ᠦᠰᠦᠭ ᠪᠢᠴᠢᠭ ᠤᠨ ᠲᠠᠶᠢᠯᠤᠮᠵᠢ᠄ ︽2022 ᠣᠨ ᠤ ᠪᠥᠬᠦ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ ᠬᠤᠯᠪᠣᠭᠳᠠᠯ ᠪᠦᠬᠦᠢ  ᠵᠦᠢᠯᠡᠰ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2022/6/20
     ᠲᠥᠷᠥ ᠶᠢᠨ ᠶᠠᠪᠤᠳᠠᠯ ᠤᠨ ᠬᠤᠷᠢᠶᠠᠨ ᠤ ︽ᠨᠡᠶᠢᠭᠡᠮ ᠤᠨ ᠠᠪᠤᠷᠠᠨ ᠲᠤᠰᠠᠯᠠᠬᠤ ᠲᠦᠷ ᠬᠡᠷᠡᠭᠵᠢᠭᠦᠯᠬᠦ ᠠᠷᠭ᠎ᠠ︾ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂  ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠬᠦ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ  ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠢ ᠪᠠᠲᠤᠯᠠᠬᠤ ᠬᠢᠷᠢ  ᠲᠦᠪᠰᠢᠨ ᠢ ᠦᠨᠡᠨ ᠬᠦ ᠳᠡᠭᠡᠭᠰᠢᠯᠡᠭᠦᠯᠬᠦ ᠱᠠᠭᠠᠷᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠣᠶᠢᠷ᠎ᠠ ᠳᠤ ︽2022 ᠣᠨ ᠤ ᠪᠥᠬᠦ  ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢᠨ ᠬᠤᠯᠪᠣᠭᠳᠠᠯ ᠪᠦᠬᠦᠢ ᠵᠦᠢᠯᠡᠰ ᠤᠨ ᠲᠤᠬᠠᠢ ᠮᠡᠳᠡᠭᠳᠡᠯ︾ ︵ᠥᠪᠥᠷ ᠵᠠᠰᠠᠭ ᠥᠰᠥᠭ ︹2022︺  40 ᠳ᠋ᠦ᠋ᠭᠡᠷ ᠲᠣᠭᠠᠲᠤ︶ ︵ᠳᠣᠷᠣᠭᠰᠢ ︽ᠠᠪᠤᠷᠠᠨ ᠲᠤᠰᠠᠯᠠᠬᠤ ᠪᠠᠷᠢᠮᠵᠢᠶ᠎ᠠ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠳ᠂ ᠪᠥᠬᠦ ᠣᠷᠣᠨ ᠤ ᠨᠡᠶᠢᠭᠡᠮ ᠤᠨ  ᠠᠪᠤᠷᠠᠨ ᠲᠤᠰᠠᠯᠠᠬᠤ ᠪᠠᠷᠢᠮᠵᠢᠶ᠎ᠠ ᠳᠤ ᠲᠣᠬᠢᠷᠠᠭᠤᠯᠤᠯᠲᠠ ᠬᠢᠵᠦ᠂ ᠡᠯ᠎ᠡ ᠭᠠᠵᠠᠷ ᠣᠷᠣᠨ 6 ᠳ᠋ᠤᠭᠠᠷ ᠰᠠᠷ᠎ᠠ ᠶᠢᠨ 10 ᠤ ᠡᠳᠦᠷ ᠠᠴᠠ ᠡᠮᠦᠨ᠎ᠡ ᠰᠢᠨ᠎ᠡ ᠪᠠᠷᠢᠮᠵᠢᠶ᠎ᠠ  ᠶᠣᠰᠣᠭᠠᠷ ᠳᠡᠭᠡᠷ᠎ᠡ ᠬᠠᠭᠠᠰ ᠵᠢᠯ ᠤᠨ ᠪᠡᠯᠡ ᠮᠥᠩᠭᠦ ᠶᠢ ᠨᠥᠬᠦᠪᠦᠷᠢᠯᠡᠵᠦ ᠳᠠᠭᠤᠰᠬᠠᠬᠤ ᠶᠢ ᠦᠨᠡᠨ ᠬᠦ ᠪᠠᠲᠤᠯᠠᠬᠤ ᠶᠢᠨ ᠬᠠᠮᠲᠤ ᠬᠤᠲᠠ ᠬᠥᠳᠡᠭᠡ ᠶᠢᠨ ᠨᠠᠭᠠᠲᠤ  ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠲᠠᠢ ᠬᠥᠮᠥᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠮᠥᠩᠭᠦ ᠶᠢ ᠰᠠᠷ᠎ᠠ ᠰᠠᠷ᠎ᠠ ᠪᠠᠷ ᠲᠠᠷᠬᠠᠭᠠᠬᠤ  ᠬᠡᠷᠡᠭᠲᠡᠢ ᠭᠡᠵᠦ ᠱᠠᠭᠠᠷᠳᠠᠪᠠ᠃ ︽ᠠᠪᠤᠷᠠᠨ ᠲᠤᠰᠠᠯᠠᠬᠤ ᠪᠠᠷᠢᠮᠵᠢᠶ᠎ᠠ︾ ᠶᠢᠨ ᠬᠠᠮᠢᠶ᠎ᠠ ᠪᠦᠬᠦᠢ ᠠᠭᠤᠯᠭ᠎ᠠ ᠶᠢ ᠨᠡᠶᠢᠭᠡᠮ ᠨᠡᠶᠢᠲᠡ ᠳᠤ ᠥᠷᠭᠡᠨ ᠢᠶᠠᠷ ᠵᠥᠪ  ᠣᠶᠢᠯᠠᠭᠠᠭᠤᠯᠬᠤ ᠶᠢᠨ ᠲᠤᠯᠠᠳᠠ ᠡᠳᠦᠭᠡ ᠳᠠᠷᠠᠭᠠᠬᠢ ᠮᠡᠲᠦ ᠲᠠᠶᠢᠯᠤᠮᠵᠢ ᠬᠢᠪᠡ᠃           ᠨᠢᠭᠡ᠂ ︽ᠠᠪᠤᠷᠠᠨ ᠲᠤᠰᠠᠯᠠᠬᠤ ᠪᠠᠷᠢᠮᠵᠢᠶ᠎ᠠ︾ ᠶᠢ ᠲᠣᠭᠲᠠᠭᠠᠬᠤ ᠨᠢ ᠬᠦᠴᠢᠷᠳᠡᠯ ᠲᠠᠢ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ  ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ           ᠲᠥᠷᠥ ᠶᠢᠨ ᠶᠠᠪᠤᠳᠠᠯ ᠤᠨ ᠬᠤᠷᠢᠶᠠᠨ ᠤ ︽ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢᠨ ᠠᠷᠪᠠᠳᠤᠭᠠᠷ ᠵᠦᠢᠯ ᠢ  ᠦᠨᠳᠦᠰᠦᠯᠡᠪᠡᠯ᠄ ︽ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠤᠶᠤ ᠲᠣᠭᠤᠷᠢᠭ ᠪᠦᠬᠦᠢ ᠬᠤᠲᠠ ᠶᠢᠨ ᠱᠠᠲᠤᠨ ᠤ ᠠᠷᠠᠳ ᠤᠨ  ᠵᠠᠰᠠᠭ ᠤᠨ ᠣᠷᠳᠣᠨ ᠲᠤᠬᠠᠢ ᠶᠢᠨ ᠭᠠᠵᠠᠷ ᠤᠨ ᠪᠠᠨ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠪᠦᠬᠦᠢ ᠵᠠᠷᠤᠳᠠᠯ ᠤᠳ ᠢ ᠦᠨᠳᠦᠰᠦᠯᠡᠨ ᠠᠮᠢᠳᠤᠷᠠᠯ ᠤᠨ  ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠭᠲᠠᠭᠠᠵᠤ ᠨᠡᠶᠢᠲᠡᠯᠡᠬᠦ︾ ᠪᠠ ᠠᠷᠪᠠᠨ ᠲᠠᠪᠤᠳᠤᠭᠠᠷ ᠵᠦᠢᠯ ᠳᠤ᠄ ︽ᠮᠤᠵᠢ᠂ ᠥᠪᠡᠷᠲᠡᠭᠡᠨ ᠵᠠᠰᠠᠬᠤ ᠣᠷᠣᠨ᠂  ᠰᠢᠭᠤᠳ ᠬᠠᠷᠢᠶ᠎ᠠ ᠬᠤᠲᠠ ᠪᠤᠶᠤ ᠲᠣᠭᠤᠷᠢᠭ ᠪᠦᠬᠦᠢ ᠬᠤᠲᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠣᠨᠴᠠ ᠬᠦᠴᠢᠷᠳᠡᠯ ᠲᠠᠢ ᠬᠥᠮᠥᠰ ᠢ ᠠᠰᠠᠷᠠᠨ  ᠲᠡᠵᠢᠭᠡᠬᠦ ᠪᠠᠷᠢᠮᠵᠢᠶ᠎ᠠ ᠶᠢ ᠲᠣᠭᠲᠠᠭᠠᠵᠤ ᠨᠡᠶᠢᠲᠡᠯᠡᠨ᠎ᠡ︾ ᠭᠡᠵᠦ ᠲᠣᠭᠲᠠᠭᠠᠵᠠᠢ᠃ ᠡᠭᠦᠨ ᠤ ᠬᠠᠮᠲᠤ᠂ ︽ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠠᠪᠤᠷᠠᠨ  ᠲᠤᠰᠠᠯᠠᠬᠤ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ  ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2015 ︺ 94 ᠳ᠋ᠦ᠋ᠭᠡᠷ ᠲᠣᠭᠠᠲᠤ︶ ᠤᠨ ᠠᠷᠪᠠᠳᠤᠭᠠᠷ ᠵᠦᠢᠯ ᠢ ᠦᠨᠳᠦᠰᠦᠯᠡᠪᠡᠯ᠄ ︽ᠡᠯ᠎ᠡ ᠭᠠᠵᠠᠷ ᠣᠷᠣᠨ ᠨᠤᠭᠤᠳ ᠲᠤᠬᠠᠢ ᠶᠢᠨ ᠭᠠᠵᠠᠷ ᠤᠨ ᠪᠠᠨ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠪᠦᠬᠦᠢ ᠵᠠᠷᠤᠳᠠᠯ ᠢ ᠦᠨᠳᠦᠰᠦᠯᠡᠨ  ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠭᠲᠠᠭᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ  ᠣᠷᠳᠣᠨ ᠳᠤ ᠮᠡᠳᠡᠭᠦᠯᠵᠦ ᠬᠢᠨᠠᠨ ᠬᠠᠷᠭᠤᠭᠤᠯᠤᠭᠤᠯᠤᠨ ᠨᠡᠶᠢᠲᠡᠯᠡᠭᠦᠯᠬᠦ ᠶᠢᠨ ᠬᠠᠮᠲᠤ ᠴᠠᠭ ᠲᠤᠬᠠᠢ ᠳᠤ ᠨᠢ ᠲᠣᠬᠢᠷᠠᠭᠤᠯᠬᠤ︾ ᠪᠠ ᠠᠷᠪᠠᠨ ᠨᠠᠢᠮᠠᠳᠤᠭᠠᠷ ᠵᠦᠢᠯ ᠳᠤ᠄ ︽ᠡᠯ᠎ᠡ ᠭᠠᠵᠠᠷ ᠣᠷᠣᠨ ᠨᠤᠭᠤᠳ ᠲᠤᠬᠠᠢ ᠶᠢᠨ ᠭᠠᠵᠠᠷ ᠤᠨ ᠪᠠᠨ ᠰᠠᠭᠤᠭᠠᠯᠢ ᠠᠷᠠᠳ ᠤᠨ ᠬᠥᠮᠥᠨ ᠪᠦᠷᠢ ᠶᠢᠨ ᠳᠤᠮᠳᠠᠴᠢ ᠬᠡᠷᠡᠭᠯᠡᠭᠡᠨ ᠤ ᠬᠢᠷᠢ ᠲᠦᠪᠰᠢᠨ ᠬᠢᠭᠡᠳ  ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠣᠨᠴᠠ ᠬᠦᠴᠢᠷᠳᠡᠯ ᠲᠠᠢ ᠬᠥᠮᠥᠰ ᠢ ᠠᠰᠠᠷᠠᠨ ᠲᠡᠵᠢᠭᠡᠬᠦ ᠪᠠᠷᠢᠮᠵᠢᠶ᠎ᠠ ᠶᠢ  ᠲᠣᠭᠲᠠᠭᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠨᠠᠨ ᠬᠠᠷᠭᠤᠭᠤᠯᠵᠤ ᠨᠡᠶᠢᠲᠡᠯᠡᠬᠦ ᠶᠢᠨ ᠬᠠᠮᠲᠤ ᠴᠠᠭ ᠲᠤᠬᠠᠢ ᠳᠤ ᠨᠢ  ᠲᠣᠬᠢᠷᠠᠭᠤᠯᠤᠯᠲᠠ ᠬᠢᠬᠦ ᠬᠡᠷᠡᠭᠲᠡᠢ︾ ᠭᠡᠵᠦ ᠲᠣᠭᠲᠠᠭᠠᠵᠠᠢ᠃ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠲᠣᠭᠲᠠᠭᠠᠭᠰᠠᠨ ᠨᠢ ᠨᠠᠮ ᠤᠨ ᠠᠷᠪᠠ ᠶᠢᠰᠦᠳᠦᠭᠡᠷ  ᠶᠡᠭᠡ ᠬᠤᠷᠠᠯ ᠪᠠ ᠠᠷᠪᠠ ᠶᠢᠰᠦᠳᠦᠭᠡᠷ ᠶᠡᠭᠡ ᠬᠤᠷᠠᠯ ᠤᠨ ᠤᠳᠠᠭ᠎ᠠ ᠪᠦᠷᠢ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ  ᠨᠠᠶᠢᠳᠠᠪᠤᠷᠢᠵᠢᠭᠤᠯᠵᠤ᠂ ᠪᠦᠬᠦ ᠣᠷᠣᠨ ᠤ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠤᠨ ᠠᠪᠤᠷᠠᠨ ᠲᠤᠰᠠᠯᠠᠬᠤ ᠠᠵᠢᠯ ᠢ ᠦᠨᠡᠨ ᠬᠦ ᠰᠠᠶᠢᠲᠤᠷ ᠬᠢᠵᠦ᠂  ᠬᠦᠴᠢᠷᠳᠡᠯᠲᠡᠢ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠬᠦ ᠳᠤ ᠴᠢᠬᠤᠯᠠ  ᠠᠴᠢ ᠬᠤᠯᠪᠣᠭᠳᠠᠯ ᠲᠠᠢ ᠶᠤᠮ᠃           ᠬᠤᠶᠠᠷ᠂ ︽ᠠᠪᠤᠷᠠᠨ ᠲᠤᠰᠠᠯᠠᠬᠤ ᠪᠠᠷᠢᠮᠵᠢᠶ᠎ᠠ︾ ᠶᠢ ᠲᠣᠭᠲᠠᠭᠠᠬᠤ ᠪᠣᠯ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠠ ︽ᠵᠠᠰᠠᠭ ᠤᠨ ᠣᠷᠳᠣᠨ ᠤ  ᠠᠵᠢᠯ ᠤᠨ ᠢᠯᠡᠳᠬᠡᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠪᠣᠳᠠᠲᠠᠢ ᠠᠷᠭ᠎ᠠ ᠬᠡᠮᠵᠢᠶ᠎ᠡ ᠮᠥᠨ           2021 ᠣᠨ ᠤ 12 ᠳ᠋ᠤᠭᠠᠷ ᠰᠠᠷ᠎ᠠ ᠳᠤ ᠬᠤᠷᠠᠯᠳᠤᠭᠤᠯᠤᠭᠰᠠᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠳᠤ ︽ᠵᠠᠩᠭᠢᠯᠠᠭ᠎ᠠ ᠶᠢᠨ ᠴᠠᠭ᠂  ᠬᠦᠴᠢᠷᠳᠡᠯ ᠲᠠᠢ ᠬᠥᠮᠥᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ︾ ︽ᠠᠷᠠᠳ ᠤᠨ ᠠᠮᠢᠳᠤᠷᠠᠯ ᠢᠯᠠᠩᠭᠤᠶ᠎ᠠ ᠬᠦᠴᠢᠷᠳᠡᠯ ᠲᠠᠢ  ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠦᠲᠦᠮᠵᠢᠲᠡᠶ ᠪᠠᠲᠤᠯᠠᠨ ᠰᠠᠶᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ︾ ᠭᠡᠵᠦ ᠲᠣᠳᠣᠷᠬᠠᠢ ᠲᠣᠭᠲᠠᠭᠠᠵᠠᠢ᠃  ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ 2022 ᠣᠨ ᠤ 1 ᠳ᠋ᠦ᠋ᠭᠡᠷ ᠰᠠᠷ᠎ᠠ ᠶᠢᠨ 21 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠪᠠᠨ  ᠭᠤᠷᠪᠠᠳᠤᠭᠠᠷ ᠬᠤᠭᠤᠴᠠᠭᠠᠨ ᠤ ᠵᠢᠷᠭᠤᠳᠤᠭᠠᠷ ᠤᠳᠠᠭ᠎ᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠬᠢᠭᠰᠡᠨ ᠵᠠᠰᠠᠭ ᠤᠨ ᠣᠷᠳᠣᠨ ᠤ ᠠᠵᠢᠯ ᠤᠨ  ᠢᠯᠡᠳᠬᠡᠯ ᠳᠡᠭᠡᠨ ︽ᠨᠡᠶᠢᠭᠡᠮ ᠤᠨ ᠠᠪᠤᠷᠠᠨ ᠲᠤᠰᠠᠯᠠᠬᠤ ᠲᠣᠭᠲᠠᠯᠴᠠᠭ᠎ᠠ ᠶᠢ ᠪᠦᠷᠢᠨᠰᠢᠭᠦᠯᠵᠦ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ   ᠲᠠᠢ ᠬᠥᠮᠥᠰ ᠢ ᠠᠪᠤᠷᠠᠨ ᠲᠤᠰᠠᠯᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ︾ ᠭᠡᠵᠦ ᠲᠣᠳᠣᠷᠬᠠᠢ ᠳᠤᠷᠠᠳᠤᠨ ᠭᠠᠷᠭᠠᠪᠠ᠃ ᠪᠥᠬᠦ ᠣᠷᠣᠨ ᠤ  ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠵᠢᠷᠤᠮᠵᠢᠭᠤᠯᠤᠨ ᠲᠣᠬᠢᠷᠠᠭᠤᠯᠵᠤ᠂ ᠪᠥᠬᠦ ᠣᠷᠣᠨ ᠤ ᠬᠦᠴᠢᠷᠳᠡᠯ ᠲᠠᠢ ᠣᠯᠠᠨ ᠲᠦᠮᠡᠨ ᠤ ᠦᠨᠳᠦᠰᠦᠨ  ᠠᠮᠢᠳᠤᠷᠠᠯ ᠤᠨ ᠠᠪᠤᠷᠠᠨ ᠲᠤᠰᠠᠯᠠᠬᠤ ᠠᠵᠢᠯ ᠢ ᠦᠨᠡᠨ ᠬᠦ ᠰᠠᠶᠢᠲᠤᠷ ᠬᠢᠬᠦ ᠪᠣᠯ ᠥᠪᠡᠷᠲᠡᠭᠡᠨ ᠵᠠᠰᠠᠬᠤ ᠣᠷᠣᠨ ᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ  ᠪᠠ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠴᠢᠷᠳᠡᠯ ᠲᠠᠢ ᠣᠯᠠᠨ ᠲᠦᠮᠡᠨ ᠳᠤ ᠥᠭᠡᠷᠡᠴᠢᠯᠡᠯᠲᠡ  ᠬᠥᠭᠵᠢᠯᠲᠡ ᠶᠢᠨ ᠦᠷ᠎ᠡ ᠪᠦᠲᠦᠭᠡᠯ ᠢ ᠴᠠᠭ ᠲᠤᠬᠠᠢ ᠳᠤ ᠨᠢ ᠭᠦᠢᠴᠡᠳ ᠡᠳ᠋ᠯᠡᠭᠦᠯᠬᠦ ᠪᠣᠳᠠᠲᠠᠢ ᠠᠷᠭ᠎ᠠ ᠬᠡᠮᠵᠢᠶ᠎ᠡ ᠮᠥᠨ᠃           ᠭᠤᠷᠪᠠ᠂ ︽ᠠᠪᠤᠷᠠᠨ ᠲᠤᠰᠠᠯᠠᠬᠤ ᠪᠠᠷᠢᠮᠵᠢᠶ᠎ᠠ︾ ᠶᠢ ᠲᠣᠭᠲᠠᠭᠠᠬᠤ ᠨᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ  ᠪᠣᠳᠠᠲᠤ ᠪᠠᠶᠢᠳᠠᠯ ᠲᠠᠢ ᠨᠡᠶᠢᠴᠡᠵᠦ ᠪᠤᠢ           ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠬᠢᠨᠠᠨ ᠲᠣᠭᠲᠠᠭᠠᠭᠰᠠᠨ ᠪᠠᠶᠢᠳᠠᠯ ᠠᠴᠠ ᠦᠵᠡᠪᠡᠯ᠂ ᠡᠯ᠎ᠡ ᠠᠶᠢᠮᠠᠭ ᠬᠤᠲᠠ ᠶᠢᠨ ᠳᠡᠭᠡᠷ᠎ᠡ  ᠱᠠᠲᠤᠨ ᠳᠤ ᠮᠡᠳᠡᠭᠦᠯᠦᠭᠰᠡᠨ ᠪᠠᠷᠢᠮᠵᠢᠶ᠎ᠠ ᠪᠠᠷ ᠲᠥᠰᠥᠭᠡᠯᠡᠨ ᠪᠤᠳᠤᠪᠠᠯ᠂ 2022 ᠣᠨ ᠳᠤ ᠪᠥᠬᠦ ᠣᠷᠣᠨ ᠤ ᠬᠤᠲᠠ ᠶᠢᠨ ᠠᠷᠠᠳ ᠤᠨ ᠠᠮᠢᠳᠤᠷᠠᠯ ᠤᠨ ᠨᠠᠭᠠᠲᠤ  ᠵᠠᠬ᠎ᠠ ᠶᠢᠨ ᠪᠠᠲᠤᠯᠠᠭ᠎ᠠ ᠶᠢᠨ ᠳᠤᠮᠳᠠᠴᠢ ᠪᠠᠷᠢᠮᠵᠢᠶ᠎ᠠ ᠰᠠᠷ᠎ᠠ ᠳᠤ 813 ᠲᠥᠭᠦᠷᠢᠭ ᠲᠤ ᠬᠦᠷᠴᠦ᠂  ᠨᠢᠳᠤᠨᠤᠨ ᠵᠢᠯ ᠤᠨ ᠬᠢ ᠠᠴᠠ 41 ᠲᠥᠭᠦᠷᠢᠭ ᠨᠡᠮᠡᠭᠳᠡᠵᠦ᠂  ᠨᠡᠮᠡᠭᠳᠡᠯ ᠤᠨ ᠬᠡᠮᠵᠢᠶ᠎ᠡ ᠨᠢ 5.3% ᠪᠣᠯᠣᠨ᠎ᠠ︔ ᠮᠠᠯᠵᠢᠬᠤ ᠲᠠᠷᠢᠶᠠᠯᠠᠬᠤ ᠣᠷᠣᠨ ᠤ ᠠᠷᠠᠳ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠳᠤᠮᠳᠠᠴᠢ  ᠪᠠᠷᠢᠮᠵᠢᠶ᠎ᠠ ᠨᠢ ᠵᠢᠯ ᠳᠤ 7320 ᠲᠥᠭᠦᠷᠢᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 589 ᠲᠥᠭᠦᠷᠢᠭ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 8.8%  ᠪᠣᠯᠣᠨ᠎ᠠ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠵᠥᠷᠢᠶ᠎ᠡ ᠤᠯᠠᠮ ᠨᠢᠭᠡ ᠠᠯᠬᠤᠮ ᠪᠠᠭᠠᠰᠴᠤ ᠮᠠᠨ ᠤ  ᠣᠷᠣᠨ ᠤ ᠪᠣᠳᠠᠲᠤ ᠪᠠᠶᠢᠳᠠᠯ ᠲᠠᠢ ᠨᠡᠶᠢᠴᠡᠨ᠎ᠡ᠃           ᠣᠨᠴᠠ ᠬᠦᠴᠢᠷᠳᠡᠯ ᠲᠠᠢ ᠬᠥᠮᠥᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠪᠠᠷᠢᠮᠵᠢᠶ᠎ᠠ ᠶᠢ ᠬᠢᠨᠠᠨ ᠲᠣᠭᠲᠠᠭᠠᠭᠰᠠᠨ ᠪᠠᠶᠢᠳᠠᠯ ᠠᠴᠠ ᠦᠵᠡᠪᠡᠯ᠂ ︽ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠬᠡᠰᠡᠭ ᠲᠠᠯ᠎ᠠ ᠪᠠᠷ ᠠᠯᠳᠠᠭᠰᠠᠨ ᠪᠠ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠪᠦᠷᠢᠮᠦᠰᠦᠨ ᠠᠯᠳᠠᠭᠰᠠᠨ  ᠣᠨᠴᠠ ᠬᠦᠴᠢᠷᠳᠡᠯ ᠲᠠᠢ ᠬᠥᠮᠥᠰ ᠢ ᠬᠠᠷᠠᠭᠠᠯᠵᠠᠨ ᠰᠤᠪᠢᠯᠠᠬᠤ ᠪᠠᠷᠢᠮᠵᠢᠶ᠎ᠠ ᠶᠢ ᠵᠠᠷᠴᠢᠮ ᠳᠡᠭᠡᠷ᠎ᠡ ᠪᠠᠨ ᠨᠢᠳᠤᠨᠤᠨ ᠵᠢᠯ ᠤᠨ ᠪᠥᠬᠦ ᠣᠷᠣᠨ ᠤ ᠳᠤᠮᠳᠠᠴᠢ ᠨᠠᠭᠠᠲᠤ  ᠵᠠᠬ᠎ᠠ ᠶᠢᠨ ᠴᠠᠯᠢᠩ ᠤᠨ ᠪᠠᠷᠢᠮᠵᠢᠶ᠎ᠠ ᠶᠢᠨ 25%᠂ 65%᠎ ᠠᠴᠠ ᠳᠣᠣᠷ᠎ᠠ ᠪᠠᠶᠢᠯᠭᠠᠬᠤ ᠦᠭᠡᠢ ᠪᠠᠶᠢᠬᠤ ᠱᠠᠭᠠᠷᠳᠠᠯᠭ᠎ᠠ︾ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂  2022 ᠣᠨ ᠳᠤ ᠪᠥᠬᠦ ᠣᠷᠣᠨ ᠤ ᠬᠤᠲᠠ ᠶᠢᠨ ᠣᠨᠴᠠ ᠬᠦᠴᠢᠷᠳᠡᠯ ᠲᠠᠢ ᠬᠥᠮᠥᠰ ᠤᠨ ᠦᠨᠳᠦᠰᠦᠨ ᠠᠮᠢᠳᠤᠷᠠᠯ ᠤᠨ ᠠᠰᠠᠷᠠᠨ ᠲᠡᠵᠢᠭᠡᠬᠦ ᠳᠤᠮᠳᠠᠴᠢ ᠪᠠᠷᠢᠮᠵᠢᠶ᠎ᠠ ᠶᠢ  ᠰᠠᠷ᠎ᠠ ᠳᠤ 1358 ᠲᠥᠭᠦᠷᠢᠭ ᠲᠤ ᠬᠦᠷᠦᠭᠦᠯᠵᠦ᠂ ᠨᠢᠳᠤᠨᠤᠨ ᠵᠢᠯ ᠤᠨ ᠬᠢ ᠠᠴᠠ 50 ᠲᠥᠭᠦᠷᠢᠭ ᠨᠡᠮᠡᠭᠳᠡᠭᠦᠯᠵᠦ᠂ ᠨᠡᠮᠡᠭᠳᠡᠯ ᠤᠨ ᠬᠡᠮᠵᠢᠶ᠎ᠡ ᠶᠢ 3.8% ᠪᠣᠯᠭᠠᠪᠠ︔ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯ ᠲᠠᠢ ᠬᠥᠮᠥᠰ ᠤᠨ ᠦᠨᠳᠦᠰᠦᠨ ᠠᠮᠢᠳᠤᠷᠠᠯ ᠤᠨ ᠠᠰᠠᠷᠠᠨ ᠲᠡᠵᠢᠭᠡᠬᠦ ᠳᠤᠮᠳᠠᠴᠢ  ᠪᠠᠷᠢᠮᠵᠢᠶ᠎ᠠ ᠶᠢ ᠵᠢᠯ ᠳᠤ 11259 ᠲᠥᠭᠦᠷᠢᠭ ᠲᠤ ᠬᠦᠷᠦᠭᠦᠯᠵᠦ᠂ ᠨᠢᠳᠤᠨᠤᠨ ᠵᠢᠯ ᠤᠨ ᠬᠢ ᠠᠴᠠ 726 ᠲᠥᠭᠦᠷᠢᠭ ᠨᠡᠮᠡᠭᠳᠡᠭᠦᠯᠵᠦ᠂ ᠨᠡᠮᠡᠭᠳᠡᠯ ᠤᠨ ᠬᠡᠮᠵᠢᠶ᠎ᠡ ᠶᠢ 6. 9% ᠪᠣᠯᠭᠠᠪᠠ︔ ᠪᠥᠬᠦ ᠣᠷᠣᠨ ᠤ ᠣᠨᠴᠠ ᠬᠦᠴᠢᠷᠳᠡᠯ ᠲᠠᠢ ᠬᠥᠮᠥᠰ ᠤᠨ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ ᠬᠡᠰᠡᠭ ᠲᠠᠯ᠎ᠠ ᠪᠠᠷ ᠠᠯᠳᠠᠭᠰᠠᠳ ᠢ  ᠠᠰᠠᠷᠠᠨ ᠰᠤᠪᠢᠯᠠᠬᠤ ᠳᠤᠮᠳᠠᠴᠢ ᠪᠠᠷᠢᠮᠵᠢᠶ᠎ᠠ ᠶᠢ ᠰᠠᠷ᠎ᠠ ᠳᠤ 494 ᠲᠥᠭᠦᠷᠢᠭ ᠲᠤ ᠬᠦᠷᠦᠭᠦᠯᠵᠦ᠂ ᠨᠢᠳᠤᠨᠤᠨ ᠵᠢᠯ ᠤᠨ  ᠬᠢ ᠠᠴᠠ 63 ᠲᠥᠭᠦᠷᠢᠭ ᠨᠡᠮᠡᠭᠳᠡᠭᠦᠯᠵᠦ᠂  ᠨᠡᠮᠡᠭᠳᠡᠯ ᠤᠨ ᠬᠡᠮᠵᠢᠶ᠎ᠡ ᠶᠢ 14.6% ᠪᠣᠯᠭᠠᠪᠠ︔ ᠪᠥᠬᠦ ᠣᠷᠣᠨ ᠤ ᠣᠨᠴᠠ ᠬᠦᠴᠢᠷᠳᠡᠯ ᠲᠠᠢ ᠬᠥᠮᠥᠰ ᠤᠨ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠪᠠᠨ  ᠪᠦᠷᠢᠮᠦᠰᠦᠨ ᠠᠯᠳᠠᠭᠰᠠᠳ ᠢ ᠠᠰᠠᠷᠠᠨ ᠰᠤᠪᠢᠯᠠᠬᠤ ᠳᠤᠮᠳᠠᠴᠢ ᠪᠠᠷᠢᠮᠵᠢᠶ᠎ᠠ ᠶᠢ ᠰᠠᠷ᠎ᠠ ᠳᠤ 1265 ᠲᠥᠭᠦᠷᠢᠭ ᠲᠤ ᠬᠦᠷᠦᠭᠦᠯᠵᠦ᠂ ᠨᠢᠳᠤᠨᠤᠨ ᠵᠢᠯ ᠤᠨ ᠬᠢ ᠠᠴᠠ  178 ᠲᠥᠭᠦᠷᠢᠭ ᠨᠡᠮᠡᠭᠳᠡᠭᠦᠯᠵᠦ᠂ 16.4%᠎ ᠪᠠᠷ ᠨᠡᠮᠡᠭᠳᠡᠭᠦᠯᠵᠡᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号