ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠳ᠋ᠦᠩ ᠰᠢᠨ ᠶᠤᠸᠠᠢ ᠲᠦᠴᠢᠦᠸᠠᠨ ᠰᠢᠶᠠᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/6/21
     6 ᠰᠠᠷ᠎ᠠ ᠶᠢᠨ 21 ᠤ ᠡᠳᠦᠷ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠳ᠋ᠦᠩ ᠰᠢᠨ ᠶᠤᠸᠠᠢ ᠲᠦᠴᠢᠦᠸᠠᠨ ᠰᠢᠶᠠᠨ ᠳᠤ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ᠃ ᠵᠠᠩ ᠱᠤᠸᠠᠩ ᠴᠧᠩ᠂ ᠨᠢᠩ ᠬᠠᠢ ᠶᠠᠨ᠂ ᠯᠢᠦ ᡁᠢ ᠹᠧᠩ ᠵᠡᠷᠭᠡ ᠰᠢᠶᠠᠨ ᠤ ᠤᠳᠤᠷᠢᠳᠤᠯᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠳ᠋ᠦᠩ ᠰᠢᠨ ᠶᠤᠸᠠᠢ ᠲᠣᠰᠬᠤᠨ ᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ᠂ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠲᠥᠬᠦᠭᠡᠷᠦᠮᠵᠢᠲᠦ ᠲᠠᠷᠢᠶᠠᠯᠠᠩ ᠤᠨ ᠬᠦᠯᠡᠮᠵᠢ ᠳᠤ ᠬᠦᠷᠴᠦ᠂ ᠤᠷᠢᠳ ᠬᠤᠵᠢᠳ ᠶᠦᠩ ᠠᠨ ᠪᠠᠯᠭᠠᠰᠤ᠂ ᠱᠦᠢ ᠴᠢᠤᠸᠠᠨ ᠪᠠᠯᠭᠠᠰᠤ᠂ ᠲᠠᠢ ᠫᠢᠩ ᠰᠢᠶᠠᠩ ᠵᠡᠷᠭᠡ ᠵᠢᠷᠭᠤᠭᠠᠨ ᠰᠢᠶᠠᠩ ᠪᠠᠯᠭᠠᠰᠤ ᠳᠤ ᠬᠦᠷᠴᠦ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ︽ᠵᠢᠷᠭᠤᠭᠠᠨ ᠲᠦᠷᠦᠯ ᠤᠨ ᠢᠨᠵᠧᠨᠧᠷᠢᠩ ᠵᠢᠷᠭᠤᠭ᠎ᠠ ᠶᠢ ᠲᠣᠰᠬᠤᠨ ᠡᠷᠦᠬᠡ ᠳᠤ ᠬᠦᠷᠭᠡᠬᠦ︾ ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ ᠵᠢᠱᠢᠶ᠎ᠡ ᠦᠵᠡᠭᠦᠯᠬᠦ ᠴᠡᠭ ᠢ ᠡᠭᠦᠳᠦᠨ ᠪᠠᠶᠢᠭᠤᠯᠬᠤ᠂ ︽ᠰᠢᠶᠣᠣ ᠵᠢᠩ ᠲᠥᠯᠥᠪᠯᠡᠭᠡ︾᠂ ᠬᠠᠮᠲᠤ ᠶᠢᠨ ᠠᠵᠤ ᠠᠬᠤᠢ ᠶᠢᠨ ︽ᠭᠤᠷᠪᠠ ᠭᠤᠷᠪᠠ ᠶᠢᠨ ᠳᠦᠷᠢᠮ ︾  ᠤᠨ ᠬᠠᠮᠢᠶᠠᠷᠤᠯᠲᠠ ᠶᠢᠨ ᠲᠣᠭᠲᠠᠴᠠ ᠶᠢ ᠠᠬᠢᠭᠤᠯᠬᠤ ᠵᠡᠷᠭᠡ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠶᠢᠨ ᠬᠠᠮᠲᠤ ᠪᠠᠯᠭᠠᠰᠤ ᠲᠣᠰᠬᠤᠨ ᠤ ᠺᠠᠳ᠋ᠷᠴᠤᠳ ᠲᠠᠢ ᠶᠠᠷᠢᠯᠴᠠᠪᠠ᠃    ᠳ᠋ᠦᠩ ᠰᠢᠨ ᠶᠤᠸᠠᠢ ᠲᠦᠴᠢᠦᠸᠠᠨ ᠰᠢᠶᠠᠨ ᠤ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ︽ᠵᠢᠷᠭᠤᠭᠠᠨ ᠵᠦᠢᠯ ᠤᠨ ᠢᠨᠵᠧᠨᠧᠷᠢᠩ ᠵᠢᠷᠭᠤᠭ᠎ᠠ ᠶᠢ ᠲᠣᠰᠬᠤᠨ ᠡᠷᠦᠬᠡ ᠳᠤ ᠬᠦᠷᠭᠡᠬᠦ︾ ᠠᠵᠢᠯ ᠢ ᠭᠦᠢᠴᠡᠳ ᠨᠤᠲᠠᠯᠠᠵᠠᠢ᠃ ᠲᠦᠴᠢᠦᠸᠠᠨ ᠰᠢᠶᠠᠨ ᠤ ᠬᠢᠨ ᠨᠠᠮ ᠤᠨ ᠪᠠᠶᠢᠭᠤᠯᠤᠯᠲᠠ ᠪᠠᠷ ᠬᠥᠲᠥᠴᠢ ᠪᠠ ᠬᠥᠳᠡᠭᠡ ᠲᠣᠰᠬᠤᠨ ᠢ ᠠᠬᠢᠭᠤᠯᠬᠤ ᠳᠤ ᠪᠣᠳᠠᠲᠠᠢ ᠠᠴᠢᠶᠠᠯᠠᠪᠤᠷᠢ ᠪᠠ ᠲᠠᠪᠴᠠᠩ ᠲᠠᠢ ᠪᠣᠯᠵᠤ᠂ ᠠᠵᠢᠯ ᠤᠨ ᠭᠠᠷᠳᠠᠴᠠ ᠨᠡᠩ ᠪᠠᠲᠤᠲᠠᠢ ᠪᠣᠯᠵᠤ᠂ ᠶᠡᠭᠡ ᠨᠠᠮ ᠤᠨ ᠪᠠᠶᠢᠭᠤᠯᠤᠯᠲᠠ ᠪᠠ ᠠᠭᠤᠰᠤᠯᠴᠠᠭᠰᠠᠨ ᠨᠠᠮ ᠤᠨ ᠪᠠᠶᠢᠭᠤᠯᠤᠯᠲᠠ ᠶᠢᠨ ᠪᠠᠶᠢᠷᠢᠰᠢᠯ ᠢ ᠪᠠᠶᠢᠭᠤᠯᠵᠤ᠂ ᠨᠠᠮ ᠤᠯᠠᠨ ᠲᠦᠮᠡᠨ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠵᠠᠢ ᠭᠡᠵᠦ ᠦᠵᠡᠭᠡᠳ᠂ ᠲᠦᠴᠢᠦᠸᠠᠨ ᠰᠢᠶᠠᠨ ᠤ ᠬᠢᠨ ᠦᠷᠭᠦᠯᠵᠢᠯᠡᠨ ᠬᠠᠶᠢᠨ ᠰᠦᠪᠡᠭᠴᠢᠯᠡᠵᠦ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃ ᠲᠡᠷᠡ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ︽ᠵᠢᠷᠭᠤᠭᠠᠨ ᠵᠦᠢᠯ ᠤᠨ ᠢᠨᠵᠧᠨᠧᠷᠢᠩ ᠵᠢᠷᠭᠤᠭ᠎ᠠ ᠶᠢ ᠲᠣᠰᠬᠤᠨ ᠡᠷᠦᠬᠡ ᠳᠤ ᠬᠦᠷᠭᠡᠬᠦ︾ ᠠᠵᠢᠯ ᠢᠶᠠᠷ ᠭᠠᠷᠳᠠᠴᠠ ᠪᠣᠯᠭᠠᠵᠤ᠂ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡ ᠶᠢ ᠲᠠᠰᠤᠷᠠᠯᠲᠠ ᠦᠭᠡᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠯᠠᠪᠳᠠᠭᠤᠨ ᠪᠠᠲᠤᠲᠠᠢ ᠪᠠᠷ ᠦᠨᠳᠦᠰᠦᠨ ᠱᠠᠲᠤᠨ ᠤ ᠠᠷᠠᠳ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ ᠬᠡᠷᠡᠭᠲᠡᠢ ᠭᠡᠵᠦ ᠱᠠᠭᠠᠷᠳᠠᠪᠠ᠃ ︽ᠬᠠᠮᠤᠭ ᠤᠨ ᠬᠦᠴᠦᠷᠬᠡᠭ ᠨᠠᠮ ᠤᠨ ᠡᠭᠦᠷ︾  ᠤᠨ ᠵᠢᠱᠢᠶ᠎ᠡ ᠦᠵᠡᠭᠦᠯᠬᠦ ᠴᠡᠭ ᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠵᠦ᠂ ᠴᠡᠭ ᠢᠶᠠᠷ ᠨᠡᠶᠢᠳᠡᠮ ᠢ ᠲᠠᠶᠢᠴᠢᠯᠠᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ︽ᠲᠦᠷᠪᠡᠨ ᠰᠢᠶᠠᠩ ᠤᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠵᠦ᠂ ᠨᠤᠲᠤᠭ ᠤᠨ ᠴᠢᠳᠠᠪᠤᠷᠢᠲᠠᠨ ᠢ ᠬᠥᠮᠥᠵᠢᠭᠦᠯᠬᠦ ᠶᠢ ᠦᠷᠭᠦᠯᠵᠢᠯᠡᠨ ᠴᠢᠩᠭᠠᠳᠬᠠᠵᠤ᠂ ᠦᠢᠯᠡᠰ ᠪᠣᠰᠬᠠᠵᠤ ᠪᠠᠶᠠᠵᠢᠯ ᠢ ᠳᠠᠶᠢᠴᠢᠯᠠᠬᠤ ︽ᠰᠢᠶᠣᠣ ᠵᠢᠩ ᠲᠥᠯᠥᠪᠯᠡᠭᠡ︾  ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠩ ᠤᠯᠠᠨ ᠬᠥᠮᠥᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠲᠤ ᠣᠷᠤᠯᠴᠠᠬᠤ ᠶᠢ ᠬᠥᠭᠵᠢᠭᠡᠬᠦ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠡᠨᠬᠦ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠬᠤ ᠪᠠᠷ ᠳᠠᠮᠵᠢᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠬᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠬᠡᠷᠡᠭᠲᠡᠢ ᠭᠡᠵᠡᠢ᠃        ᠳ᠋ᠦᠩ ᠰᠢᠨ ᠶᠤᠸᠠᠢ ᠪᠠᠰᠠ ᠲᠦᠴᠢᠦᠸᠠᠨ ᠰᠢᠶᠠᠨ ᠤ ᠭᠤᠣᠯᠳᠠᠯᠭ᠎ᠠ ᠲᠠᠢ ᠢᠨᠵᠧᠨᠧᠷᠢᠩ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃
 
ᠢᠷᠡᠯᠲᠡ᠄ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号