡᠪᠦᠷᠢ ᠳᠤ ᠭᠤᠷᠪᠠᠨ ᠦᠬᠡᠷ ᠨᠣᠭᠳᠠᠵᠤ᠂ ᠴᠢᠨᠡᠭᠡᠯᠢᠭ ᠠᠮᠢᠳᠤᠷᠠᠯ ᠢ ᠰᠠᠶᠢᠵᠢᠷᠠᠭᠤᠯᠬᠤ ᠳᠤ | ᠡᠯᠪᠡᠭ ᠳᠡᠯᠪᠡᠭ ᠪᠣᠯᠣᠨ᠎ᠠ︾᠃ ᠦᠵᠡᠬᠦ ᠳᠤ ᠳᠥᠭᠦᠮᠬᠡᠨ ᠰᠢᠭ ᠪᠣᠯᠪᠠᠴᠤ ᠦᠬᠡᠷ ᠲᠡᠵᠢᠭᠡᠵᠦ ᠪᠠᠶᠠᠵᠢᠨ | ᠴᠢᠨᠡᠭᠡᠯᠢᠭᠵᠢᠬᠦ ᠨᠢ ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠠᠷᠠᠳ ᠲᠦᠮᠡᠨ ᠳᠤ ᠪᠠᠶᠠᠷ ᠪᠠᠭ᠋ᠠᠳᠤᠯ ᠪᠠ | ᠢᠲᠡᠭᠡᠯ ᠢ ᠠᠪᠴᠢᠷᠠᠭᠰᠠᠨ ᠢ ᠬᠡᠯᠡᠵᠦ ᠭᠠᠷᠭᠠᠭᠰᠠᠨ ᠶᠤᠮ᠃ ᠡᠨᠡ ᠨᠢ ᠦᠨᠡᠨ ᠳᠡᠭᠡᠨ ᠦᠬᠡᠷ ᠲᠡᠵᠢᠭᠡᠵᠦ ᠪᠠᠶᠠᠵᠢᠨ | ᠴᠢᠨᠡᠭᠡᠯᠢᠭᠵᠢᠬᠦ ᠨᠢ ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠠᠷᠠᠳ ᠤᠯᠠᠨ ᠳᠤ ᠠᠪᠴᠢᠷᠠᠵᠤ ᠥᠭᠭᠦᠭᠰᠡᠨ | ᠪᠠᠶᠠᠷ ᠪᠠᠭ᠋ᠠᠳᠤᠯ ᠪᠠ ᠢᠲᠡᠭᠡᠯ ᠢ ᠬᠡᠯᠡᠵᠦ ᠪᠠᠶᠢᠭ᠎ᠠ ᠶᠤᠮ᠃ | ᠲᠦᠴᠢᠦᠸᠠᠨ ᠰᠢᠶᠠᠨ ᠶᠠᠭᠤᠨ ᠳᠤ ᠦᠬᠡᠷ ᠲᠡᠵᠢᠭᠡᠬᠦ ᠭᠡᠵᠦ ᠪᠠᠶᠢᠬᠤ ᠪᠤᠢ︖ ᠲᠦᠴᠢᠦᠸᠠᠨ ᠰᠢᠶᠠᠨ ᠪᠣᠯ | ᠲᠠᠷᠢᠶᠠᠯᠠᠩ ᠤᠨ ᠰᠢᠶᠠᠨ ᠮᠥᠨ᠂ ᠡᠷᠳᠡᠨᠢ ᠰᠢᠰᠢ ᠶᠢᠨ ᠤᠨᠠᠯᠲᠠ ᠥᠨᠳᠥᠷ᠂ ᠡᠰᠢ ᠰᠦᠷᠡᠯ ᠤᠨ ᠡᠬᠢ ᠪᠠᠶᠠᠯᠢᠭ | ᠡᠯᠪᠡᠭ ᠪᠣᠯᠪᠠᠴᠤ ᠲᠠᠷᠢᠶᠠᠨ ᠭᠠᠵᠠᠷ ᠤᠨ ᠲᠠᠯᠠᠪᠠᠶ ᠨᠢ ᠬᠥᠷᠰᠢ ᠵᠡᠷᠭᠡᠯᠡᠳᠡᠭᠡ ᠬᠤᠶᠠᠷ ᠬᠤᠰᠢᠭᠤᠨ ᠤ ᠭᠤᠷᠪᠠᠨ ᠤ | ᠨᠢᠭᠡ ᠬᠤᠪᠢ ᠳᠤ ᠴᠤ ᠬᠦᠷᠬᠦ ᠦᠭᠡᠢ ᠪᠠᠶᠢᠵᠤ᠂ ᠲᠠᠷᠢᠮᠠᠯ ᠤᠨ ᠦᠢᠯᠡᠰ ᠤᠨ ᠬᠥᠭᠵᠢᠯᠲᠡ ᠨᠢᠭᠡᠨᠲᠡ ᠣᠷᠭᠢᠯ ᠳᠠᠭᠠᠨ | ᠲᠤᠯᠵᠠᠢ᠃ ᠬᠢᠵᠠᠭᠠᠷᠲᠠᠢ ᠲᠠᠷᠢᠶᠠᠯᠠᠩ ᠤᠨ ᠡᠬᠢ ᠪᠠᠶᠠᠯᠢᠭ ᠢ ᠬᠡᠷᠬᠢᠨ ᠬᠠᠮᠤᠭ ᠤᠨ ᠶᠡᠭᠡ ᠬᠡᠮᠵᠢᠶ᠎ᠡ ᠪᠠᠷ ᠠᠵᠤ | ᠠᠬᠤᠢ ᠶᠢᠨ ᠦᠷ᠎ᠡ ᠪᠦᠲᠦᠭᠡᠯ ᠪᠣᠯᠭᠠᠨ ᠬᠤᠪᠢᠷᠠᠭᠤᠯᠬᠤ ᠲᠤᠬᠠᠢ ᠦᠬᠡᠷ ᠤᠨ ᠠᠵᠤ ᠦᠢᠯᠡᠰ ᠲᠤ ᠨᠢᠭᠡᠨ | ᠪᠣᠯᠣᠮᠵᠢᠲᠠᠢ ᠠᠷᠭ᠎ᠠ ᠵᠠᠮ ᠬᠠᠩᠭᠠᠭᠰᠠᠨ ᠪᠠᠶᠢᠨ᠎ᠠ᠂ ︽ᠲᠡᠵᠢᠭᠡᠬᠦ ᠶᠢᠨ ᠲᠥᠯᠥᠭᠡ ᠳᠠᠷᠢᠵᠤ᠂ ᠮᠠᠯ ᠠᠵᠤ ᠠᠬᠤᠢ ᠶᠢᠨ | ᠲᠥᠯᠥᠭᠡ ᠲᠠᠷᠢᠶᠠᠯᠠᠬᠤ︾ ᠪᠣᠯ ᠲᠠᠷᠢᠶᠠᠯᠠᠩ ᠮᠠᠯ ᠠᠵᠤ ᠠᠬᠤᠢ ᠶᠢᠨ ᠲᠠᠪᠠᠯᠳᠠᠳᠤ ᠮᠠᠶ᠋ᠢᠭ ᠤᠨ ᠬᠥᠭᠵᠢᠯᠲᠡ ᠶᠢ | ᠪᠡᠶᠡᠯᠡᠭᠦᠯᠬᠦ ᠬᠠᠮᠤᠭ ᠤᠨ ᠰᠠᠶᠢᠨ ᠠᠷᠭ᠎ᠠ ᠵᠠᠮ ᠮᠥᠨ᠃ | ᠰᠡᠳᠬᠢᠴᠡ ᠪᠠᠷ ᠭᠠᠷᠬᠤ ᠵᠠᠮ ᠢ ᠲᠣᠭᠲᠠᠭᠠᠵᠤ᠂ ᠲᠦᠴᠢᠦᠸᠠᠨ ᠰᠢᠶᠠᠨ ᠦᠬᠡᠷ ᠲᠡᠵᠢᠭᠡᠬᠦ ᠳᠤ ᠦᠨᠡᠨ ᠠᠴᠠ | ᠵᠥᠪ ᠢ ᠡᠷᠢᠬᠦ ᠶᠢ ᠴᠢᠬᠤᠯᠠᠴᠢᠯᠠᠵᠤ᠂ ᠲᠤᠬᠠᠢ ᠶᠢᠨ ᠭᠠᠵᠠᠷ ᠤᠨ ᠪᠠᠶᠢᠳᠠᠯ ᠳᠠᠭᠠᠨ ᠲᠣᠬᠢᠷᠠᠭᠤᠯᠤᠨ᠂ ᠵᠣᠭᠰᠣᠴᠠ ᠪᠠᠨ | ︽ᠵᠢᠵᠢᠭ ᠬᠠᠮᠲᠤᠯᠢᠭ᠂ ᠶᠡᠭᠡ ᠬᠡᠪᠴᠢᠶ᠎ᠡ︾ ᠳᠡᠭᠡᠷ᠎ᠡ ᠲᠠᠯᠪᠢᠵᠤ᠂ ᠠᠶᠢᠯ ᠡᠷᠦᠬᠡ ᠪᠣᠯᠭᠠᠨ ᠢ ᠴᠥᠮ | ᠣᠷᠣᠯᠴᠠᠭᠤᠯᠬᠤ ᠪᠠᠷ ᠴᠢᠷᠮᠠᠶᠢᠵᠤ᠂ ᠠᠷᠠᠳ ᠢᠷᠭᠡᠳ ᠲᠤ ᠬᠦᠷᠢᠶ᠎ᠡ ᠬᠠᠰᠢᠶ᠎ᠠ ᠶᠢᠨ ᠪᠠᠭ᠎ᠠ ᠲᠠᠯᠠᠪᠠᠶ ᠲᠠᠢ ᠬᠤᠭᠤᠰᠤᠨ | ᠭᠠᠵᠠᠷ ᠢ ᠠᠰᠢᠭᠯᠠᠨ ᠦᠬᠡᠷ ᠲᠡᠵᠢᠭᠡᠬᠦ ᠦᠢᠯᠡᠰ ᠢ ᠬᠥᠭᠵᠢᠭᠦᠯᠬᠦ ᠪᠠᠷ ᠴᠢᠷᠮᠠᠶᠢᠨ᠎ᠠ᠃ ᠢᠩᠭᠢᠵᠦ ᠬᠢᠬᠦ ᠶᠢᠨ | ᠬᠠᠮᠤᠭ ᠤᠨ ᠰᠠᠶᠢᠨ ᠲᠠᠯ᠎ᠠ ᠭᠡᠪᠡᠯ ᠠᠶᠢᠯ ᠡᠷᠦᠭᠡ ᠨᠢᠭᠡᠪᠦᠷᠢ ᠶᠢᠨ ᠲᠠᠷᠢᠶᠠᠨ ᠤ ᠡᠰᠢ ᠰᠦᠷᠡᠯ ᠢ ᠦᠬᠡᠷ ᠢ | ᠬᠤᠭᠤᠰᠤᠷᠠᠲᠠᠯ᠎ᠠ ᠢᠳᠡᠭᠦᠯᠵᠦ᠂ ᠠᠶᠢᠯ ᠡᠷᠦᠭᠡ ᠨᠢᠭᠡᠪᠦᠷᠢ ᠶᠢᠨ ︽ᠥᠨᠳᠥᠷ ᠨᠠᠰᠤ︾ ᠲᠠᠢ ᠬᠥᠳᠡᠯᠮᠦᠷᠢ ᠶᠢᠨ | ᠬᠦᠴᠦᠨ ᠢ ᠭᠦᠢᠴᠡᠳ ᠠᠰᠢᠭᠯᠠᠵᠤ᠂ ᠲᠡᠳᠡᠨ ᠤ ᠴᠢᠳᠠᠯ ᠤᠨ ᠬᠢᠷᠢ ᠪᠠᠷ ᠢᠶᠠᠨ ᠠᠵᠤ ᠠᠬᠤᠢ ᠶᠢᠨ ᠣᠷᠣᠯᠭ᠎ᠠ ᠶᠢ | ᠨᠡᠮᠡᠭᠳᠡᠭᠦᠯᠬᠦ ᠶᠠᠪᠤᠳᠠᠯ ᠪᠣᠯᠣᠨ᠎ᠠ᠃ ᠡᠨᠡ ᠬᠤᠶᠠᠷ ᠭᠤᠣᠯ ᠡᠯᠧᠮᠧᠨ᠋ᠲ ᠲᠤ ᠰᠠᠭᠤᠷᠢᠯᠠᠵᠤ᠂ ᠦᠬᠡᠷ ᠲᠡᠵᠢᠭᠡᠬᠦ ᠲᠣᠮᠣ | ᠵᠢᠷᠤᠭ ᠲᠥᠯᠥᠪᠯᠡᠭᠡ ᠲᠦᠴᠢᠦᠸᠠᠨ ᠰᠢᠶᠠᠨ ᠳᠤ ᠠᠯᠭᠤᠷᠬᠠᠨ ᠢᠶᠠᠷ ᠳᠡᠯᠭᠡᠭᠳᠡᠵᠦ᠂ 4 ᠵᠢᠯ ᠤᠨ ᠬᠤᠭᠤᠴᠠᠭᠠᠨ ᠳᠤ᠂ | ᠪᠦᠬᠦ ᠰᠢᠶᠠᠨ ᠤ ᠦᠬᠡᠷ ᠤᠨ ᠲᠤᠭ᠎ᠠ 3 ᠲᠦᠮᠡ ᠬᠦᠷᠬᠦ ᠦᠭᠡᠢ ᠪᠠᠶᠢᠭᠰᠠᠨ ᠠᠴᠠ ᠪᠠᠨ 19 ᠲᠦᠮᠡ ᠪᠣᠯᠵᠤ | ᠳᠡᠭᠡᠭᠰᠢᠯᠡᠵᠡᠢ᠃ | ᠦᠬᠡᠷ ᠤᠨ ᠠᠶᠠᠯᠭᠤ ᠶᠢ ᠰᠠᠶᠢᠲᠤᠷ ᠲᠣᠭᠲᠠᠭᠠᠰᠤᠭᠠᠢ ︱ ᠲᠤᠰᠬᠠᠢ ᠠᠩᠭᠢ ᠳᠤ ᠺᠠᠳ᠋ᠷ ᠲᠦᠷᠦᠭᠦᠯᠡᠨᠡᠮ | ᠲᠦᠴᠢᠦᠸᠠᠨ ᠰᠢᠶᠠᠨ ︽ᠶᠠᠳᠠᠭᠤ ᠶᠢ ᠲᠡᠳᠬᠦᠵᠦ ᠠᠵᠤ ᠦᠢᠯᠡᠰ· ᠮᠠᠯ ᠠᠵᠤ ᠠᠬᠤᠢ ᠪᠠᠷ ᠲᠦᠴᠢᠦᠸᠠᠨ ᠢ | ᠲᠠᠬᠢᠨ ᠬᠦᠭᠵᠢᠭᠦᠯᠬᠦ︾ ᠢᠨᠵᠧᠨᠧᠷᠢᠩ ᠢ ᠬᠡᠷᠡᠭᠵᠢᠭᠦᠯᠵᠦ᠂ ᠦᠬᠡᠷ ᠤᠨ ᠠᠵᠤ ᠦᠢᠯᠡᠰ ᠤᠨ ᠠᠵᠢᠯ ᠢ ᠴᠢᠨᠠᠷ | ᠰᠠᠶᠢᠲᠠᠢ ᠠᠬᠢᠭᠤᠯᠬᠤ ᠲᠤᠰᠬᠠᠢ ᠠᠩᠭᠢ ᠶᠢ ᠪᠠᠶᠢᠭᠤᠯᠵᠤ᠂ ᠰᠢᠶᠠᠨ ᠤ ᠭᠤᠣᠯ ᠤᠳᠤᠷᠢᠳᠤᠯᠭ᠎ᠠ ᠪᠠᠷ ᠲᠦᠷᠦᠭᠦᠯᠡᠭᠦᠯᠦᠨ᠂ | ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ ᠪᠣᠳᠠᠲᠠᠢ ᠨᠠᠶᠢᠳᠠᠪᠤᠷᠢᠵᠢᠭᠤᠯᠵᠤ᠂ ᠲᠦᠴᠢᠦᠸᠠᠨ ᠰᠢᠶᠠᠨ ᠤ | ᠥᠷᠭᠡᠨ ᠤᠯᠠᠨ ᠲᠣᠰᠬᠤᠨ ᠤ ᠺᠠᠳ᠋ᠷ ᠢ ᠳᠠᠶᠢᠴᠢᠯᠠᠨ ᠦᠯᠢᠭᠡᠷ ᠳᠠᠭᠤᠷᠢᠶᠠᠯ ᠪᠣᠯᠭᠠᠪᠠ᠃ | ᠡᠬᠢᠯᠡᠩᠭᠦᠲᠡ ᠪᠠᠨ ᠲᠣᠰᠬᠤᠨ ᠤ ᠠᠷᠠᠳ ᠤᠨ ᠣᠯᠠᠩᠬᠢ ᠨᠢ ᠪᠠᠶᠢᠳᠠᠯ ᠢ ᠠᠵᠢᠭᠯᠠᠵᠤ᠂ ᠪᠡᠯᠡ ᠮᠥᠩᠭᠦ ᠶᠢ | ᠪᠣᠳᠣᠯᠬᠢᠯᠠᠨ᠂ ᠮᠡᠷᠭᠡᠵᠢᠯ ᠢ ᠪᠣᠳᠣᠯᠬᠢᠯᠠᠵᠤ᠂ ᠦᠷ᠎ᠡ ᠠᠰᠢᠭ ᠤᠨ ᠲᠥᠯᠥᠭᠡ ᠰᠠᠨᠠᠭᠠᠰᠢᠷᠠᠵᠤ᠂ ᠢᠳᠡᠪᠬᠢᠵᠢᠯ ᠨᠢ ᠲᠡᠶᠢᠮᠦ | ᠥᠨᠳᠥᠷ ᠪᠢᠰᠢ ᠪᠠᠶᠢᠪᠠ᠃ ᠲᠦᠴᠢᠣᠸᠠᠨ ᠰᠢᠶᠠᠨ ᠤ ᠯᠢᠦ ᠬᠤ᠋ ᠪᠠᠯᠭᠠᠰᠤᠨ ᠤ ᠰᠢᠶᠠᠨ ᠹᠸᠡᠭ ᠲᠣᠰᠬᠤᠨ ᠤ ᠨᠠᠮ ᠤᠨ | ᠡᠭᠦᠷ ᠤᠨ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ ᠲᠦ᠋ ᠬᠤᠸᠠᠨ ᠹᠧᠢ ᠪᠡᠶ᠎ᠡ ᠪᠠᠷ ᠢᠶᠠᠨ ᠵᠢᠱᠢᠶ᠎ᠡ | ᠦᠵᠡᠭᠦᠯᠵᠦ᠂ ︽ᠮᠠᠯ ᠠᠵᠤ ᠠᠬᠤᠢ ᠪᠠᠷ ᠲᠦᠴᠢᠣᠸᠠᠨ ᠢ ᠲᠠᠬᠢᠨ ᠬᠥᠭᠵᠢᠭᠦᠯᠬᠦ︾ ᠲᠦᠷᠦ ᠶᠢᠨ ᠪᠣᠳᠣᠯᠭ᠎ᠠ ᠶᠢᠨ | ᠵᠢᠭᠡᠯᠡᠯᠭᠡ ᠪᠠᠷ 10 ᠲᠦᠮᠡᠨ ᠲᠥᠭᠦᠷᠢᠭ ᠤᠨ ᠲᠦᠷᠦ ᠶᠢᠨ ᠪᠣᠳᠣᠯᠭ᠎ᠠ ᠶᠢᠨ ᠵᠢᠭᠡᠯᠡᠯᠭᠡ ᠶᠢ ᠠᠰᠢᠭᠯᠠᠵᠤ᠂ 15 | ᠲᠣᠯᠣᠭᠠᠢ ᠰᠢᠮᠧᠨ᠋ᠳᠡᠷ ᠦᠬᠡᠷ ᠬᠤᠳᠠᠯᠳᠤᠨ ᠠᠪᠴᠤ ᠲᠡᠵᠢᠭᠡᠬᠦ ᠪᠠᠷ ᠲᠣᠭᠲᠠᠵᠤ᠂ ᠲᠤᠬᠠᠢ ᠶᠢᠨ ᠵᠢᠯ ᠳᠤ ᠲᠤᠯᠤᠭ᠎ᠠ | ᠨᠠᠢᠮᠠᠨ ᠲᠦᠮᠡᠨ ᠲᠥᠭᠦᠷᠢᠭ ᠤᠨ ᠠᠰᠢᠭ ᠬᠦᠷᠲᠡᠵᠡᠢ᠃ ︽ᠲᠣᠰᠬᠤᠨ ᠤ ᠨᠠᠮ ᠤᠨ ᠡᠭᠦᠷ ᠤᠨ ᠱᠦᠵᠢ ᠦᠬᠡᠷ | ᠲᠡᠵᠢᠭᠡᠭᠡᠳ ᠵᠣᠭᠤᠰ ᠣᠯᠣᠭᠰᠠᠨ ᠢ ᠦᠵᠡᠭᠡᠳ ᠪᠢ ᠪᠠᠰᠠ ᠦᠬᠡᠷ ᠲᠡᠵᠢᠭᠡᠬᠦ ᠰᠠᠨᠠᠭ᠎ᠠ ᠡᠪᠦᠷᠯᠡᠪᠡ᠂ ᠲᠦ᠋ ᠱᠦᠵᠢ | ᠮᠡᠳᠡᠭᠰᠡᠨ ᠤ ᠳᠠᠷᠠᠭ᠎ᠠ ᠰᠠᠨᠠᠭᠠᠴᠢᠯᠠᠭ᠎ᠠ ᠠᠴᠠ ᠪᠠᠨ ᠨᠠᠮᠠᠶᠢ ᠳᠠᠭᠠᠭᠤᠯᠵᠤ ᠦᠬᠡᠷ ᠬᠤᠳᠠᠯᠳᠤᠨ ᠠᠪᠬᠤ ᠪᠠᠷ ᠶᠠᠪᠤᠵᠤ᠂ | ᠨᠠᠳᠠ ᠳᠤ ᠦᠬᠡᠷ ᠢ ᠶᠠᠭᠠᠬᠢᠵᠤ ᠰᠣᠩᠭᠤᠬᠤ ᠶᠢ ᠵᠢᠭᠠᠵᠤ ᠥᠭᠭᠦᠭᠰᠡᠨ ᠪᠥᠭᠡᠳ ᠪᠠᠰᠠ ᠵᠢᠭᠡᠯᠡᠯᠭᠡ ᠶᠢᠨ ᠵᠣᠭᠤᠰ ᠢ | ᠬᠠᠪᠰᠤᠷᠴᠤ ᠥᠭᠴᠡᠢ᠂ ᠤᠳᠤ ᠨᠢᠭᠡ ᠵᠢᠯ ᠳᠤ ᠲᠤᠭᠤᠯ ᠢᠶᠠᠨ ᠬᠤᠳᠠᠯᠳᠤᠪᠠᠯ 30 ᠲᠦᠮᠡᠨ ᠲᠥᠭᠦᠷᠢᠭ ᠣᠯᠣᠨ᠎ᠠ︾ | ᠭᠡᠵᠦ ᠬᠡᠯᠡᠪᠡ᠃ ᠲᠦ᠋ ᠬᠤᠸᠠᠨ ᠹᠧᠢ ᠶᠢᠨ ᠲᠤᠬᠠᠢ ᠶᠠᠷᠢᠬᠤ ᠳᠤ᠂ ᠰᠢᠶᠠᠨ ᠹᠸᠡᠭ ᠲᠣᠰᠬᠤᠨ ᠤ ᠠᠷᠠᠳ ᠵᠧᠦ ᠶᠦᠩ | ᠱᠤᠸᠠᠢ ᠲᠠᠯᠠᠷᠬᠠᠯ ᠤᠨ ᠦᠭᠡ ᠪᠠᠨ ᠬᠡᠯᠡᠭᠡᠳ ᠪᠠᠷᠠᠬᠤ ᠦᠭᠡᠢ ᠪᠠᠶᠢᠯ᠎ᠠ᠃ ᠦᠬᠡᠷ ᠲᠡᠵᠢᠭᠡᠭᠰᠡᠨ ᠠᠴᠠ ᠨᠠᠭᠠᠰᠢ᠂ ᠵᠧᠦ | ᠶᠦᠩ ᠱᠤᠸᠠᠢ ᠰᠢᠨ᠎ᠡ ᠲᠡᠷᠭᠡ ᠬᠤᠳᠠᠯᠳᠤᠨ ᠠᠪᠴᠤ᠂ ᠭᠡᠷ ᠢᠶᠠᠨ ᠵᠠᠰᠠᠨ ᠴᠢᠮᠡᠭᠯᠡᠵᠦ᠂ ᠪᠠᠰᠠ ᠦᠬᠡᠷ ᠤᠨ | ᠰᠠᠷᠠᠪᠴᠢ ᠪᠠᠨ 600 ᠲᠡᠭᠰᠢ ᠳᠥᠷᠪᠡᠯᠵᠢᠨ ᠮᠧᠲᠷ ᠬᠦᠷᠲᠡᠯ᠎ᠡ ᠥᠷᠭᠡᠳᠬᠡᠨ ᠪᠠᠶᠢᠭᠤᠯᠵᠠᠢ᠃ | ᠲᠦ᠋ ᠬᠤᠸᠠᠨ ᠹᠧᠢ ᠪᠡᠶ᠎ᠡ ᠪᠠᠷ ᠢᠶᠠᠨ ᠵᠢᠱᠢᠶ᠎ᠡ ᠦᠵᠡᠭᠦᠯᠵᠦ᠂ ᠦᠬᠡᠷ ᠲᠡᠵᠢᠭᠡᠭᠡᠳ ᠵᠣᠭᠤᠰ ᠣᠯᠵᠤ᠂ | ᠲᠣᠰᠬᠤᠨ ᠤ ᠠᠷᠠᠳ ᠤᠨ ᠢᠳᠡᠪᠬᠢᠵᠢᠯ ᠶᠡᠬᠡᠪᠡᠷ ᠳᠡᠭᠡᠭᠰᠢᠯᠡᠵᠦ᠂ ᠬᠤᠰᠢᠭᠤᠴᠢ ᠲᠣᠰᠬᠤᠨ 10 ᠡᠷᠤᠬᠡ ᠠᠯᠠᠰᠢᠨ | ᠦᠬᠡᠷ ᠲᠡᠵᠢᠭᠡᠨ ᠦᠷᠡᠵᠢᠭᠦᠯᠬᠦ ᠡᠷᠤᠬᠡ ᠪᠠᠶᠢᠭᠰᠠᠨ ᠠᠴᠠ ᠪᠠᠨ 90 ᠡᠷᠤᠬᠡ ᠪᠣᠯᠣᠨ ᠬᠥᠭᠵᠢᠵᠦ᠂ ᠦᠬᠡᠷ ᠤᠨ | ᠲᠤᠭ᠎ᠠ 10 ᠡᠷᠤᠬᠡ ᠪᠠᠶᠢᠭᠰᠠᠨ ᠠᠴᠠ ᠪᠠᠨ 800 ᠭᠠᠷᠤᠢ ᠪᠣᠯᠵᠤ ᠬᠥᠭᠵᠢᠪᠡ᠂ ᠡᠨᠡ ᠨᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠳᠤ ᠠᠵᠤ ᠦᠢᠯᠡᠰ ᠤᠨ ᠰᠠᠭᠤᠷᠢ ᠶᠢ ᠪᠠᠬᠢᠵᠢᠭᠦᠯᠵᠡᠢ᠃ | ᠦᠬᠡᠷ ᠤᠨ ᠵᠠᠮ ᠢ ᠣᠨᠣᠪᠴᠢᠳᠠᠢ ᠡᠷᠢᠬᠦ ᠳᠤ ᠨᠢᠭᠡᠳᠦᠯᠲᠡᠢ ᠰᠠᠯᠭᠠᠬᠤ ᠶᠢ ᠤᠶᠠᠯᠳᠤᠭᠤᠯᠬᠤ ᠳᠤ ᠤᠶᠠᠨ ᠬᠠᠳᠠᠨ | ᠪᠠᠶᠢᠬᠤ ᠬᠡᠷᠡᠭᠲᠡᠢ | ︽ᠵᠢᠵᠢᠭ ᠬᠠᠮᠲᠤᠯᠢᠭ᠂ ᠶᠡᠭᠡ ᠬᠡᠪᠴᠢᠶᠡᠨ ︾ ᠤ ᠬᠥᠭᠵᠢᠯᠲᠡ ᠶᠢᠨ ᠰᠡᠳᠬᠢᠴᠡ ᠪᠠᠷ᠂ ᠲᠦᠴᠢᠦᠸᠠᠨ | ᠰᠢᠶᠠᠨ ᠤ ᠬᠢᠨ ᠲᠣᠯᠣᠭᠠᠶᠢᠯᠠᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠᠷ ᠪᠠᠷᠠᠬᠤ ᠦᠭᠡᠢ᠂ ᠨᠠᠩ ᠴᠤ | ᠡᠷᠦᠬᠡ ᠪᠣᠯᠭᠠᠨ ᠢᠶᠠᠷ ᠦᠬᠡᠷ ᠲᠡᠵᠢᠭᠡᠯᠭᠡᠵᠦ᠂ ᠬᠥᠯ ᠭᠠᠷ ᠢᠶᠠᠨ ᠡᠷᠭᠦᠬᠦ ᠶᠢ ᠬᠦᠰᠡᠵᠦ ᠪᠠᠶᠢᠭ᠎ᠠ ᠵᠠᠯᠠᠭᠤᠴᠤᠳ᠂ | ᠭᠡᠷ ᠢᠶᠠᠨ ᠰᠠᠬᠢᠨ ᠰᠠᠭᠤᠵᠤ ᠪᠠᠶᠢᠭ᠎ᠠ ᠨᠠᠰᠤᠲᠠᠶᠢᠴᠤᠳ ᠤᠨ ᠠᠮᠢᠳᠤᠷᠠᠯ ᠤᠨ ᠬᠦᠰᠡᠯ ᠡᠷᠡᠮᠡᠯᠵᠡᠯ ᠲᠠᠢ ᠪᠣᠯᠭᠠᠬᠤ | ᠬᠡᠷᠡᠭᠲᠡᠢ︕ | | | | | | ᠳᠦᠭᠦᠷᠡᠩ ᠲᠠᠷᠭᠤᠨ ᠦᠬᠡᠷ ᠢ ᠬᠠᠷᠠᠭᠠᠳ ᠲᠦᠴᠢᠦᠸᠠᠨ ᠰᠢᠶᠠᠨ ᠤ ᠲᠠᠢ ᠫᠢᠩ ᠰᠢᠶᠠᠩ ᠤᠨ ᠰᠠᠢ ᠶᠢᠨ | ᠬᠤᠸᠠ ᠲᠣᠰᠬᠤᠨ ᠤ ᠠᠷᠠᠳ ᠯᠢ ᠰᠢ ᠴᠦᠨ ᠠᠮᠠ ᠬᠠᠮᠬᠢᠯ ᠦᠭᠡᠢ ᠢᠨᠢᠶᠡᠪᠡ᠃︵ᠢᠷᠡᠯᠲᠡ᠄ ᠲᠦᠴᠢᠦᠸᠠᠨ | ᠰᠢᠶᠠᠨ ᠤ ᠬᠠᠮ ᠵᠠᠭᠤᠴᠢᠯᠠᠭᠤᠷ ᠤᠨ ᠲᠥᠪ︶ | ︽ᠦᠬᠡᠷ ᠲᠡᠵᠢᠭᠡᠪᠡᠯ ᠮᠠᠨ ᠤ ᠠᠷᠠᠳ ᠲᠦᠮᠡᠨ ᠳᠤ ᠦᠨᠡᠬᠡᠷ ᠵᠣᠭᠤᠰ ᠣᠯᠭᠤᠵᠤ ᠴᠢᠳᠠᠨ᠎ᠠ᠂ ᠭᠡᠷ ᠤᠨ ᠡᠷᠳᠡᠨᠢ | ᠰᠢᠰᠢ ᠶᠢᠨ ᠡᠰᠢ ᠰᠦᠷᠡᠯ ᠢᠶᠠᠷ ᠦᠬᠡᠷ ᠤᠨ ᠪᠣᠷᠳᠤᠭ᠎ᠠ ᠪᠣᠯᠭᠠᠵᠤ ᠪᠣᠯᠣᠨ᠎ᠠ᠂ ᠦᠬᠡᠷ ᠤᠨ ᠪᠠᠭᠠᠰᠤ ᠪᠠᠷ | ᠪᠣᠷᠳᠣᠭᠤᠷ ᠪᠣᠯᠭᠠᠵᠤ ᠬᠦᠷᠢᠶᠡᠨ ᠤ ᠠᠵᠤ ᠠᠬᠤᠢ ᠶᠢ ᠬᠥᠭᠵᠢᠭᠦᠯᠵᠦ ᠪᠣᠯᠣᠨ᠎ᠠ᠂ ᠭᠡᠷ ᠤᠨ ᠡᠨᠡ ᠬᠦ ᠵᠢᠵᠢᠭ | ᠬᠦᠷᠢᠶ᠎ᠡ ᠪᠠᠨ ᠰᠠᠬᠢᠪᠠᠯ᠂ ᠨᠢᠭᠡ ᠵᠢᠯ ᠳᠤ ᠦᠬᠡᠷ ᠲᠡᠵᠢᠭᠡᠪᠡᠯ ᠲᠠᠪᠤ ᠵᠢᠷᠭᠤᠭᠠᠨ ᠲᠦᠮᠡᠨ ᠲᠥᠭᠦᠷᠢᠭ ᠤᠨ ᠣᠷᠣᠯᠭ᠎ᠠ | ᠲᠠᠢ ᠪᠣᠯᠣᠨ᠎ᠠ︾᠃ ᠡᠨᠡ ᠵᠢᠯ 70 ᠨᠠᠰᠤᠲᠠᠢ ᠲᠦᠴᠢᠦᠸᠠᠨ ᠰᠢᠶᠠᠨ ᠤ ᠲᠠᠢ ᠫᠢᠩ ᠰᠢᠶᠠᠩ ᠤᠨ ᠰᠠᠢ ᠶᠢᠨ ᠬᠤᠸᠠ | ᠲᠣᠰᠬᠤᠨ ᠤ ᠠᠷᠠᠳ ᠯᠢ ᠰᠢ ᠴᠦᠨ ᠡᠷᠴᠢ ᠵᠣᠷᠢᠭ ᠢᠶᠠᠷ ᠪᠢᠯᠬᠠᠮ᠎ᠠ ᠬᠠᠷᠠᠭᠳᠠᠨ᠎ᠠ᠃ ᠲᠡᠷᠡ᠂ ᠥᠩᠭᠡᠷᠡᠭᠰᠡᠨ ᠤ | ᠬᠢ ᠲᠠᠢ ᠬᠠᠷᠢᠴᠠᠭᠤᠯᠪᠠᠯ᠂ ᠲᠡᠭᠦᠨ ᠤ ᠰᠡᠳᠬᠢᠯ ᠳᠠᠬᠢ ᠴᠢᠨᠡᠭᠡᠯᠢᠭ ᠠᠮᠢᠳᠤᠷᠠᠯ ᠤᠨ ᠲᠦᠪᠰᠢᠨ ᠠᠯᠢ ᠡᠷᠲᠡ | ᠬᠦᠷᠴᠢᠬᠡᠯ᠎ᠡ᠂ ᠭᠡᠪᠡᠴᠦ ᠪᠠᠰᠠ ᠬᠦᠷᠦᠯᠴᠡᠬᠦ ᠦᠭᠡᠢ᠂ ᠨᠡᠩ ᠰᠠᠶᠢᠨ ᠪᠣᠯᠵᠤ ᠴᠢᠳᠠᠨ᠎ᠠ᠂ ᠪᠠᠰᠠ ᠴᠢᠷᠮᠠᠶᠢᠬᠤ ᠬᠡᠷᠡᠭᠲᠡᠢ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠳᠤ ᠲᠡᠷᠡ ᠡᠩᠨᠡᠭᠡ ᠠᠴᠠ ᠪᠠᠨ ᠬᠤᠴᠣᠷᠬᠤ ᠦᠭᠡᠢ | ᠢᠲᠡᠭᠡᠯ ᠲᠠᠢ ᠪᠠᠶᠢᠨ᠎ᠠ ᠭᠡᠵᠦ ᠬᠡᠯᠡᠪᠡ᠃ | ᠬᠥᠲᠥᠴᠢ ᠠᠵᠤ ᠠᠬᠤᠶᠢᠯᠠᠯ ᠲᠡᠵᠢᠭᠡᠨ ᠦᠷᠡᠵᠢᠭᠦᠯᠬᠦ ᠢᠲᠡᠭᠡᠯ ᠵᠣᠷᠢᠭ ᠢᠶᠠᠨ ᠬᠥᠪᠴᠢᠯᠡᠵᠦ ᠬᠥᠭᠵᠢᠭᠡᠨ᠎ᠡ᠃ | ᠥᠷᠭᠡᠨ ᠤᠯᠠᠨ ᠲᠠᠷᠢᠶᠠᠴᠢᠨ ᠡᠷᠦᠬᠡ ᠶᠢ ᠲᠠᠶᠢᠴᠢᠯᠠᠨ ᠦᠬᠡᠷ ᠤᠨ ᠠᠵᠤ ᠦᠢᠯᠡᠰ ᠤᠨ ᠬᠥᠭᠵᠢᠯᠲᠡ ᠳᠤ ᠢᠳᠡᠪᠬᠢᠲᠡᠢ | ᠣᠷᠣᠯᠴᠠᠭᠤᠯᠬᠤ ᠶᠢᠨ ᠲᠥᠯᠥᠭᠡ᠂ ᠲᠦᠴᠢᠦᠸᠠᠨ ᠰᠢᠶᠠᠨ ᠤ ᠬᠢᠨ ︽ᠺᠣᠮᠫᠠᠨᠢ+ ᠬᠤᠷᠰᠢᠶ᠎ᠠ + ᠲᠠᠷᠢᠶᠠᠴᠢᠨ ᠡᠷᠦᠬᠡ︾ | ᠪᠠᠷ ᠭᠠᠷᠳᠠᠴᠠ ᠪᠣᠯᠭᠠᠵᠤ᠂ ᠤᠯᠠᠨ ᠲᠦᠷᠦᠯ ᠤᠨ ᠬᠤᠷᠰᠢᠨ ᠲᠡᠵᠢᠭᠡᠨ ᠦᠷᠡᠵᠢᠭᠦᠯᠬᠦ ᠵᠠᠭᠪᠤᠷ ᠢ ᠰᠢᠨ᠎ᠡ ᠪᠠᠷ | ᠡᠭᠦᠳᠴᠦ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠵᠢᠱᠢᠶ᠎ᠡ ᠦᠵᠡᠭᠦᠯᠵᠦ ᠬᠥᠲᠥᠯᠥᠨ | ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠲᠣᠭᠲᠠᠭᠤᠨ ᠬᠥᠳᠡᠭᠡ ᠠᠵᠤ ᠠᠬᠤᠢ ᠠᠵᠤ ᠠᠬᠤᠶᠢᠯᠠᠯ ᠤᠨ | ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠪᠠ᠃ ᠡᠭᠦᠨ ᠳᠤ ︽ᠡᠬᠡ ᠪᠠᠨ ᠬᠠᠷᠢᠭᠤᠯᠵᠤ ᠲᠤᠭᠤᠯ ᠢᠶᠠᠨ | ᠬᠤᠷᠢᠶᠠᠬᠤ︾ ᠬᠡᠯᠪᠡᠷᠢ ᠢᠯᠡᠳᠲᠡ ᠦᠷ᠎ᠡ ᠪᠦᠲᠦᠮᠵᠢ ᠣᠯᠵᠤ᠂ ᠲᠣᠰ ᠵᠠᠭᠪᠤᠷ ᠭᠡᠳᠡᠭ ᠨᠢ ᠲᠠᠷᠢᠶᠠᠴᠢᠨ | ᠡᠷᠦᠬᠡ ᠠᠴᠠ ︽ᠮᠠᠯ ᠠᠵᠤ ᠠᠬᠤᠢ ᠪᠠᠷ ᠲᠦᠴᠢᠣᠸᠠᠨ ᠢ ᠲᠠᠬᠢᠨ ᠬᠥᠭᠵᠢᠭᠦᠯᠬᠦ︾ ᠲᠥᠷᠥ ᠶᠢᠨ ᠪᠣᠳᠣᠯᠭ᠎ᠠ ᠳᠤ | ᠲᠦᠰᠢᠭᠯᠡᠨ ᠵᠢᠭᠡᠯᠡᠯᠭᠡ ᠠᠪᠴᠤ᠂ ᠥᠪᠥᠷ ᠮᠣᠩᠭᠤᠯ ᠤᠨ ᠯᠢᠦᠢ ᠹᠧᠩ ᠴᠢᠤᠸᠠᠨ ᠲᠠᠷᠢᠶᠠᠯᠠᠩ ᠮᠠᠯ ᠠᠵᠤ ᠠᠬᠤᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ ᠨᠢᠭᠡᠨᠲᠡ ᠵᠢᠷᠮᠦᠰᠦᠯᠡᠵᠦ ᠳᠡᠶᠢᠯᠬᠦ ᠠᠩᠭᠧᠰ ᠤᠨ | ᠰᠠᠭᠤᠷᠢ ᠡᠬᠡ ᠮᠠᠯ ᠢ ᠬᠤᠳᠠᠯᠳᠤᠨ ᠠᠪᠴᠤ᠂ ᠺᠣᠮᠫᠠᠨᠢ ᠠᠴᠠ ᠰᠠᠭᠤᠷᠢ ᠡᠬᠡ ᠮᠠᠯ ᠢ ᠲᠠᠷᠢᠶᠠᠴᠢᠨ ᠡᠷᠦᠬᠡ ᠳᠤ | ᠥᠭᠴᠦ ᠲᠡᠵᠢᠭᠡᠨ ᠦᠷᠡᠵᠢᠭᠦᠯᠬᠦ ᠶᠢᠨ ᠬᠠᠮᠲᠤ ᠲᠤᠭᠤᠯ ᠬᠤᠷᠢᠶᠠᠨ ᠠᠪᠴᠤ᠂ ᠣᠲᠣ ᠪᠣᠯᠲᠠᠯ᠎ᠠ ᠺᠣᠮᠫᠠᠨᠢ ᠠᠴᠠ | ᠨᠢᠭᠡᠨᠲᠡ 8750 ᠠᠩᠭᠧᠰ ᠤᠨ ᠦᠬᠡᠷ ᠢ ᠲᠠᠷᠬᠠᠭᠠᠵᠤ᠂ 1023 ᠬᠤᠷᠰᠢᠶ᠎ᠠ ᠵᠢᠴᠢ ᠲᠠᠷᠢᠶᠠᠴᠢᠨ ᠡᠷᠦᠬᠡ ᠳᠤ | ᠠᠰᠢᠭ ᠬᠦᠷᠲᠡᠭᠡᠬᠦ ᠶᠢ ᠵᠢᠭᠠᠵᠤ ᠪᠣᠶ᠃ | ᠦᠬᠡᠷ ᠤᠨ ᠵᠣᠷ ᠭᠠᠷᠭᠠᠵᠤ ᠥᠪᠡᠷ ᠤᠨ ᠥᠷᠲᠡᠭ ᠢ ᠪᠠᠭᠤᠷᠠᠭᠤᠯᠤᠨ ᠢᠳᠡᠵᠦ ᠬᠤᠭᠤᠰᠤᠷᠠᠲᠠᠯ᠎ᠠ ᠬᠢᠬᠠᠨ | ᠮᠥᠯᠵᠢᠬᠦ ᠶᠢ ᠣᠷᠣᠯᠳᠣᠨ᠎ᠠ | ︽ᠡᠨᠡ ᠬᠦ ᠡᠷᠳᠡᠨᠢ ᠰᠢᠰᠢ ᠶᠢᠨ ᠡᠰᠢ ᠪᠣᠯ ᠡᠷᠳᠡᠨᠢ ᠰᠢᠸ᠂ ᠲᠡᠷᠡ ᠨᠢ ᠮᠢᠨᠤ ᠲᠡᠵᠢᠭᠡᠨ ᠦᠷᠡᠵᠢᠭᠦᠯᠬᠦ | ᠥᠪᠡᠷ ᠤᠨ ᠥᠷᠲᠡᠭ ᠢ ᠦᠬᠡᠷ ᠨᠢᠭᠡᠪᠦᠷᠢ ᠳᠤ ᠡᠳᠦᠷ ᠲᠤ 3 ᠲᠥᠭᠦᠷᠢᠭ ᠠᠷᠪᠢᠯᠠᠵᠤ ᠥᠭᠲᠡᠭ᠂ ᠤᠳᠠᠭᠠᠨ ᠳᠠᠭᠠᠨ | ᠮᠠᠨ ᠤ ᠭᠡᠷ ᠤᠨ 50 ᠭᠠᠷᠤᠢ ᠦᠬᠡᠷ ᠵᠢᠯ ᠳᠤ 5 ᠲᠦᠮᠡᠨ ᠲᠥᠭᠦᠷᠢᠭ ᠠᠷᠪᠢᠯᠠᠵᠤ ᠥᠭᠲᠡᠭ ᠪᠠᠶᠢᠨ᠎ᠠ︾ ᠭᠡᠵᠦ | ᠬᠡᠯᠡᠪᠡ᠃ ᠲᠣᠰᠬᠤᠨ ᠤ ᠠᠷᠠᠳ ᠸᠠᠩ ᠢᠦᠢ ᠬᠠᠢ ᠶᠡᠷᠦ ᠨᠢ ᠲᠦᠴᠢᠦᠸᠠᠨ ᠰᠢᠶᠠᠨ ᠤ ᠶᠦᠩ ᠠᠨ ᠪᠠᠯᠭᠠᠰᠤᠨ ᠤ | ᠰᠢᠨ ᠯᠢ ᠲᠣᠰᠬᠤᠨ ᠤ ᠦᠬᠡᠷ ᠲᠡᠵᠢᠭᠡᠬᠦ ᠲᠣᠮᠣ ᠡᠷᠦᠭᠡ ᠪᠠᠶᠢᠵᠠᠢ᠂ ᠤᠤᠯ ᠨᠢ ᠵᠤᠨ ᠪᠣᠯᠣᠮᠠᠭᠴᠠ ᠦᠬᠡᠷ ᠤᠨ | ᠪᠠᠭᠠᠰᠤᠨ ᠤ ᠦᠨᠦᠷ ᠨᠢ ᠭᠡᠷ ᠤᠨ ᠴᠣᠩᠬᠤ ᠪᠠᠨ ᠴᠤ ᠨᠡᠭᠡᠭᠡᠵᠦ ᠳᠡᠶᠢᠯᠬᠦ ᠦᠭᠡᠢ ᠪᠠᠶᠢᠪᠠ᠂ ᠤᠳᠤ ᠲᠡᠷᠡ | ᠬᠦᠷᠢᠶᠡᠨ ᠤ ᠪᠠᠨ ᠦᠬᠡᠷ ᠤᠨ ᠪᠠᠭᠠᠰᠤ ᠶᠢ ᠥᠪᠥᠷ ᠮᠣᠩᠭᠤᠯ ᠤᠨ ᠰᠠᠨ ᠶᠠᠩ ᠮᠠᠯ ᠠᠵᠤ ᠠᠬᠤᠢ ᠶᠢᠨ ᠬᠢᠵᠠᠭᠠᠷᠲᠤ | ᠺᠣᠮᠫᠠᠨᠢ ᠳᠤ ᠬᠤᠳᠠᠯᠳᠤᠨ ᠥᠭᠴᠦ ᠣᠷᠭᠠᠨᠢᠭ ᠪᠣᠷᠳᠣᠭᠤᠷ ᠢ ᠨᠠᠷᠢᠯᠢᠭ ᠪᠣᠯᠪᠠᠰᠤᠷᠠᠭᠤᠯᠪᠠ᠂ ᠡᠨᠡ ᠨᠢ ᠠᠰᠢᠭ | ᠣᠯᠣᠭᠰᠠᠨ ᠮᠥᠷᠲᠡᠭᠡᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠴᠤ ᠰᠠᠶᠢᠵᠢᠷᠠᠭᠤᠯᠪᠠ᠃ | ︽ᠥᠩᠭᠡᠷᠡᠭᠰᠡᠨ ᠳᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠴᠠᠭ ᠪᠣᠯᠬᠤ ᠪᠦᠷᠢ ᠶᠡᠭᠡ ᠬᠡᠮᠵᠢᠶᠡᠨ ᠤ ᠡᠰᠢ | ᠰᠦᠷᠡᠯ ᠢ ᠲᠠᠷᠢᠶᠠᠨ ᠭᠠᠵᠠᠷ ᠲᠤ ᠰᠢᠲᠠᠭᠠᠳᠠᠭ ᠪᠠᠶᠢᠵᠠᠢ᠂ ᠠᠭᠠᠷ ᠮᠠᠨᠳᠠᠯ ᠤᠨ ᠪᠣᠬᠢᠷᠳᠤᠯ ᠭᠠᠷᠬᠤ ᠠᠴᠠ | ᠰᠡᠷᠭᠡᠶᠢᠯᠡᠬᠦ ᠶᠢᠨ ᠲᠥᠯᠥᠭᠡ ᠰᠢᠶᠠᠨ ᠠᠴᠠ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠲᠣᠭᠲᠠᠭᠠᠯ | ᠭᠠᠷᠭᠠᠭᠰᠠᠨ ᠪᠣᠯᠬᠤᠷ ᠲᠠᠷᠢᠶᠠᠨ ᠭᠠᠵᠠᠷ ᠲᠤ ᠬᠡᠪᠲᠡᠭᠰᠡᠨ ᠡᠰᠢ ᠰᠦᠷᠡᠯ ᠨᠢ ᠮᠠᠨ ᠤ ᠠᠷᠠᠳ ᠣᠯᠠᠨ ᠤ ᠰᠡᠳᠬᠢᠯ ᠤᠨ | ᠡᠪᠡᠳᠴᠢᠨ ᠪᠣᠯᠵᠠᠢ︾᠃ ᠡᠨᠡ ᠬᠤᠶᠠᠷ ᠵᠢᠯ ᠳᠤ᠂ ᠸᠠᠩ ᠢᠦᠢ ᠬᠠᠢ ᠶᠢᠨ ᠰᠡᠳᠬᠢᠯ ᠢ ᠬᠠᠮᠤᠭ ᠠᠴᠠ ᠢᠯᠡᠭᠦᠦ | ᠳᠣᠭᠳᠣᠯᠤᠭᠤᠯᠤᠭᠰᠠᠨ ᠨᠢ᠂ ᠥᠩᠭᠡᠷᠡᠭᠰᠡᠨ ᠳᠤ ᠲᠣᠯᠣᠭᠠᠢ ᠡᠪᠡᠳᠦᠭᠦᠯᠵᠦ ᠪᠠᠶᠢᠭᠰᠠᠨ ᠡᠷᠳᠡᠨᠢ ᠰᠢᠰᠢ ᠶᠢᠨ ᠡᠰᠢ | ᠰᠦᠷᠡᠯ ᠢ ᠬᠡᠮᠬᠡᠬᠦ᠂ ᠪᠣᠭᠤᠳᠠᠯᠯᠠᠬᠤ ᠪᠠᠷ ᠳᠠᠮᠵᠢᠨ ᠦᠬᠡᠷ ᠤᠨ ᠪᠣᠷᠳᠤᠭ᠎ᠠ ᠪᠣᠯᠭᠠᠵᠤ᠂ ᠪᠤᠯᠢᠶᠠᠯᠳᠤᠭᠰᠠᠨ ᠪᠠᠷᠠᠭ᠎ᠠ | ᠪᠣᠯᠵᠤ᠂ ᠲᠡᠵᠢᠭᠡᠨ ᠦᠷᠡᠵᠢᠭᠦᠯᠬᠦ ᠥᠪᠡᠷ ᠤᠨ ᠦᠷᠲᠡᠭ ᠢ ᠪᠠᠭᠤᠷᠠᠭᠤᠯᠤᠭᠰᠠᠨ ᠪᠥᠭᠡᠳ ᠣᠷᠴᠢᠨ ᠲᠣᠭᠤᠷᠢᠨ ᠤ | ᠪᠣᠬᠢᠷᠳᠤᠯ ᠠᠴᠠ ᠴᠤ ᠵᠠᠶᠢᠯᠠᠰᠬᠢᠵᠦ ᠴᠢᠳᠠᠵᠠᠢ᠃ | ᠲᠦᠴᠢᠦᠸᠠᠨ ᠰᠢᠶᠠᠨ ᠤ ︽ᠮᠠᠯ ᠠᠵᠤ ᠠᠬᠤᠢ ᠪᠠᠷ ᠲᠦᠴᠢᠣᠸᠠᠨ ᠢ ᠲᠠᠬᠢᠨ ᠬᠥᠭᠵᠢᠭᠦᠯᠬᠦ︾ | ᠢᠨᠵᠧᠨᠧᠷᠢᠩ ᠢ ᠬᠡᠷᠡᠭᠵᠢᠭᠦᠯᠦᠭᠰᠡᠨ ᠠᠴᠠ ᠨᠠᠰᠢ᠂ ᠮᠠᠯ ᠤᠨ ᠲᠡᠵᠢᠭᠡᠯ ᠪᠣᠷᠳᠤᠭ᠎ᠠ ᠶᠢᠨ ᠵᠢᠯ ᠤᠨ ᠬᠡᠷᠡᠭᠯᠡᠬᠦ ᠬᠡᠮᠵᠢᠶ᠎ᠡ | 60 ᠭᠠᠷᠤᠢ ᠲᠦᠮᠡᠨ ᠲᠣᠨ ᠨᠡᠮᠡᠭᠳᠡᠪᠡ᠃ ᠡᠰᠢ ᠰᠦᠷᠡᠯ ᠢ ᠪᠣᠷᠳᠣᠬᠤ ᠪᠠ ᠪᠣᠷᠳᠣᠬᠤ ᠠᠰᠢᠭᠯᠠᠯᠲᠠ ᠶᠢᠨ | ᠨᠣᠷᠮ᠎ᠠ ᠶᠢ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠢ ᠡᠷᠭᠢᠯᠳᠦᠭᠦᠯᠦᠨ | ᠠᠰᠢᠭᠯᠠᠬᠤ ᠶᠢ ᠪᠡᠶᠡᠯᠡᠭᠦᠯᠬᠦ ᠶᠢᠨ ᠲᠥᠯᠥᠭᠡ᠂ ᠲᠦᠴᠢᠦᠸᠠᠨ ᠰᠢᠶᠠᠨ ᠤ ᠬᠢᠨ ᠳᠠᠷᠤᠰᠢᠭᠤᠯᠬᠤ᠂ ᠰᠢᠪᠲᠦᠷ ᠪᠣᠯᠭᠠᠬᠤ | ᠪᠠ ᠮᠢᠺᠷᠣᠪ ᠢᠶᠠᠷ ᠢᠰᠬᠡᠬᠦ ᠵᠡᠷᠭᠡ ᠠᠷᠭ᠎ᠠ ᠬᠡᠮᠵᠢᠶ᠎ᠡ ᠶᠢ ᠠᠰᠢᠭᠯᠠᠨ᠂ ᠡᠰᠢ ᠰᠦᠷᠡᠯ ᠤᠨ ᠡᠬᠢ ᠪᠠᠶᠠᠯᠢᠭ ᠢ | ᠬᠠᠮᠤᠭ ᠤᠨ ᠶᠡᠭᠡ ᠬᠡᠮᠵᠢᠶ᠎ᠡ ᠪᠠᠷ ᠪᠣᠷᠳᠣᠭᠠᠨ ᠤ ᠡᠬᠢ ᠪᠠᠶᠠᠯᠢᠭ ᠪᠣᠯᠭᠠᠨ ᠬᠤᠪᠢᠷᠠᠭᠤᠯᠵᠤ᠂ ᠲᠡᠵᠢᠭᠡᠨ ᠦᠷᠡᠵᠢᠭᠦᠯᠬᠦ | ᠡᠷᠦᠬᠡ ᠳᠤ ᠪᠣᠷᠳᠣᠭᠠᠨ ᠤ ᠪᠠᠲᠤᠯᠠᠭ᠎ᠠ ᠬᠠᠩᠭᠠᠵᠤ᠂ ᠮᠠᠯ ᠠᠵᠤ ᠠᠬᠤᠢ ᠶᠢᠨ ᠲᠦᠷᠭᠡᠨ ᠬᠥᠭᠵᠢᠯᠲᠡ ᠶᠢ ᠠᠬᠢᠭᠤᠯᠪᠠ | ᠃ ᠣᠳᠣᠬᠠᠨ ᠳᠤ᠂ ᠲᠦᠴᠢᠦᠸᠠᠨ ᠰᠢᠶᠠᠨ ᠤ ᠲᠡᠵᠢᠭᠡᠯ ᠪᠣᠷᠳᠤᠭ᠎ᠠ ᠪᠠᠷ ᠶᠡᠷᠦᠩᠬᠡᠶᠢᠯᠡᠨ ᠠᠰᠢᠭᠯᠠᠭᠰᠠᠨ ᠡᠰᠢ ᠰᠦᠷᠡᠯ | 110 ᠲᠦᠮᠡᠨ ᠮᠦ ᠪᠠᠶᠢᠵᠤ᠂ ᠨᠣᠭᠤᠭᠠᠨ ᠳᠠᠷᠤᠰᠢ᠂ ᠰᠢᠷ᠎ᠠ ᠳᠠᠷᠤᠰᠢ᠂ ᠬᠠᠭᠤᠷᠠᠢ ᠳᠠᠷᠤᠰᠢ ᠵᠡᠷᠭᠡ ᠭᠡᠷ ᠤᠨ | ᠲᠡᠵᠢᠭᠡᠪᠦᠷᠢ ᠶᠢᠨ ᠪᠦᠳᠦᠭᠦᠯᠢᠭ ᠪᠣᠷᠳᠤᠭ᠎ᠠ 55 ᠲᠦᠮᠡᠨ ᠲᠣᠨ ᠣᠷᠴᠢᠮ ᠪᠣᠯᠭᠠᠨ ᠬᠤᠪᠢᠷᠠᠭᠤᠯᠵᠤ ᠪᠣᠯᠣᠨ᠎ᠠ᠃ | ᠦᠬᠡᠷ ᠤᠨ ᠠᠯᠬᠤᠮ ᠢᠶᠠᠨ ᠡᠬᠢᠯᠡᠭᠦᠯᠦᠨ᠎ᠡ ︱ ︱ ᠦᠢᠯᠡᠴᠢᠯᠡᠭᠡ ᠶᠢ ᠨᠠᠶᠢᠳᠠᠪᠤᠷᠢᠵᠢᠭᠤᠯᠵᠤ ᠡᠷᠡᠭᠡᠯᠵᠡᠭᠡ ᠶᠢ | ᠲᠠᠶᠢᠯᠤᠨ᠎ᠠ | ︽ᠦᠬᠡᠷ ᠬᠤᠳᠠᠯᠳᠤᠨ ᠠᠪᠬᠤ ᠵᠣᠭᠤᠰ ᠦᠭᠡᠢ ᠪᠣᠯ ᠵᠠᠰᠠᠭ ᠤᠨ ᠣᠷᠳᠣᠨ ᠠᠴᠠ ᠵᠢᠭᠡᠯᠡᠯᠭᠡ ᠠᠪᠴᠤ | ᠥᠭᠭᠦᠨ᠎ᠡ᠂ ᠦᠬᠡᠷ ᠡᠪᠡᠳᠴᠢᠯᠡᠪᠡᠯ ︿ᠮᠠᠯ ᠠᠵᠤ ᠠᠬᠤᠢ 120﹀ ᠶᠢ ᠤᠲᠠᠰᠤᠳᠠᠪᠠᠯ ᠬᠠᠭᠠᠰ ᠴᠠᠭ ᠤᠨ | ᠳᠣᠲᠣᠷ᠎ᠠ ᠲᠤᠰᠬᠠᠢ ᠮᠠᠯ ᠤᠨ ᠡᠮᠴᠢ ᠪᠠᠷ ᠦᠬᠡᠷ ᠤᠨ ᠡᠪᠡᠳᠴᠢᠨ ᠢ ᠵᠠᠰᠠᠭᠤᠯᠬᠤ ᠪᠣᠯᠣᠨ᠎ᠠ᠂ ᠡᠨᠡ ᠨᠢ ᠦᠨᠡᠬᠡᠷ | ᠲᠣᠩ ᠳᠥᠭᠦᠮ ᠶᠤᠮ︾ ᠭᠡᠵᠦ ᠬᠡᠯᠡᠪᠡ᠃ ᠲᠦᠴᠢᠦᠸᠠᠨ ᠰᠢᠶᠠᠨ ᠤ ᠲᠦᠴᠢᠦᠸᠠᠨ ᠪᠠᠯᠭᠠᠰᠤᠨ ᠤ ᠳ᠋ᠦᠩ ᠰᠢᠨ | ᠲᠣᠰᠬᠤᠨ ᠳᠤ ᠰᠠᠭᠤᠵᠤ ᠪᠠᠶᠢᠭ᠎ᠠ ᠲᠡᠵᠢᠭᠡᠨ ᠦᠷᠡᠵᠢᠭᠦᠯᠬᠦ ᠡᠷᠦᠬᠡ ᠭᠤᠤ ᠵᠠᠨ ᠵᠢᠶᠦ᠋ᠨ ᠲᠡᠰᠬᠡᠯ ᠦᠭᠡᠢ ᠮᠠᠭᠲᠠᠨ | ᠰᠠᠶᠢᠰᠢᠶᠠᠪᠠ᠃ ᠠᠷᠠᠳ ᠢᠷᠭᠡᠳ ᠤᠨ ᠦᠬᠡᠷ ᠲᠡᠵᠢᠭᠡᠬᠦ ᠳᠤ ᠬᠤᠶᠢᠰᠢᠳᠠ ᠶᠢᠨ ᠵᠣᠪᠠᠨᠢᠯ ᠦᠭᠡᠢ ᠪᠣᠯᠭᠠᠬᠤ ᠶᠢᠨ | ᠲᠥᠯᠥᠭᠡ᠂ ᠲᠦᠴᠢᠦᠸᠠᠨ ᠰᠢᠶᠠᠨ ᠢᠵᠢ ᠪᠦᠷᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠤᠭᠰᠠᠨ | ᠪᠠᠶᠢᠨ᠎ᠠ᠃ | | | | | | ᠠᠵᠤ ᠦᠢᠯᠡᠰ ᠤᠨ ᠵᠢᠭᠠᠨ ᠵᠢᠯᠣᠭᠤᠳᠤᠭᠴᠢ ᠲᠡᠵᠢᠭᠡᠨ ᠦᠷᠡᠵᠢᠭᠦᠯᠬᠦ ᠡᠷᠦᠭᠡ ᠶᠢᠨ ᠭᠡᠷ ᠲᠤ ᠲᠣᠭᠲᠠᠮᠠᠯ | ᠬᠤᠭᠤᠴᠠᠭ᠎ᠠ ᠲᠠᠢ ᠪᠠᠷ ᠬᠦᠷᠴᠦ ᠬᠢᠵᠢᠭ ᠢ ᠰᠡᠷᠭᠡᠶᠢᠯᠡᠬᠦ︵ᠢᠷᠡᠯᠲᠡ᠄ ᠲᠦᠴᠢᠦᠸᠠᠨ ᠰᠢᠶᠠᠨ ᠤ ᠬᠠᠮ | ᠵᠠᠭᠤᠴᠢᠯᠠᠭᠤᠷ ᠤᠨ ᠲᠥᠪ︶ | ᠠᠵᠤ ᠦᠢᠯᠡᠰ ᠢ ᠰᠠᠶᠢᠲᠤᠷ ᠬᠥᠭᠵᠢᠭᠦᠯᠬᠦ ᠳᠤ ᠪᠡᠯᠡ ᠮᠥᠩᠭᠦ ᠪᠣᠯ ᠪᠠᠲᠤᠯᠠᠭ᠎ᠠ ᠮᠥᠨ᠃ ᠡᠭᠦᠨ ᠤ ᠲᠤᠯᠠᠳᠠ᠂ | ᠲᠦᠴᠢᠦᠸᠠᠨ ᠰᠢᠶᠠᠨ ᠤ ᠬᠢᠨ ᠰᠡᠳᠬᠢᠴᠡ ᠪᠠᠨ ᠰᠢᠨ᠎ᠡ ᠪᠠᠷ ᠡᠭᠦᠳᠴᠦ᠂ ︽ᠵᠠᠰᠠᠭ ᠤᠨ ᠣᠷᠳᠣᠨ + ᠪᠠᠩᠬᠢ︾ | ᠶᠢᠨ ᠳᠠᠭᠠᠭᠠᠯᠲᠠ ᠶᠢᠨ ᠵᠠᠭᠪᠤᠷ ᠢᠶᠠᠷ ᠳᠠᠮᠵᠢᠭᠤᠯᠤᠨ᠂ ᠲᠡᠵᠢᠭᠡᠨ ᠦᠷᠡᠵᠢᠭᠦᠯᠬᠦ ᠭᠤᠣᠯ ᠴᠣᠭᠴᠠ ᠶᠢᠨ ᠪᠡᠯᠡ | ᠲᠣᠬᠢᠷᠠᠭᠤᠯᠬᠤ ᠳᠤ ᠬᠦᠴᠢᠷᠲᠡᠢ᠂ ᠵᠢᠭᠡᠯᠡᠯᠭᠡ ᠵᠢᠭᠡᠯᠡᠬᠦ ᠳᠤ ᠬᠦᠴᠢᠷᠲᠡᠢ ᠪᠠᠶᠢᠬᠤ ᠠᠰᠠᠭᠤᠳᠠᠯ ᠢ ᠰᠢᠢᠳᠪᠦᠷᠢᠯᠡᠵᠡᠢ᠃ | ᠲᠦᠴᠢᠦᠸᠠᠨ ᠰᠢᠶᠠᠨ ᠤ ᠡᠳ᠋ ᠤᠨ ᠵᠠᠰᠠᠭ ᠠᠴᠠ ᠪᠠᠩᠬᠢ ᠳᠤ ᠠᠶᠤᠯ ᠲᠦᠭᠰᠢᠭᠦᠷᠢ ᠶᠢᠨ ᠪᠠᠲᠤᠯᠠᠪᠤᠷᠢ ᠶᠢᠨ ᠮᠥᠩᠭᠦ | ᠬᠠᠳᠠᠭᠠᠯᠠᠵᠤ᠂ ᠪᠠᠩᠬᠢ ᠠᠴᠠ ᠲᠡᠵᠢᠭᠡᠨ ᠦᠷᠡᠵᠢᠭᠦᠯᠬᠦ ᠡᠷᠦᠬᠡ ᠳᠤ ᠵᠢᠭᠡᠯᠡᠯᠭᠡ ᠬᠠᠩᠭᠠᠵᠠᠢ᠂ ᠡᠨᠡ ᠨᠢ ᠪᠦᠬᠦ ᠰᠢᠶᠠᠨ ᠤ | ᠦᠬᠡᠷ ᠤᠨ ᠠᠵᠤ ᠦᠢᠯᠡᠰ ᠤᠨ ᠬᠥᠭᠵᠢᠯᠲᠡ ᠳᠤ ᠪᠠᠲᠤ ᠴᠢᠩᠭ᠎ᠠ ᠮᠥᠩᠭᠦᠨ ᠭᠦᠢᠯᠭᠡᠭᠡᠨ ᠤ ᠥᠮᠥᠭ ᠲᠦᠰᠢᠭ ᠢ | ᠬᠠᠩᠭᠠᠵᠠᠢ᠃ | ᠲᠣᠮᠣ ᠦᠬᠡᠷ ᠤᠨ ᠠᠵᠤ ᠦᠢᠯᠡᠰ ᠢ ᠬᠥᠭᠵᠢᠭᠦᠯᠬᠦ ᠳᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ | ᠪᠣᠯ ᠵᠠᠩᠭᠢᠯᠠᠭ᠎ᠠ ᠪᠣᠯᠣᠨ᠎ᠠ᠃ ᠠᠵᠤ ᠦᠢᠯᠡᠰ ᠤᠨ ᠡᠷᠡᠭᠦᠯ ᠬᠥᠭᠵᠢᠯᠲᠡ ᠶᠢ ᠪᠠᠲᠤᠯᠠᠬᠤ ᠶᠢᠨ ᠲᠥᠯᠥᠭᠡ᠂ | ᠲᠦᠴᠢᠦᠸᠠᠨ ᠰᠢᠶᠠᠨ ᠳᠤ 2000 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠲᠦᠴᠢᠦᠸᠠᠨ ᠰᠢᠶᠠᠨ ᠤ ᠮᠠᠯ | ᠠᠵᠤ ᠠᠬᠤᠢ ᠮᠠᠯ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠢ ᠬᠡᠷᠡᠭᠵᠢᠭᠦᠯᠵᠦ᠂ ᠮᠠᠯ ᠠᠵᠤ ᠠᠬᠤᠢ ᠮᠠᠯ ᠡᠮᠨᠡᠯᠭᠡ ᠶᠢᠨ ᠲᠤᠷᠰᠢᠯᠲᠠ ᠶᠢᠨ ᠲᠠᠰᠤᠭ ᠤᠨ ᠭᠡᠷ ᠪᠠᠶᠢᠰᠢᠩ ᠤᠨ | ᠪᠦᠲᠦᠭᠡᠨ ᠪᠠᠶᠢᠭᠤᠯᠤᠯᠲᠠ᠂ ᠮᠠᠯ ᠠᠵᠤ ᠠᠬᠤᠢ ᠮᠠᠯ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠤᠨ ᠠᠵᠢᠯᠲᠠᠨ ᠤ | ᠪᠣᠯᠪᠠᠰᠤᠷᠠᠭᠤᠯᠤᠯ ᠵᠡᠷᠭᠡ ᠳᠤ ᠬᠡᠷᠡᠭᠯᠡᠵᠦ᠂ ᠬᠢᠵᠢᠭ ᠢ ᠰᠡᠷᠭᠡᠶᠢᠯᠡᠬᠦ᠂ ᠣᠨᠣᠰᠢᠯᠠᠨ ᠡᠮᠨᠡᠬᠦ᠂ ᠰᠠᠶᠢᠵᠢᠷᠠᠭᠤᠯᠬᠤ᠂ | ᠪᠣᠯᠪᠠᠰᠤᠷᠠᠭᠤᠯᠬᠤ ᠵᠡᠷᠭᠡ ᠣᠯᠠᠨ ᠴᠢᠳᠠᠮᠵᠢ ᠶᠢ ᠨᠢᠭᠡ ᠴᠣᠭᠴᠠᠵᠢᠭᠤᠯᠤᠭᠰᠠᠨ ︽ᠮᠠᠯ ᠠᠵᠤ ᠠᠬᠤᠢ 120︾ | ᠦᠢᠯᠡᠴᠢᠯᠡᠭᠡᠨ ᠤ ᠰᠢᠰᠲ᠋ᠧᠮ ᠢ ᠡᠭᠦᠳᠦᠨ ᠪᠠᠶᠢᠭᠤᠯᠵᠤ᠂ 1 ᠲᠥᠪ᠂ 3 ᠬᠡᠰᠡᠭ ᠲᠣᠭᠤᠷᠢᠭ᠂ 9 ᠦᠢᠯᠡᠴᠢᠯᠡᠭᠡᠨ ᠤ | ᠥᠷᠲᠡᠭᠡ ᠪᠠ 188 ᠦᠢᠯᠡᠴᠢᠯᠡᠭᠡᠨ ᠤ ᠴᠡᠭ ᠢ ᠪᠠᠶᠢᠭᠤᠯᠵᠤ᠂ ᠪᠥᠬᠦ ᠰᠢᠶᠠᠨ ᠤ ᠦᠬᠡᠷ ᠲᠡᠵᠢᠭᠡᠬᠦ ᠡᠷᠦᠬᠡ ᠳᠤ | ᠳ᠋ᠦᠩᠰᠢᠭᠤᠷ ᠰᠢᠬᠠᠮ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠪᠠᠭᠠᠰᠬᠠᠪᠠ᠃ | ᠬᠥᠳᠡᠭᠡ ᠲᠣᠰᠬᠤᠨ ᠳᠤ ︽ᠪᠠᠶᠠᠨ ᠲᠠᠩᠰᠤᠭ ᠡᠳ᠋ ᠬᠤᠭᠰᠢᠯ ᠲᠠᠢ᠂ ᠨᠣᠣᠰᠣ ᠲᠠᠢ ᠶᠢ ᠨᠢ ᠪᠤᠳᠤᠬᠤ ᠦᠭᠡᠢ︾ | ᠭᠡᠳᠡᠭ ᠬᠠᠭᠤᠴᠢ ᠦᠭᠡ ᠪᠠᠶᠢᠳᠠᠭ᠃ ᠦᠬᠡᠷ ᠬᠢᠵᠢᠭ ᠡᠪᠡᠳᠴᠢᠨ ᠢᠶᠠᠷ ᠦᠬᠦᠪᠡᠯ ᠲᠡᠵᠢᠭᠡᠨ ᠦᠷᠡᠵᠢᠭᠦᠯᠬᠦ ᠡᠷᠦᠬᠡ ᠳᠤ | ᠯᠤᠲᠤ ᠶᠡᠭᠡ ᠬᠤᠬᠢᠷᠠᠯ ᠤᠴᠠᠷᠠᠭᠤᠯᠳᠠᠭ᠂ ᠡᠨᠡ ᠪᠣᠯ ᠮᠠᠰᠢ ᠣᠯᠠᠨ ᠲᠡᠵᠢᠭᠡᠨ ᠦᠷᠡᠵᠢᠭᠦᠯᠬᠦ ᠡᠷᠦᠬᠡ ᠶᠢᠨ ᠶᠡᠷᠦ ᠶᠢᠨ | ᠪᠠᠶᠢᠳᠠᠯ ︽ᠵᠢᠷᠦᠬᠡᠨ ᠡᠪᠡᠳᠴᠢᠨ︾ ᠮᠥᠨ᠃ ᠲᠡᠵᠢᠭᠡᠨ ᠦᠷᠡᠵᠢᠭᠦᠯᠬᠦ ᠡᠷᠦᠬᠡ ᠳᠤ ᠦᠨᠡᠨ ᠬᠦ ᠠᠰᠢᠭ | ᠬᠦᠷᠲᠡᠭᠡᠬᠦ ᠶᠢᠨ ᠲᠥᠯᠥᠭᠡ᠂ ᠲᠦᠴᠢᠦᠸᠠᠨ ᠰᠢᠶᠠᠨ ᠤ ᠬᠢᠨ ᠪᠥᠬᠦ ᠰᠢᠶᠠᠨ ᠤ ᠪᠤᠳᠠ ᠮᠠᠯ ᠤᠨ ᠳᠠᠭᠠᠳᠬᠠᠯ ᠢ | ᠤᠯᠤᠰ ᠤᠨ ᠲᠥᠷᠥ ᠶᠢᠨ ᠪᠣᠳᠣᠯᠭ᠎ᠠ ᠶᠢᠨ ᠳᠠᠭᠠᠳᠬᠠᠯ ᠤᠨ ᠨᠥᠬᠦᠪᠦᠷᠢ ᠪᠦᠬᠦᠢ ᠠᠨ ᠬᠤᠸᠠ ᠳᠠᠭᠠᠳᠬᠠᠯ ᠤᠨ | ᠺᠣᠮᠫᠠᠨᠢ ᠳᠤ ᠲᠤᠰᠢᠶᠠᠨ ᠥᠭᠴᠦ ᠨᠢᠭᠡᠳᠦᠯᠲᠡᠢ ᠠᠵᠢᠯᠯᠠᠭᠤᠯᠤᠨ᠂ ᠮᠢᠬ᠎ᠠ ᠰᠠᠭᠠᠯᠢ ᠶᠢᠨ ᠦᠨᠢᠶ᠎ᠡ ᠶᠢ ᠬᠠᠮᠲᠤ ᠳᠤᠨᠢ | ᠬᠡᠷᠡᠭᠯᠡᠭᠦᠯᠵᠦ᠂ ᠦᠬᠡᠷ ᠨᠢᠭᠡᠪᠦᠷᠢ ᠳᠤ ᠵᠥᠪᠬᠡᠨ 100 ᠲᠥᠭᠦᠷᠢᠭ ᠤᠨ ᠳᠠᠭᠠᠳᠬᠠᠯ ᠳᠤ ᠣᠷᠣᠭᠤᠯᠪᠠᠯ ᠳᠠᠷᠤᠢ | 10000 ᠲᠥᠭᠦᠷᠢᠭ ᠤᠨ ᠳᠠᠭᠠᠳᠬᠠᠯ ᠤᠨ ᠮᠥᠩᠭᠦ ᠣᠯᠭᠤᠵᠤ ᠪᠣᠯᠣᠨ᠎ᠠ᠂ ᠡᠨᠡ ᠨᠢ ᠪᠠᠶᠢᠭᠠᠯᠢ ᠶᠢᠨ ᠭᠠᠮᠰᠢᠭ | ᠵᠢᠴᠢ ᠡᠪᠡᠳᠴᠢᠨ ᠡᠮᠭᠡᠭ ᠠᠴᠠ ᠪᠣᠯᠤᠭᠰᠠᠨ ᠠᠶᠤᠯ ᠲᠦᠭᠰᠢᠭᠦᠷᠢ ᠠᠴᠠ ᠪᠦᠲᠦᠮᠵᠢᠲᠡᠶ ᠪᠠᠷ ᠵᠠᠶᠢᠯᠠᠰᠬᠢᠵᠦ | ᠴᠢᠳᠠᠭᠰᠠᠨ ᠪᠠᠶᠢᠨ᠎ᠠ᠃ | ᠦᠬᠡᠷ ᠤᠨ ᠠᠵᠤ ᠦᠢᠯᠡᠰ ᠢ ᠪᠤᠵᠠᠭᠠᠶᠢᠷᠠᠭᠤᠯᠤᠨ᠎ᠠ ︱ ᠲᠣᠳᠠᠭᠳᠠᠯ ᠢ ᠨᠥᠬᠦᠪᠦᠷᠢᠯᠡᠵᠦ ᠭᠢᠨᠵᠢ ᠶᠢ | ᠤᠷᠲᠤᠳᠬᠠᠨ᠎ᠠ | ᠭᠤᠷᠪᠠᠨ ᠵᠢᠯ ᠳᠤ ᠰᠠᠭᠤᠷᠢ ᠲᠠᠯᠪᠢᠵᠤ᠂ ᠲᠠᠪᠤᠨ ᠵᠢᠯ ᠳᠤ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠤᠨ᠎ᠠ᠃ | ᠦᠬᠡᠷ ᠢ ᠠᠷᠪᠢᠨ ᠲᠡᠵᠢᠭᠡᠴᠢᠪᠡᠯ ᠰᠠᠶᠢᠨ ᠦᠨ᠎ᠡ ᠪᠠᠷ ᠬᠤᠳᠠᠯᠳᠤᠵᠤ ᠴᠢᠳᠠᠨ᠎ᠠ ᠦᠦ︖ ᠦᠭᠡᠢ ᠦᠦ︖ ᠠᠵᠤ | ᠦᠢᠯᠡᠰ ᠤᠨ ᠬᠡᠯᠬᠢᠶ᠎ᠡ ᠶᠢ ᠬᠡᠷᠬᠢᠨ ᠤᠷᠲᠤᠳᠬᠠᠵᠤ᠂ ᠦᠢᠯᠡᠳᠬᠦᠨ ᠤ ᠨᠡᠮᠡᠯᠲᠡ ᠦᠷᠳᠡᠭ ᠢ ᠬᠡᠷᠬᠢᠨ ᠳᠡᠭᠡᠭᠰᠢᠯᠡᠭᠦᠯᠬᠦ | ᠪᠤᠢ︖ ᠡᠲᠡᠭᠡᠷ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠲᠦᠴᠢᠦᠸᠠᠨ ᠰᠢᠶᠠᠨ ᠤᠷᠢᠳ ᠬᠤᠵᠢᠳ 10 | ᠲᠦᠮᠡᠨ ᠠᠯᠠᠰᠢᠨ ᠦᠬᠡᠷ ᠪᠣᠷᠳᠣᠵᠤ ᠲᠠᠷᠭᠤᠯᠠᠭᠤᠯᠬᠤ ᠲᠠᠯᠠᠪᠠᠶ ᠵᠡᠷᠭᠡ ᠦᠬᠡᠷ ᠤᠨ ᠠᠵᠤ ᠦᠢᠯᠡᠰ ᠤᠨ ᠲᠥᠷᠥᠯ | ᠵᠦᠢᠯ ᠢ ᠪᠠᠶᠢᠭᠤᠯᠵᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ᠂ ᠨᠢᠲᠤᠯᠵᠤ ᠪᠣᠯᠪᠠᠰᠤᠷᠠᠭᠤᠯᠬᠤ᠂ | ᠪᠦᠲᠦᠭᠡᠭᠳᠡᠬᠦᠨ ᠤ ᠪᠣᠷᠤᠯᠠᠭᠤᠯᠭ᠎ᠠ ᠶᠢ ᠨᠢᠭᠡ ᠴᠣᠭᠴᠠᠵᠢᠭᠤᠯᠤᠭᠰᠠᠨ ᠪᠥᠬᠦ ᠠᠵᠤ ᠦᠢᠯᠡᠰ ᠤᠨ ᠬᠡᠯᠬᠢᠶ᠎ᠡ ᠶᠢ | ᠪᠠᠶᠢᠭᠤᠯᠬᠤ ᠪᠠᠷ ᠴᠢᠷᠮᠠᠶᠢᠵᠤ᠂ ᠦᠬᠡᠷ ᠤᠨ ᠠᠵᠤ ᠦᠢᠯᠡᠰ ᠨᠢ ᠪᠥᠬᠦ ᠰᠢᠶᠠᠨ ᠤ ᠭᠤᠣᠯ ᠲᠤᠯᠭᠠᠭᠤᠷᠢ ᠠᠵᠤ | ᠦᠢᠯᠡᠰ ᠪᠣᠯᠵᠤ ᠳᠡᠪᠰᠢᠬᠦ ᠪᠠᠷ ᠪᠠᠶᠢᠨ᠎ᠠ᠃ | | | | | | ᠥᠪᠥᠷ ᠮᠣᠩᠭᠤᠯ ᠤᠨ ᠯᠢᠦᠢ ᠹᠧᠩ ᠴᠢᠤᠸᠠᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠬᠡᠷ ᠬᠤᠨᠢᠨ ᠤ ᠬᠦᠢᠲᠡᠨ ᠬᠡᠯᠬᠢᠶᠡᠲᠦ ᠡᠳ᠋ᠰᠢᠭᠦᠯᠬᠦ ᠲᠥᠪ ᠤᠨ ᠮᠢᠬᠠᠨ ᠤ | ᠪᠦᠲᠦᠭᠡᠭᠳᠡᠬᠦᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠲᠤᠬᠠᠢ ᠶᠢᠨ ᠲᠠᠯᠠᠪᠠᠶ᠃︵ᠢᠷᠡᠯᠲᠡ᠄ ᠲᠦᠴᠢᠦᠸᠠᠨ | ᠰᠢᠶᠠᠨ ᠤ ᠬᠠᠮ ᠵᠠᠭᠤᠴᠢᠯᠠᠭᠤᠷ ᠤᠨ ᠲᠥᠪ︶ | ︽ᠦᠬᠡᠷ ᠢ ᠲᠦᠴᠢᠦᠸᠠᠨ ᠳᠤ ᠲᠡᠵᠢᠭᠡᠵᠦ᠂ ᠮᠢᠬ᠎ᠠ ᠶᠢ ᠪᠦᠬᠦ ᠤᠯᠤᠰ ᠲᠤ ᠬᠤᠳᠠᠯᠳᠤᠳᠠᠭ︾ ᠥᠪᠥᠷ | ᠮᠣᠩᠭᠤᠯ ᠤᠨ ᠯᠢᠦᠢ ᠹᠧᠩ ᠴᠢᠤᠸᠠᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ ᠶᠢᠨ ᠦᠬᠡᠷ ᠬᠤᠨᠢ ᠡᠳ᠋ᠰᠢᠭᠦᠯᠦᠨ ᠦᠢᠯᠡᠳᠪᠦᠷᠢᠯᠡᠵᠦ ᠲᠣᠬᠢᠷᠠᠭᠤᠯᠤᠨ ᠬᠦᠷᠭᠡᠬᠦ ᠲᠥᠪ ᠤᠨ | ᠨᠢᠲᠤᠯᠵᠤ ᠰᠠᠯᠭᠠᠬᠤ ᠦᠢᠯᠡᠳᠪᠦᠷᠢ ᠶᠢᠨ ᠲᠠᠰᠤᠭ ᠲᠤ ᠣᠷᠣᠬᠤ ᠳᠤ᠂ ᠠᠵᠢᠯᠴᠢᠳ ᠶᠠᠭ ᠦᠬᠡᠷ ᠤᠨ ᠮᠢᠬᠠᠨ ᠤ | ᠠᠳᠠᠯᠢ ᠪᠤᠰᠤ ᠬᠡᠰᠡᠭ ᠢ ᠰᠠᠯᠭᠠᠵᠤ ᠪᠠᠶᠢᠨ᠎ᠠ᠃ ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠳᠤ ᠨᠡᠶᠢᠲᠡ 1.2 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠵᠢᠯ ᠳᠤ 50 ᠲᠦᠮᠡᠨ ᠠᠯᠠᠰᠢᠨ ᠬᠤᠨᠢ᠂ 10 ᠲᠦᠮᠡᠨ | ᠠᠯᠠᠰᠢᠨ ᠦᠬᠡᠷ ᠢ ᠨᠢᠲᠤᠯᠵᠤ ᠡᠳ᠋ᠰᠢᠭᠦᠯᠦᠨ ᠪᠣᠯᠪᠠᠰᠤᠷᠠᠭᠤᠯᠵᠤ᠂ ᠬᠦᠢᠲᠡᠨ ᠬᠡᠯᠬᠢᠶᠡᠲᠦ ᠡᠳ᠋ ᠪᠠᠷᠠᠭᠠᠨ ᠤ | ᠭᠦᠢᠯᠭᠡᠭᠡᠨ ᠤ ᠲᠥᠪ ᠢᠶᠠᠷ ᠳᠠᠮᠵᠢᠭᠤᠯᠤᠨ᠂ ᠦᠬᠡᠷ ᠤᠨ ᠮᠢᠬ᠎ᠠ ᠶᠢ ᠪᠥᠬᠦ ᠤᠯᠤᠰ ᠤᠨ ᠡᠯ᠎ᠡ ᠭᠠᠵᠠᠷ ᠲᠤ | ᠪᠣᠷᠣᠯᠠᠭᠤᠯᠤᠨ᠎ᠠ᠃ | ᠥᠪᠥᠷ ᠮᠣᠩᠭᠤᠯ ᠤᠨ ᠯᠢᠦᠢ ᠹᠧᠩ ᠴᠢᠤᠸᠠᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠬᠡᠷ ᠬᠤᠨᠢ ᠶᠢ ᠡᠳ᠋ᠰᠢᠭᠦᠯᠦᠨ ᠦᠢᠯᠡᠳᠪᠦᠷᠢᠯᠡᠵᠦ ᠲᠣᠬᠢᠷᠠᠭᠤᠯᠤᠨ | ᠬᠦᠷᠭᠡᠬᠦ ᠲᠥᠪ ᠤᠨ ᠳᠡᠳ᠋ ᠶᠡᠷᠦᠩᠬᠡᠢ ᠳᠠᠭᠠᠭᠠᠮᠠᠯ ᠵᠠᠩ ᠪᠥᠸᠧ ᠶᠢᠨ ᠲᠠᠨᠢᠯᠴᠠᠭᠤᠯᠤᠭᠰᠠᠨ ᠢᠶᠠᠷ᠂ ᠠᠯᠠᠰᠢᠨ ᠦᠬᠡᠷ | ᠠᠯᠠᠰᠢᠨ ᠬᠤᠨᠢ ᠶᠢ ᠨᠢᠲᠤᠯᠵᠤ ᠭᠦᠨᠵᠡᠭᠡᠢ ᠡᠳ᠋ᠰᠢᠭᠦᠯᠬᠦ ᠲᠥᠪ ᠪᠣᠯ ᠲᠦᠴᠢᠦᠸᠠᠨ ᠰᠢᠶᠠᠨ ᠤ ᠦᠬᠡᠷ ᠤᠨ ᠠᠵᠤ | ᠦᠢᠯᠡᠰ ᠢ ᠬᠥᠭᠵᠢᠭᠦᠯᠬᠦ ᠴᠢᠬᠤᠯᠠ ᠢᠵᠢ ᠪᠦᠷᠢᠳᠦᠭᠦᠯᠬᠦ ᠲᠥᠬᠦᠭᠡᠷᠦᠮᠵᠢ ᠪᠣᠯᠣᠨ᠎ᠠ᠃ ᠲᠣᠰ ᠲᠥᠪ ᠲᠤ ᠨᠢᠲᠤᠯᠵᠤ | ᠰᠠᠯᠭᠠᠬᠤ ᠦᠢᠯᠡᠳᠪᠦᠷᠢ ᠶᠢᠨ ᠲᠠᠰᠤᠭ᠂ ᠪᠤᠯᠭᠤᠭᠰᠠᠨ ᠮᠢᠬᠠᠨ ᠤ ᠵᠦᠢᠯ ᠤᠨ ᠦᠢᠯᠡᠳᠪᠦᠷᠢ ᠶᠢᠨ ᠲᠠᠰᠤᠭ᠂ | ᠲᠦᠷᠭᠡᠨ ᠬᠥᠯᠳᠡᠭᠡᠬᠦ ᠢᠳᠡᠭᠡᠨ ᠤ ᠦᠢᠯᠡᠳᠪᠦᠷᠢ ᠶᠢᠨ ᠲᠠᠰᠤᠭ᠂ ᠬᠥᠯᠳᠡᠭᠡᠬᠦ ᠮᠠᠰᠢᠨ ᠤ ᠥᠷᠥᠭᠡ᠂ ᠬᠥᠯᠳᠡᠭᠡᠬᠦ | ᠬᠥᠮᠥᠷᠭᠡ ᠵᠡᠷᠭᠡ ᠦᠢᠯᠡᠳᠪᠦᠷᠢᠯᠡᠯ ᠤᠨ ᠢᠨᠵᠧᠨᠧᠷᠢᠩ ᠤᠨ ᠲᠥᠬᠦᠭᠡᠷᠦᠮᠵᠢ ᠲᠠᠢ ᠪᠥᠭᠡᠳ ᠪᠠᠰᠠ ᠦᠬᠡᠷ ᠬᠤᠨᠢᠨ ᠤ | ᠨᠢᠲᠤᠯᠬᠤ ᠶᠢ ᠬᠦᠯᠢᠶᠡᠬᠦ ᠬᠠᠰᠢᠶ᠎ᠠ᠂ ᠲᠤᠰᠠᠭᠠᠷᠯᠠᠬᠤ ᠬᠠᠰᠢᠶ᠎ᠠ᠂ ᠲᠦᠷᠭᠡᠨ ᠨᠢᠲᠤᠯᠬᠤ ᠬᠢᠮᠢ ᠶᠢᠨ ᠲᠠᠰᠤᠭ ᠵᠡᠷᠭᠡ | ᠲᠤᠰᠠᠯᠠᠬᠤ ᠢᠨᠵᠧᠨᠧᠷᠢᠩ ᠤᠨ ᠲᠥᠬᠦᠭᠡᠷᠦᠮᠵᠢ ᠲᠠᠢ ᠪᠠᠶᠢᠵᠤ᠂ 150 ᠠᠵᠢᠯ ᠤᠨ ᠪᠠᠶᠢᠷᠢ ᠬᠠᠩᠭᠠᠵᠤ ᠪᠣᠯᠣᠨ᠎ᠠ᠃ | ᠣᠳᠣᠬᠠᠨ ᠳᠤ᠂ ᠥᠪᠥᠷ ᠮᠣᠩᠭᠤᠯ ᠤᠨ ᠯᠢᠦᠢ ᠹᠧᠩ ᠴᠢᠤᠸᠠᠨ ᠲᠠᠷᠢᠶᠠᠯᠠᠩ ᠮᠠᠯ ᠠᠵᠤ ᠠᠬᠤᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠦᠬᠡᠷ ᠬᠤᠨᠢᠨ ᠤ ᠬᠦᠢᠲᠡᠨ ᠬᠡᠯᠬᠢᠶᠡᠲᠦ ᠡᠳ᠋ᠰᠢᠭᠦᠯᠬᠦ | ᠲᠥᠪ ᠤᠨ ᠮᠢᠬᠠᠨ ᠤ ᠪᠦᠲᠦᠭᠡᠭᠳᠡᠬᠦᠨ ᠢ ᠨᠢᠭᠡᠨᠲᠡ ᠪᠡᠭᠡᠵᠢᠩ᠂ ᠾᠧᠪᠧᠢ ᠵᠡᠷᠭᠡ ᠭᠠᠵᠠᠷ ᠤᠨ ᠰᠦᠯᠵᠢᠶᠡᠨ ᠠᠴᠠ | ᠭᠠᠳᠠᠭᠤᠷᠬᠢ ᠰᠢᠭᠤᠳ ᠬᠠᠩᠭᠠᠬᠤ ᠴᠡᠭ ᠲᠤ ᠰᠢᠭᠤᠳ ᠬᠠᠩᠭᠠᠵᠤ᠂ ᠲᠣᠭᠲᠠᠮᠠᠯ ᠵᠣᠴᠢᠨ ᠡᠷᠦᠬᠡ ᠶᠢᠨ ᠢᠷᠡᠯᠲᠡ ᠶᠢ | ᠪᠣᠶ ᠪᠣᠯᠭᠠᠭᠰᠠᠨ ᠪᠠᠶᠢᠨ᠎ᠠ᠃ ᠲᠣᠰ ᠲᠥᠪ ᠨᠢ ᠪᠠᠰᠠ ᠰᠦᠯᠵᠢᠶᠡᠨ ᠳᠡᠭᠡᠷᠡᠬᠢ ᠪᠣᠷᠤᠯᠠᠭᠤᠯᠭ᠎ᠠ᠂ ᠢᠳᠡᠭᠡᠨ ᠤᠮᠳᠠᠭᠠᠨ | ᠂ ᠵᠢᠵᠢᠭᠯᠡᠨ ᠬᠤᠳᠠᠯᠳᠤᠬᠤ ᠳᠡᠯᠭᠡᠭᠦᠷ ᠵᠡᠷᠭᠡ ᠬᠠᠮᠢᠶ᠎ᠠ ᠪᠦᠬᠦᠢ ᠢᠵᠢ ᠪᠦᠷᠢᠳᠦᠭᠦᠯᠬᠦ ᠠᠵᠤ ᠦᠢᠯᠡᠰ ᠢ ᠨᠡᠭᠡᠭᠡᠨ | ᠬᠥᠭᠵᠢᠭᠦᠯᠵᠦ᠂ ᠬᠡᠷᠡᠭᠯᠡᠭᠴᠢᠳ ᠤᠨ ᠲᠠᠭᠠᠰᠢᠶᠠᠯ ᠢ ᠶᠡᠬᠡᠳᠡ ᠣᠯᠣᠭᠰᠠᠨ ᠪᠠᠶᠢᠨ᠎ᠠ᠃ | ᠴᠢᠨᠡᠭᠡᠯᠢᠭ ᠠᠮᠢᠳᠤᠷᠠᠯ ᠢ ᠥᠩᠭᠡᠷᠡᠭᠦᠯᠬᠦ ᠳᠤ ︱ ᠨᠢᠭᠡ ︽ᠦᠬᠡᠷ︾ ᠲᠦᠷᠦᠭᠦᠯᠡᠵᠦ ᠵᠠᠭᠤᠨ ︽ᠦᠬᠡᠷ︾ | ᠪᠤᠯᠢᠶᠠᠯᠳᠤᠨ᠎ᠠ | ︽ ᠰᠠᠶᠢᠨ ᠨᠠᠶᠢᠵᠠ ᠡ᠂ ᠲᠠ ᠪᠦᠬᠦᠨ ᠤ ᠮᠢᠨᠤ ᠰᠢᠭᠤᠳ ᠨᠡᠪᠲᠡᠷᠡᠭᠦᠯᠭᠡ ᠶᠢᠨ ᠲᠠᠰᠤᠭ ᠲᠤ ᠢᠷᠡᠭᠰᠡᠨ ᠳᠤ | ᠪᠠᠶᠠᠷᠯᠠᠨ ᠤᠭᠲᠤᠵᠤ ᠪᠠᠶᠢᠨ᠎ᠠ᠂ ᠳᠡᠭᠡᠷ᠎ᠡ ᠤᠳᠠᠭ᠎ᠠ ᠠᠩᠬᠠᠷᠣᠭᠴᠢ ᠨᠠᠳᠠ ᠠᠴᠠ ᠦᠬᠡᠷ ᠰᠠᠭᠤᠯᠭᠠᠪᠠᠯ ᠶᠠᠭᠠᠬᠢᠬᠤ ᠪᠣᠶ | ᠭᠡᠵᠦ ᠠᠰᠠᠭᠤᠵᠠᠢ᠂ ᠣᠲᠣ ᠪᠠᠷ ᠢᠶᠠᠨ ᠣᠯᠠᠨ ᠳᠤ ᠨᠢᠭᠡ ᠮᠡᠷᠭᠡᠨ ᠠᠷᠭ᠎ᠠ ᠵᠢᠭᠠᠵᠤ ᠥᠭᠭᠦᠶ᠎ᠡ ᠁︾ ᠭᠡᠵᠦ ︽ | ᠦᠬᠡᠷᠴᠢᠨ ᠦᠬᠡᠷ ᠢᠶᠠᠨ ᠬᠡᠯᠡᠨ᠎ᠡ︾ ᠭᠡᠬᠦ ᠲᠦᠷᠭᠡᠨ ᠨᠡᠪᠲᠡᠷᠡᠭᠦᠯᠭᠡ ᠶᠢᠨ ᠲᠠᠰᠤᠭ ᠲᠤ᠂ ᠲᠦᠴᠢᠦᠸᠠᠨ ᠰᠢᠶᠠᠨ ᠤ | ᠲᠠᠢ ᠫᠢᠩ ᠰᠢᠶᠠᠩ ᠤᠨ ᠰᠠᠢ ᠶᠢᠨ ᠬᠤᠸᠠ ᠲᠣᠰᠬᠤᠨ ᠤ ᠨᠠᠮ ᠤᠨ ᠡᠭᠦᠷ ᠤᠨ ᠱᠦᠵᠢ ᠬᠤᠸᠠᠩ ᠶᠢᠨ ᠴᠠᠩ | ᠠᠩᠬᠠᠷᠣᠭᠴᠢᠳ ᠲᠤ ᠠᠰᠠᠭᠤᠯᠲᠠ ᠬᠠᠷᠢᠭᠤᠯᠵᠤ ᠪᠠᠶᠢᠯ᠎ᠠ᠂ ᠨᠢᠭᠡ ᠤᠳᠠᠭᠠᠨ ᠤ ᠰᠢᠭᠤᠳ ᠨᠡᠪᠲᠡᠷᠡᠭᠦᠯᠭᠡ ᠶᠢ | ᠦᠵᠡᠪᠡᠯ ᠨᠡᠶᠢᠲᠡ ᠲᠦᠮᠡ ᠭᠠᠷᠤᠢ ᠬᠥᠮᠥᠨ ᠤᠳᠠᠭ᠎ᠠ ᠭᠦᠶᠦᠭᠰᠡᠨ ᠪᠠᠶᠢᠨ᠎ᠠ᠃ | | | | | | ᠬᠤᠸᠠᠩ ᠶᠢᠨ ᠴᠠᠩ ᠦᠬᠡᠷ ᠲᠡᠭᠡᠨ ᠪᠣᠷᠳᠤᠭ᠎ᠠ ᠲᠡᠵᠢᠭᠡᠵᠦ ᠪᠠᠶᠢᠨ᠎ᠠ᠃︵ᠢᠷᠡᠯᠲᠡ᠄ ᠲᠦᠴᠢᠦᠸᠠᠨ ᠰᠢᠶᠠᠨ ᠤ | ᠬᠠᠮ ᠵᠠᠭᠤᠴᠢᠯᠠᠭᠤᠷ ᠤᠨ ᠲᠥᠪ︶ | 2012 ᠣᠨ ᠳᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠢ ᠬᠥᠭᠵᠢᠭᠦᠯᠦᠭᠰᠡᠨ ᠠᠴᠠ ᠨᠠᠰᠢ᠂ ᠬᠤᠸᠠᠩ | ᠶᠢᠨ ᠴᠠᠩ ᠤᠨ ᠰᠢᠮᠧᠨ᠋ᠲ᠋ᠠᠷ ᠤᠨ ᠠᠯᠠᠰᠢᠨ ᠦᠬᠡᠷ ᠤᠨ ᠲᠤᠭ᠎ᠠ ᠨᠢᠭᠡᠨᠲᠡ 130 ᠭᠠᠷᠤᠢ ᠪᠣᠯᠵᠤ᠂ ᠵᠢᠯ ᠤᠨ | ᠣᠷᠣᠯᠭ᠎ᠠ ᠨᠢ 60 ᠭᠠᠷᠤᠢ ᠲᠦᠮᠡᠨ ᠲᠥᠭᠦᠷᠢᠭ ᠲᠤ ᠬᠦᠷᠴᠡᠢ᠃ ᠦᠬᠡᠷ ᠲᠡᠵᠢᠭᠡᠭᠡᠳ ᠠᠮᠵᠢᠯᠲᠠ ᠣᠯᠣᠭᠰᠠᠨ ᠤ | ᠲᠠᠷᠠᠭ᠎ᠠ᠂ ᠲᠡᠷᠡ ᠰᠠᠨᠠᠭᠠᠴᠢᠯᠠᠭ᠎ᠠ ᠠᠴᠠ ᠪᠠᠨ ᠲᠣᠰᠬᠤᠨ ᠤ ᠲᠡᠰ ᠤᠨ ᠠᠵᠤ ᠦᠢᠯᠡᠰ ᠤᠨ ᠵᠢᠭᠠᠨ | ᠵᠢᠯᠣᠭᠤᠳᠤᠭᠴᠢ ᠶᠢᠨ ᠡᠭᠦᠷᠭᠡ ᠶᠢ ᠡᠭᠦᠷᠭᠡᠯᠡᠵᠦ᠂ ᠲᠣᠰᠬᠤᠨ ᠤ ᠠᠷᠠᠳ ᠲᠤ ᠦᠬᠡᠷ ᠲᠡᠵᠢᠭᠡᠬᠦ ᠲᠤᠷᠰᠢᠯᠭ᠎ᠠ | ᠤᠯᠠᠮᠵᠢᠯᠠᠵᠤ᠂ ᠲᠣᠰᠬᠤᠨ ᠤ ᠠᠷᠠᠳ ᠢ ᠬᠠᠪᠰᠤᠷᠤᠨ ᠲᠡᠵᠢᠭᠡᠨ ᠦᠷᠡᠵᠢᠭᠦᠯᠬᠦ ᠦᠢᠯᠡᠰ ᠢ ᠨᠢ ᠬᠥᠭᠵᠢᠭᠦᠯᠵᠦ | ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠡᠭᠦᠷᠭᠡ ᠶᠢ ᠡᠭᠦᠷᠭᠡᠯᠡᠪᠡ᠃ ᠭᠠᠴᠠᠭᠠᠨ ᠤ ᠠᠷᠠᠳ ᠦᠬᠡᠷ ᠲᠡᠵᠢᠭᠡᠬᠦ | ᠲᠠᠯ᠎ᠠ ᠪᠠᠷ ᠠᠰᠠᠭᠤᠳᠠᠯ ᠲᠤᠯᠭᠠᠷᠠᠪᠠᠯ ᠰᠠᠨᠠᠭᠠᠴᠢᠯᠠᠭ᠎ᠠ ᠠᠴᠠ ᠪᠠᠨ ᠬᠠᠪᠰᠤᠷᠬᠤ ᠶᠢᠨ ᠬᠠᠮᠲᠤ ᠦᠨᠢᠶᠡᠨ ᠤ | ᠬᠡᠭᠡᠯᠲᠦᠭᠦᠯᠭᠡ ᠶᠢ ᠦᠨ᠎ᠡ ᠲᠥᠯᠥᠪᠦᠷᠢ ᠦᠭᠡᠢ ᠪᠠᠷ ᠬᠠᠩᠭᠠᠵᠤ ᠥᠭᠲᠡᠭ᠃ | ︽ᠦᠬᠡᠷ ᠲᠡᠵᠢᠭᠡᠬᠦ ᠳᠤ ᠶᠠᠳᠠᠷᠠᠬᠤ ᠦᠭᠡᠢ ᠪᠣᠯᠪᠠᠴᠤ ᠨᠠᠷᠢᠨ ᠨᠢᠮᠪᠠᠢ ᠠᠵᠢᠯ ᠬᠢᠳᠡᠭ᠂ ᠡᠳᠦᠷ ᠪᠦᠷᠢ ᠡᠪᠡᠰᠦ | ᠬᠡᠷᠴᠢᠵᠦ᠂ ᠣᠰᠣᠯᠠᠵᠣ᠂ ᠦᠬᠡᠷ ᠤᠨ ᠬᠠᠰᠢᠶ᠎ᠠ ᠶᠢ ᠬᠤᠷᠢᠶᠠᠵᠤ᠂ ᠦᠯᠡᠳᠡᠭᠰᠡᠨ ᠴᠠᠭ ᠢᠶᠠᠷ ᠢᠶᠠᠨ ᠪᠠᠰᠠ ᠰᠢᠭᠤᠳ | ᠨᠠᠪᠲᠠᠷᠡᠭᠦᠯᠵᠦ ᠪᠣᠯᠣᠨ᠎ᠠ᠂ ᠠᠩᠬᠠᠷᠣᠭᠴᠢ ᠨᠢ ᠴᠦ ᠥᠰᠦᠭᠡᠳ᠂ ᠴᠥᠭᠡᠨ ᠪᠤᠰᠤ ᠬᠥᠮᠥᠰ ᠦᠬᠡᠷ ᠬᠤᠳᠠᠯᠳᠤᠨ | ᠠᠪᠬᠤ ᠰᠠᠨᠠᠭ᠎ᠠ ᠪᠠᠨ ᠢᠯᠡᠳᠬᠡᠵᠦ ᠪᠠᠶᠢᠨ᠎ᠠ︾᠃ ᠬᠤᠸᠠᠩ ᠶᠢᠨ ᠴᠠᠩ ᠬᠡᠯᠡᠬᠦ ᠳᠡᠭᠡᠨ᠂ ᠪᠢ ᠭᠡᠷ ᠲᠡᠭᠡᠨ | ᠲᠤᠰᠬᠠᠶᠢᠯᠠᠨ ᠰᠢᠭᠤᠳ ᠨᠡᠪᠲᠡᠷᠡᠭᠦᠯᠬᠦ ᠲᠠᠰᠤᠭ ᠪᠠᠶᠢᠭᠤᠯᠵᠤ᠂ ᠡᠨᠡ ᠬᠦ ᠶᠠᠪᠤᠳᠠᠯ ᠢ ᠪᠠᠷᠢᠮᠲᠠᠯᠠᠨ᠂ ᠨᠠᠩ ᠣᠯᠠᠨ | ᠬᠥᠮᠥᠰ ᠢ ᠳᠠᠶᠢᠴᠢᠯᠠᠨ ᠦᠬᠡᠷ ᠲᠡᠵᠢᠭᠡᠵᠦ ᠪᠠᠶᠠᠵᠢᠬᠤ ᠵᠠᠮ ᠢᠶᠠᠷ ᠵᠠᠮᠨᠠᠭᠤᠯᠬᠤ ᠪᠠᠷ ᠪᠠᠶᠢᠨ᠎ᠠ ᠭᠡᠵᠡᠢ᠃ | ᠬᠢᠵᠠᠭᠠᠷ ᠲᠠᠢ ᠡᠬᠢ ᠪᠠᠶᠠᠯᠢᠭ ᠤᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ | ᠬᠥᠮᠥᠨ ᠦᠭᠡᠢ ᠡᠷᠳᠡᠨᠢ ᠰᠢᠰᠢ ᠶᠢᠨ ᠡᠰᠢ ᠰᠦᠷᠡᠯ ᠢ ᠣᠷᠴᠢᠨ ᠲᠣᠭᠤᠷᠢᠨ ᠤ ᠬᠠᠮᠠᠭᠠᠯᠠᠯᠲᠠ ᠳᠤ ᠠᠰᠢᠭᠲᠠᠢ | ᠦᠬᠡᠷ ᠤᠨ ᠲᠡᠵᠢᠭᠡᠯ ᠪᠣᠷᠳᠤᠭ᠎ᠠ ᠪᠣᠯᠭᠠᠨ ᠬᠤᠪᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠤᠤᠬᠢᠶ᠎ᠠ ᠮᠣᠳᠣ ᠶᠢ ᠳᠤᠰᠴᠤ᠂ ᠲᠦᠴᠢᠦᠸᠠᠨ ᠰᠢᠶᠠᠨ ᠤ ᠦᠬᠡᠷ ᠤᠨ ᠠᠵᠤ ᠦᠢᠯᠡᠰ ᠳᠡᠭᠡᠳᠦ ᠳᠡᠰ ᠳᠠᠪᠬᠤᠷᠭ᠎ᠠ ᠪᠠ | ᠰᠢᠨ᠎ᠡ ᠠᠬᠤᠢ ᠪᠠᠶᠢᠳᠠᠯ ᠳᠤ ᠣᠷᠣᠵᠤ᠂ ᠣᠨᠴᠠᠯᠢᠭ ᠢᠶᠠᠷ ᠨᠡᠩ ᠢᠯᠡ ᠲᠣᠳᠣ᠂ ᠠᠯᠳᠠᠷᠰᠢᠯ ᠢᠶᠠᠷ ᠨᠡᠩ ᠥᠨᠳᠥᠷ᠂ | ᠨᠥᠯᠥᠭᠡᠯᠡᠬᠦ ᠬᠦᠴᠦᠨ ᠢᠶᠠᠷ ᠨᠡᠩ ᠴᠢᠩᠭ᠎ᠠ ᠮᠠᠯ ᠠᠵᠤ ᠠᠬᠤᠢ ᠶᠢᠨ ᠬᠦᠴᠦᠷᠬᠡᠭ ᠠᠵᠤ ᠦᠢᠯᠡᠰ ᠪᠣᠯᠵᠤ ᠪᠠᠶᠢᠨ᠎ᠠ᠃ | ᠣᠳᠣᠬᠠᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠮᠢᠵᠢᠷᠠᠯ ᠤᠨ ᠬᠦᠴᠦᠨ ᠢᠶᠠᠷ ᠪᠢᠯᠬᠠᠮ᠎ᠠ | ᠵᠢᠷᠤᠭ ᠲᠦᠴᠢᠦᠸᠠᠨ ᠰᠢᠶᠠᠨ ᠳᠤ ᠠᠯᠭᠤᠷᠬᠠᠨ ᠢᠶᠠᠷ ᠳᠡᠯᠭᠡᠭᠳᠡᠵᠦ ᠪᠠᠶᠢᠨ᠎ᠠ᠃ | | |