ᠪᠦᠬᠦ ᠠᠶᠢᠮᠠᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ᠂ ᠪᠣᠯᠪᠠᠰᠤᠨ ᠢ ᠡᠭᠦᠳᠦᠨ ᠪᠠᠶᠢᠭᠤᠯᠬᠤ ᠬᠠᠷᠢᠯᠴᠠᠨ ᠪᠠᠶᠢᠴᠠᠭᠠᠬᠤ ᠠᠵᠢᠯ ᠤᠨ ᠳᠤᠭᠤᠶᠢᠯᠠᠩ ᠲᠦᠴᠢᠦᠸᠠᠨ ᠰᠢᠶᠠᠨ ᠳᠤ ᠬᠦᠷᠴᠦ ᠠᠵᠢᠯ ᠪᠠᠶᠢᠴᠠᠭᠠᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/6/21
     6 ᠰᠠᠷ᠎ᠠ ᠶᠢᠨ 21 ᠤ ᠡᠳᠦᠷ᠂ ᠪᠥᠬᠦ ᠠᠶᠢᠮᠠᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ᠂ ᠪᠣᠯᠪᠠᠰᠤᠨ ᠢ ᠡᠭᠦᠳᠦᠨ ᠪᠠᠶᠢᠭᠤᠯᠬᠤ ᠬᠠᠷᠢᠯᠴᠠᠨ ᠪᠠᠶᠢᠴᠠᠭᠠᠬᠤ ᠠᠵᠢᠯ ᠤᠨ ᠳᠤᠭᠤᠶᠢᠯᠠᠩ ᠲᠦᠴᠢᠦᠸᠠᠨ ᠰᠢᠶᠠᠨ ᠳᠤ ᠬᠦᠷᠴᠦ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠵᠢᠯᠣᠭᠤᠳᠪᠠ᠂ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠶᠠᠩ ᠪᠦᠦ ᠲᠢᠶᠠᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ᠃      ᠶᠠᠷᠢᠯᠴᠠᠬᠤ ᠬᠤᠷᠠᠯ ᠳᠡᠭᠡᠷ᠎ᠡ᠂ ᠠᠵᠢᠯᠯᠠᠬᠤ ᠳᠤᠭᠤᠶᠢᠯᠠᠩ ᠤᠨ ᠬᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ᠂ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠢ ᠬᠡᠷᠬᠢᠨ ᠰᠠᠶᠢᠲᠤᠷ ᠬᠢᠬᠦ ᠲᠤᠬᠠᠢ ᠵᠢᠯᠣᠭᠤᠳᠤᠯᠭ᠎ᠠ ᠬᠢᠵᠦ᠂ ᠲᠦᠴᠢᠦᠸᠠᠨ ᠰᠢᠶᠠᠨ ᠤ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠤᠯᠪᠣᠭᠳᠠᠯ ᠪᠦᠬᠦᠢ ᠠᠵᠢᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃       ᠠᠵᠢᠯᠯᠠᠬᠤ ᠳᠤᠭᠤᠶᠢᠯᠠᠩ ᠠᠴᠠ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯ ᠤᠨ ᠲᠠᠯ᠎ᠠ ᠪᠠᠷ  ᠂ ︽ᠵᠢᠷᠭᠤᠭ᠎ᠠ ᠶᠢ ᠲᠣᠰᠬᠤᠨ ᠡᠷᠦᠬᠡ ᠳᠤ ᠬᠦᠷᠭᠡᠬᠦ︾ ᠵᠠᠭᠪᠤᠷ ᠢ ᠦᠷᠭᠦᠯᠵᠢᠯᠡᠨ ᠪᠠᠲᠤᠳᠬᠠᠵᠤ᠂ ᠨᠠᠮ ᠤᠨ ᠭᠡᠰᠢᠭᠦᠨ ᠤ ᠰᠠᠶᠢᠨ ᠳᠤᠷ᠎ᠠ ᠶᠢᠨ ᠦᠢᠯᠡᠴᠢᠯᠡᠭᠡ ᠪᠠ ᠵᠢᠱᠢᠶ᠎ᠡ ᠦᠵᠡᠭᠦᠯᠬᠦ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠢᠨ᠎ᠡ ᠦᠵᠡᠯ ᠰᠠᠨᠠᠭ᠎ᠠ ᠶᠢ ᠲᠠᠷᠢᠬᠢᠨ ᠳᠤ ᠬᠠᠳᠠᠩᠰᠢᠭᠤᠯᠤᠨ ᠰᠡᠳᠬᠢᠯ ᠳᠤ ᠬᠠᠳᠠᠩᠰᠢᠭᠤᠯᠵᠤ᠂ ᠰᠢᠨ᠎ᠡ ᠬᠡᠪ ᠰᠤᠷᠲᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠠᠵᠢᠯ ᠤᠨ ᠬᠠᠷᠢᠭᠤᠴᠠᠯᠭ᠎ᠠ ᠶᠢ ᠦᠷᠭᠦᠯᠵᠢᠯᠡᠨ ᠪᠣᠳᠠᠲᠠᠶᠢᠵᠢᠭᠤᠯᠵᠤ᠂ ᠡᠯ᠎ᠡ ᠲᠥᠪ ᠭᠠᠵᠠᠷ ︵ᠥᠷᠲᠡᠭᠡ︶ ᠤᠨ ᠪᠠᠷᠢᠮᠵᠢᠶᠠᠵᠢᠭᠤᠯᠬᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ᠃ ᠤᠯᠠᠨ ᠲᠦᠮᠡᠨ ᠤ ᠬᠡᠷᠡᠭᠴᠡᠭᠡ ᠶᠢ ᠦᠷᠭᠦᠯᠵᠢᠯᠡᠨ ᠨᠠᠷᠢᠯᠢᠭ ᠣᠨᠣᠪᠴᠢᠳᠠᠢ ᠪᠠᠷ ᠵᠣᠯᠭᠠᠭᠤᠯᠵᠤ᠂ ᠨᠡᠩ ᠤᠯᠠᠨ ᠬᠢᠯᠠᠰ ᠴᠡᠭ ᠲᠠᠢ ᠠᠵᠢᠯ ᠪᠠ ᠨᠡᠶᠢᠲᠡᠯᠢᠭ ᠠᠷᠭ᠎ᠠ ᠬᠢᠳᠡᠯ ᠢ ᠪᠤᠢ ᠪᠣᠯᠭᠠᠨ᠎ᠠ᠃ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠤᠨ ᠲᠠᠯ᠎ᠠ ᠪᠠᠷ᠂ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠵᠦ᠂ ᠠᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ ᠲᠠᠰᠤᠷᠠᠯᠲᠠ ᠦᠭᠡᠢ ᠡᠭᠦᠳᠴᠦ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ ᠬᠥᠳᠡᠯᠦᠯᠴᠡᠵᠦ᠂ ᠤᠯᠠᠨ ᠲᠠᠯ᠎ᠠ ᠪᠠᠷ ᠬᠦᠴᠦᠯᠡᠵᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠬᠦ ᠬᠡᠷᠡᠭᠲᠡᠢ᠃ ᠠᠵᠢᠯᠲᠠᠨ ᠤ ᠲᠣᠬᠢᠷᠠᠭᠤᠯᠤᠯᠲᠠ ᠶᠢ ᠰᠠᠶᠢᠲᠤᠷ ᠠᠳᠬᠤᠵᠤ᠂ ᠲᠤᠰᠬᠠᠢ ᠨᠠᠷᠢᠯᠢᠭ ᠣᠷᠣᠶᠢᠯᠠᠭᠰᠠᠨ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠰᠠᠭᠤᠷᠢ ᠶᠢ ᠪᠣᠳᠠᠲᠠᠢ ᠪᠠᠷ ᠠᠳᠬᠤᠵᠤ᠂ ᠪᠠᠷᠢᠮᠵᠢᠶ᠎ᠠ ᠶᠢ ᠰᠢᠯᠭᠠᠨ ᠦᠨᠡᠯᠡᠬᠦ ᠰᠢᠰᠲ᠋ᠧᠮ ᠢ ᠬᠠᠷᠭᠤᠭᠤᠯᠵᠤ᠂ ᠵᠦᠢᠯ ᠳᠠᠷᠠᠭᠠᠯᠠᠨ ᠬᠠᠷᠢᠴᠠᠭᠤᠯᠤᠨ ᠪᠠᠶᠢᠴᠠᠭᠠᠵᠤ᠂ ᠳᠤᠲᠠᠭᠳᠠᠯ ᠢ ᠪᠠᠶᠢᠴᠠᠭᠠᠨ ᠨᠥᠬᠦᠪᠦᠷᠢᠯᠡᠵᠦ᠂ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠬᠡᠷᠡᠭᠲᠡᠢ᠃ ︽ᠬᠢᠩᠭᠠᠨ ᠠᠶᠢᠮᠠᠭ ᠤᠨ ᠨᠠᠮ ᠤᠨ ᠭᠡᠰᠢᠭᠦᠨ ᠨᠢᠭᠡ ᠪᠦᠰᠡ ᠬᠤᠶᠠᠷ᠂ ᠤᠯᠤᠰ ᠢᠶᠠᠨ ᠬᠦᠴᠦᠷᠬᠡᠭᠵᠢᠭᠦᠯᠬᠦ ᠶᠢ ᠰᠤᠷᠤᠯᠴᠠᠵᠦ ᠲᠦᠷᠪᠡᠨ ᠣᠷᠣᠨ ᠳᠤ ᠲᠠᠪᠰᠢᠨ ᠣᠷᠣᠬᠤ︾ ᠪᠠ ︽ᠤᠯᠤᠰ ᠢᠶᠠᠨ ᠬᠦᠴᠦᠷᠬᠡᠭᠵᠢᠭᠦᠯᠬᠦ᠂ ᠰᠡᠳᠬᠢᠯ ᠢᠶᠠᠨ ᠨᠢᠭᠡᠳᠬᠡᠬᠦ᠂ ᠭᠤᠷᠪᠠ ᠶᠢ ᠰᠤᠷᠤᠯᠴᠠᠵᠦ ᠨᠢᠭᠡ ᠶᠢ ᠡᠭᠦᠳᠬᠦ︾ ᠵᠡᠷᠭᠡ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠤᠯᠠᠨ ᠲᠦᠮᠡᠨ ᠢ ᠬᠥᠲᠥᠯᠥᠨ ᠳᠠᠭᠠᠭᠤᠯᠵᠤ ᠳᠠᠳᠬᠠᠯ ᠲᠠᠢ ᠪᠣᠯᠭᠠᠵᠤ᠂ ᠦᠨᠡᠨᠬᠦ ᠲᠠᠷᠢᠬᠢᠨ ᠳᠤ ᠬᠠᠳᠠᠩᠰᠢᠭᠤᠯᠵᠤ ᠰᠡᠳᠬᠢᠯ ᠳᠤ ᠬᠠᠳᠠᠩᠰᠢᠭᠤᠯᠬᠤ ᠬᠡᠷᠡᠭᠲᠡᠢ᠃       ᠸᠠᠩ ᠶᠦᠩ ᠵᠢᠶᠠ ᠣᠪᠣᠷ ᠢᠶᠠᠨ ᠢᠯᠡᠳᠬᠡᠬᠦ ᠶᠠᠷᠢᠶᠠᠨ ᠳᠠᠭᠠᠨ᠂ ᠲᠦᠴᠢᠦᠸᠠᠨ ᠰᠢᠶᠠᠨ ᠤ ᠬᠢᠨ ᠲᠤᠰ ᠤᠳᠠᠭ᠎ᠠ ᠶᠢᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠪᠣᠯᠣᠨ ᠠᠬ᠎ᠠ ᠳᠡᠭᠦᠦ ᠬᠤᠰᠢᠭᠤ ᠬᠤᠳᠠ ᠲᠠᠢ ᠢᠯᠡᠭᠦᠬᠡᠨ ᠣᠯᠣᠯᠴᠠᠵᠤ ᠢᠯᠡᠭᠦᠬᠡᠨ ᠰᠣᠯᠢᠯᠴᠠᠵᠤ᠂ ᠭᠦᠨᠵᠡᠭᠡᠢ ᠰᠤᠷᠤᠯᠴᠠᠵᠤ᠂ ᠪᠦᠬᠦ ᠰᠢᠶᠠᠨ ᠤ ᠡᠯ᠎ᠡ ᠵᠦᠢᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠦᠷᠭᠦᠯᠵᠢᠯᠡᠨ ᠠᠬᠢᠭᠤᠯᠤᠨ᠎ᠠ ᠭᠡᠵᠦ ᠵᠢᠭᠠᠵᠤ ᠭᠠᠷᠭᠠᠪᠠ᠃      ᠪᠠᠶᠢᠴᠠᠭᠠᠬᠤ ᠬᠤᠭᠤᠴᠠᠭᠠᠨ ᠳᠤ᠂ ᠠᠵᠢᠯᠯᠠᠬᠤ ᠳᠤᠭᠤᠶᠢᠯᠠᠩ ᠤᠨ ᠬᠢᠨ ᠤᠷᠢᠳ ᠬᠤᠵᠢᠳ ᠲᠦᠴᠢᠦᠸᠠᠨ ᠰᠢᠶᠠᠨ ᠤ ᠴᠠᠭ ᠠᠭᠤᠷ ᠤᠨ ᠲᠣᠪᠴᠢᠶ᠎ᠠ ᠳᠤ ᠭᠦᠨᠵᠡᠭᠡᠶᠢᠷᠡᠵᠦ᠂ ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠭᠤᠸᠠᠩ ᠮᠢᠩ ᠨᠡᠶᠢᠭᠡᠮ ᠲᠣᠭᠤᠷᠢᠭ᠂ ᠲᠠᠢ ᠫᠢᠩ ᠰᠢᠶᠠᠩ ᠤᠨ ᠦ᠋ ᠰᠠᠨ ᠲᠣᠰᠬᠤᠨ᠂ ᠰᠠᠢ ᠶᠢᠨ ᠬᠤᠸᠠ ᠲᠣᠰᠬᠤᠨ᠂ ᠱᠦᠢ ᠴᠢᠤᠸᠠᠨ ᠪᠠᠯᠭᠠᠰᠤᠨ ᠤ ᠵᠠᠰᠠᠭ ᠤᠨ ᠣᠷᠳᠣᠨ᠂ ᠾᠧ ᠹᠠ ᠲᠣᠰᠬᠤᠨ᠂ ᠲᠦᠷᠦᠯᠵᠢ ᠪᠠᠯᠭᠠᠰᠤᠨ ᠤ ᠬᠤᠩ ᠭᠤᠸᠠᠩ ᠲᠣᠰᠬᠤᠨ ᠵᠡᠷᠭᠡ ᠭᠠᠵᠠᠷ ᠤᠨ ᠬᠢᠨ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠮᠠᠲ᠋ᠧᠷᠢᠶᠠᠯ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠪᠦᠬᠦ ᠰᠢᠶᠠᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠣᠯᠣᠨ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠢ ᠪᠠᠶᠢᠴᠠᠭᠠᠨ ᠵᠢᠯᠣᠭᠤᠳᠪᠠ᠃
 
ᠢᠷᠡᠯᠲᠡ᠄ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号