ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ  ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/21
      6 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃       ᠬᠤᠷᠠᠯ ᠠᠴᠠ ᠲᠦᠴᠢᠦᠸᠠᠨ ᠰᠢᠶᠠᠨ ᠤ ᠲᠣᠰᠬᠤᠨ ᠳᠤ ᠰᠠᠭᠤᠭ᠎ᠠ ᠺᠠᠳ᠋ᠷᠴᠤᠳ ᠲᠤ ᠨᠥᠬᠦᠪᠦᠷᠢ ᠣᠯᠭᠤᠬᠤ ᠲᠥᠰᠥᠯ︾ ︽ᠲᠦᠴᠢᠦᠸᠠᠨ ᠰᠢᠶᠠᠨ ᠤ 2022 ᠣᠨ ᠤ ᠬᠤᠶᠠᠳᠤᠭᠠᠷ ᠪᠦᠯᠦᠭ ᠤᠨ ᠵᠣᠯᠭᠠᠭᠤᠯᠬᠤ ᠪᠡᠯᠡ ᠮᠥᠩᠭᠦ ᠶᠢ ᠬᠡᠷᠡᠭᠵᠢᠭᠦᠯᠬᠦ ᠲᠥᠷᠥᠯ ᠵᠦᠢᠯ ᠤᠨ ᠬᠡᠷᠡᠭᠯᠡᠯᠲᠡ ᠶᠢᠨ ᠲᠥᠯᠥᠪᠯᠡᠭᠡ︾ ︽ᠲᠦᠴᠢᠦᠸᠠᠨ ᠰᠢᠶᠠᠨ ᠤ ᠠᠵᠤ ᠠᠬᠤᠶᠢᠯᠠᠯ ᠤᠨ ᠳᠠᠮᠫᠤᠷᠠᠯ ᠤᠨ ᠠᠵᠢᠯ ᠤᠨ ᠵᠠᠰᠠᠭ ᠤᠨ ᠣᠷᠳᠣᠨ ᠪᠠ ᠬᠦᠷᠢᠶᠡᠯᠡᠩ ᠤᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠬᠡᠷᠡᠭᠵᠢᠭᠦᠯᠬᠦ ᠲᠥᠰᠥᠯ︾ ︽ᠲᠦᠴᠢᠦᠸᠠᠨ ᠰᠢᠶᠠᠨ ᠤ ᠠᠷᠠᠳ ᠤᠨ ᠰᠢᠭᠦᠬᠦ ᠬᠤᠷᠢᠶ᠎ᠠ ᠶᠢᠨ ᠳᠠᠮᠫᠤᠷᠠᠯ ᠤᠨ ᠵᠠᠷᠤᠳᠠᠯ ᠢ ᠲᠤᠰᠠᠯᠠᠬᠤ ᠪᠡᠯᠡ ᠮᠥᠩᠭᠦ ᠶᠢ ᠬᠡᠷᠡᠭᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ︽ᠲᠦᠴᠢᠦᠸᠠᠨ ᠰᠢᠶᠠᠨ ᠤ ᠡᠩ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠰᠡᠷᠭᠡᠶᠢᠯᠡᠬᠦ ᠪᠠ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠨᠡᠯᠡᠨ ᠵᠢᠱᠢᠬᠦ ᠠᠷᠭ᠎ᠠ ︵ᠲᠤᠷᠰᠢᠨ ᠬᠡᠷᠡᠭᠵᠢᠭᠦᠯᠬᠦ︶︾ ︽ᠲᠦᠴᠢᠦᠸᠠᠨ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2022 ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠭᠤᠣᠯᠳᠠᠯᠭ᠎ᠠ︾ ︽ᠲᠦᠴᠢᠦᠸᠠᠨ ᠰᠢᠶᠠᠨ ᠤ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠬᠦ ᠲᠥᠰᠥᠯ︾ ︽ᠲᠦᠴᠢᠦᠸᠠᠨ ᠰᠢᠶᠠᠨ ᠤ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠲᠥᠰᠥᠯ︾᠂ ᠰᠢᠶᠠᠨ ᠤ ᠬᠠᠷᠢᠶᠠᠨ ᠳᠠᠬᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠤ᠂ ᠵᠢᠯ ᠤᠨ ᠡᠬᠢᠨ ᠠᠴᠠ ᠨᠠᠰᠢᠬᠢ ᠵᠦᠢᠯᠡᠰ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ  ᠬᠦᠯᠢᠶᠡᠬᠦ ᠪᠠᠶᠢᠳᠠᠯ ᠢ ᠮᠡᠳᠡᠭᠳᠡᠪᠡ᠃       ᠬᠤᠷᠠᠯ ᠠᠴᠠ᠂ ᠲᠣᠰᠬᠤᠨ ᠳᠤ ᠰᠠᠭᠤᠭ᠎ᠠ ᠺᠠᠳ᠋ᠷ ᠲᠤ ᠨᠥᠬᠦᠪᠦᠷᠢ ᠣᠯᠭᠤᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠣᠰᠬᠤᠨ ᠳᠤ ᠰᠠᠭᠤᠬᠤ ᠠᠵᠢᠯ ᠤᠨ ᠪᠠᠲᠤᠯᠠᠭ᠎ᠠ ᠶᠢ ᠦᠨᠡᠨᠬᠦ ᠴᠢᠩᠭᠠᠳᠬᠠᠬᠤ ᠬᠡᠷᠡᠭᠲᠡᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢᠨ ᠲᠦᠷᠦᠯ ᠵᠦᠢᠯ ᠤᠨ ᠲᠣᠬᠢᠷᠠᠭᠤᠯᠤᠯᠲᠠ ᠶᠢ ᠴᠢᠩᠭᠠᠳᠬᠠᠵᠤ᠂ ᠲᠦᠷᠦᠯ ᠵᠦᠢᠯ ᠤᠨ ᠠᠯᠢ ᠲᠦᠷᠭᠡᠨ ᠢᠶᠠᠷ ᠦᠢᠯᠡᠳᠪᠦᠷᠢᠯᠡᠯ ᠦᠷ᠎ᠡ ᠪᠦᠲᠦᠮᠵᠢ ᠳᠤ ᠬᠦᠷᠬᠦ ᠶᠢ ᠪᠠᠲᠤᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃ ᠦᠶᠡᠷ ᠢ ᠰᠡᠷᠭᠡᠶᠢᠯᠡᠬᠦ ᠠᠵᠢᠯ ᠤᠨ ᠵᠢᠯᠤᠭᠤᠳᠬᠤ ᠰᠢᠰᠲ᠋ᠧᠮ ᠤᠨ ᠵᠣᠬᠢᠴᠠᠭᠤᠯᠬᠤ ᠲᠣᠭᠲᠠᠴᠠ ᠪᠠ ᠪᠠᠴᠢᠮ ᠪᠠᠶᠢᠳᠠᠯ ᠢ ᠠᠷᠭᠠᠴᠠᠬᠤ ᠲᠥᠰᠥᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠣᠷᠣᠨ ᠠᠶᠢᠮᠠᠭ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠠᠵᠤ ᠠᠬᠤᠶᠢᠯᠠᠯ ᠤᠨ ᠳᠠᠮᠫᠤᠷᠠᠯ ᠤᠨ ᠬᠠᠮᠢᠶ᠎ᠠ ᠪᠦᠬᠦᠢ ᠲᠣᠭᠲᠠᠭᠠᠯ ᠢ ᠴᠢᠩᠭ᠎ᠠ ᠵᠢᠷᠤᠮᠵᠢᠭᠤᠯᠤᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠳᠢᠭᠯᠢᠮ ᠢ ᠬᠠᠮᠠᠭᠠᠯᠠᠬᠤ ᠬᠡᠷᠡᠭᠲᠡᠢ᠃ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯ ᠤᠨ ᠲᠠᠰ ᠳᠠᠷᠠᠭᠠᠯᠠᠯ ᠢ ᠴᠢᠩᠭ᠎ᠠ ᠵᠢᠷᠤᠮᠵᠢᠭᠤᠯᠵᠤ᠂ ᠭᠡᠷ᠎ᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠂ ᠲᠥᠷᠥᠯ ᠵᠦᠢᠯ ᠤᠨ ᠬᠡᠷᠡᠭᠵᠢᠭᠦᠯᠦᠯᠲᠡ ᠶᠢ ᠨᠠᠷᠢᠯᠢᠭ ᠣᠨᠣᠴᠠᠲᠠᠢ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ᠂ ᠵᠠᠬᠢᠳᠠᠯ ᠰᠣᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠦᠶᠡᠷ ᠢ ᠰᠡᠷᠭᠡᠶᠢᠯᠡᠬᠦ ᠪᠠ ᠣᠨᠴᠠᠭᠠᠢ ᠴᠠᠭ ᠠᠭᠤᠷ ᠢ ᠠᠷᠭᠠᠴᠠᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠲᠦᠷᠦᠯ ᠵᠦᠢᠯ ᠢ ᠲᠥᠯᠥᠪᠵᠢᠭᠦᠯᠵᠦ ᠨᠥᠭᠡᠴᠡᠯᠡᠬᠦ ᠶᠢ ᠴᠢᠩᠭᠠᠳᠬᠠᠵᠤ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠶᠢᠨ ᠮᠠᠨ ᠤ ᠰᠢᠶᠠᠨ ᠳᠠᠬᠢ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠰᠠᠨᠠᠭᠠᠴᠢᠯᠠᠭ᠎ᠠ ᠠᠴᠠ ᠪᠠᠨ ᠲᠦᠷᠦᠯ ᠵᠦᠢᠯ ᠢ ᠰᠤᠳᠤᠯᠵᠤ᠂ ᠲᠦᠷᠦᠯ ᠵᠦᠢᠯ ᠢ ᠲᠥᠯᠥᠪᠵᠢᠭᠦᠯᠵᠦ᠂ ᠢᠷᠡᠬᠦ ᠵᠢᠯ ᠤᠨ ᠬᠥᠭᠵᠢᠯᠲᠡ ᠳᠤ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠰᠢᠶᠠᠨ ᠤ ᠪᠦᠰᠡ ᠶᠢᠨ ᠠᠵᠤ ᠠᠬᠤᠢ ᠶᠢᠨ ᠨᠡᠩ ᠰᠠᠶᠢᠨ ᠨᠡᠩ ᠲᠦᠷᠭᠡᠨ ᠨᠡᠩ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠪᠠᠶᠢᠩᠭᠤ ᠶᠢᠨ ᠬᠤᠷᠠᠯ ᠤᠨ ᠳᠠᠷᠠᠭ᠎ᠠ 2022 ᠣᠨ ᠤ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠵᠠᠯᠭᠠᠭ᠎ᠠ ᠪᠠᠷ ᠬᠤᠷᠠᠯᠳᠤᠭᠤᠯᠪᠠ᠃
 
ᠢᠷᠡᠯᠲᠡ᠄ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号