ᠲᠦᠴᠢᠦᠸᠠᠨ ᠰᠢᠶᠠᠨ ᠪᠣᠯᠣᠨ ᠹᠠᠩ ᠱᠠᠨ ᠲᠣᠭᠤᠷᠢᠭ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠲᠤᠬᠠᠢ ᠬᠠᠮᠲᠤᠷᠠᠭᠰᠠᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/23
    6 ᠰᠠᠷ᠎ᠠ ᠶᠢᠨ 23 ᠤ ᠡᠳᠦᠷ᠂ ᠹᠠᠩ ᠱᠠᠨ ᠲᠣᠭᠤᠷᠢᠭ ︱ ᠲᠦᠴᠢᠦᠸᠠᠨ ᠰᠢᠶᠠᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠵᠤ᠂ ᠹᠠᠩ ᠱᠠᠨ ᠤ ᠲᠦᠴᠢᠦᠸᠠᠨ ᠬᠤᠶᠠᠷ ᠭᠠᠵᠠᠷ ᠤᠨ ᠨᠡᠪᠲᠡᠷᠡᠯᠴᠡᠭᠡ ᠬᠠᠷᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠶᠠᠷ ᠲᠠᠯ᠎ᠠ ᠪᠠᠷ ᠢᠶᠠᠨ ᠲᠠᠷᠠᠭᠠᠴᠢ ᠶᠢᠨ ᠠᠯᠬᠤᠮ ᠤᠨ ᠬᠠᠮᠵᠢᠯᠴᠠᠬᠤ ᠠᠵᠢᠯ ᠤᠨ ᠲᠠᠯ᠎ᠠ ᠪᠠᠷ ᠰᠣᠯᠢᠯᠴᠠᠭ᠎ᠠ ᠥᠷᠨᠢᠭᠦᠯᠪᠡ᠃   ᠹᠠᠩ ᠱᠠᠨ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠯᠢᠦᠢ ᠴᠧᠨ ᠹᠧᠢ ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ᠂ ᠲᠡᠷᠡ ᠵᠢᠭᠠᠵᠤ ᠭᠠᠷᠭᠠᠭᠰᠠᠨ ᠨᠢ᠂ ᠬᠤᠶᠠᠷ ᠭᠠᠵᠠᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠷᠭᠦᠯᠵᠢᠯᠡᠨ ᠳᠡᠭᠡᠭᠰᠢᠯᠡᠭᠦᠯᠵᠦ᠂ ᠬᠠᠮᠵᠢᠯᠴᠠᠭᠠᠨ ᠤ ᠦᠷ᠎ᠡ ᠪᠦᠲᠦᠭᠡᠯ ᠪᠠ ᠦᠢᠯᠡᠳᠦᠯᠭᠡ ᠶᠢᠨ ᠲᠤᠷᠰᠢᠯᠭ᠎ᠠ ᠪᠠᠨ ᠦᠷᠭᠦᠯᠵᠢᠯᠡᠨ ᠪᠠᠬᠢᠵᠢᠭᠦᠯᠵᠦ᠂ ᠬᠠᠮᠵᠢᠯᠴᠠᠭᠠᠨ ᠤ ᠲᠣᠭᠲᠠᠴᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠬᠠᠮᠵᠢᠯᠴᠠᠭᠠᠨ ᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠲᠠ ᠦᠭᠡᠢ ᠲᠦᠯᠬᠢᠨ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃ ᠹᠠᠩ ᠱᠠᠨ ᠲᠣᠭᠤᠷᠢᠭ ᠤᠨ  ᠬᠢᠨ ᠪᠡᠯᠡ ᠮᠥᠩᠭᠦ᠂ ᠠᠵᠤ ᠦᠢᠯᠡᠰ᠂ ᠬᠡᠷᠡᠭᠯᠡᠭᠡ᠂ ᠬᠥᠳᠡᠯᠮᠦᠷᠢ ᠬᠦᠴᠦᠨ ᠤ ᠭᠠᠷᠭᠠᠯᠲᠠ ᠵᠡᠷᠭᠡ ᠬᠦᠷᠢᠶᠡᠨ ᠳᠤ ᠦᠷᠭᠦᠯᠵᠢᠯᠡᠨ ᠬᠦᠴᠦᠯᠡᠵᠦ᠂ ᠦᠷᠭᠦᠯᠵᠢᠯᠡᠬᠦ᠂ ᠤᠷᠳᠤ ᠬᠤᠭᠤᠴᠠᠭᠠᠨ ᠤ ᠪᠦᠲᠦᠮᠵᠢᠲᠡᠢ ᠣᠷᠣᠯᠭ᠎ᠠ ᠶᠢ ᠨᠡᠮᠡᠭᠳᠡᠭᠦᠯᠬᠦ ᠶᠢ ᠦᠨᠳᠦᠰᠦᠨ ᠠᠴᠠ ᠨᠢ ᠪᠡᠶᠡᠯᠡᠭᠦᠯᠦᠨ᠎ᠡ᠃ ᠰᠤᠷᠭᠠᠨ ᠬᠥᠮᠦᠵᠢᠯ᠂ ᠰᠣᠶᠣᠯ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠬᠦᠷᠢᠶᠡᠨ ᠤ ᠬᠠᠮᠲᠤᠷᠠᠯᠴᠠᠭᠠᠨ ᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠦᠴᠢᠦᠸᠠᠨ ᠰᠢᠶᠠᠨ ᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠲᠠᠨᠢᠯᠴᠠᠭᠤᠯᠭ᠎ᠠ ᠶᠢ ᠴᠢᠩᠭᠠᠳᠬᠠᠵᠤ᠂ ᠨᠡᠩ ᠤᠯᠠᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠲᠦᠴᠢᠦᠸᠠᠨ ᠰᠢᠶᠠᠨ ᠳᠤ ᠣᠴᠢᠭᠤᠯᠤᠨ ᠬᠥᠭᠵᠢᠭᠦᠯᠵᠦ᠂ ᠬᠠᠮᠵᠢᠯᠴᠠᠭᠠᠨ ᠤ ᠦᠷ᠎ᠡ ᠪᠦᠲᠦᠭᠡᠯ ᠢ ᠬᠠᠮᠲᠤ ᠪᠠᠷ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠪᠣᠯᠭᠠᠨ ᠬᠤᠪᠢᠷᠠᠭᠤᠯᠤᠨ᠎ᠠ᠃   ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠱᠤᠸᠠᠩ ᠴᠧᠩ ᠶᠠᠷᠢᠶᠠᠨ ᠳᠠᠭᠠᠨ ᠹᠠᠩ ᠱᠠᠨ ᠲᠣᠭᠤᠷᠢᠭ ᠤᠨ ᠤᠯᠠᠨ ᠵᠢᠯ ᠤᠨ ᠲᠤᠷᠰᠢ ᠮᠠᠨ ᠤ ᠰᠢᠶᠠᠨ ᠳᠤ ᠦᠵᠡᠭᠦᠯᠦᠭᠰᠡᠨ ᠳᠡᠮᠵᠢᠯᠭᠡ ᠪᠠ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠲᠦᠴᠢᠦᠸᠠᠨ ᠰᠢᠶᠠᠨ ᠤ ᠬᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠡᠭᠦᠷᠭᠡ ᠪᠠᠨ ᠴᠢᠨᠠᠭᠰᠢᠳᠠ ᠨᠠᠷᠢᠯᠢᠭᠵᠢᠭᠤᠯᠤᠨ ᠬᠤᠪᠢᠶᠠᠷᠢᠯᠠᠵᠤ᠂ ᠪᠣᠳᠠᠲᠠᠢ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠡᠯ᠎ᠡ ᠭᠤᠭᠴᠤᠭ᠎ᠠ ᠳᠤ ᠠᠳᠬᠤᠬᠤ ᠬᠥᠮᠥᠨ ᠲᠠᠢ᠂ ᠬᠠᠮᠢᠶᠠᠷᠬᠤ ᠬᠥᠮᠥᠨ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠴᠢᠩᠭ᠎ᠠ ᠵᠢᠷᠤᠮᠯᠠᠨ᠂ ᠲᠤᠰᠬᠠᠢ ᠬᠥᠮᠥᠨ ᠲᠣᠬᠢᠷᠠᠭᠤᠯᠤᠨ ᠮᠥᠷᠳᠡᠨ ᠦᠢᠯᠡᠴᠢᠯᠡᠭᠦᠯᠵᠦ᠂ ᠬᠠᠪᠰᠤᠷᠤᠨ ᠲᠡᠳᠬᠦᠬᠦ ᠲᠥᠷᠥᠯ ᠵᠦᠢᠯ ᠢ ᠡᠷᠲᠡᠬᠡᠨ ᠪᠡᠶᠡᠯᠡᠭᠦᠯᠵᠦ᠂ ᠡᠷᠲᠡᠬᠡᠨ ᠦᠷ᠎ᠡ ᠪᠦᠲᠦᠮᠵᠢ ᠣᠯᠬᠤ ᠶᠢ ᠬᠦᠴᠦᠯᠡᠨ ᠠᠬᠢᠭᠤᠯᠤᠨ᠎ᠠ᠃ ᠡᠭᠦᠨ ᠤ ᠬᠠᠮᠲᠤ ᠥᠩᠭᠡᠷᠡᠭᠰᠡᠨ ᠤ ᠲᠦᠷᠦᠯ ᠵᠦᠢᠯ ᠳᠤ ︽ᠡᠷᠬᠢᠨ ᠬᠠᠷᠠᠬᠤ︾ ᠶᠢ ᠬᠡᠷᠡᠭᠵᠢᠭᠦᠯᠵᠦ᠂ ᠬᠠᠮᠤᠭ ᠤᠨ ᠶᠡᠭᠡ ᠦᠷ᠎ᠡ ᠠᠰᠢᠭ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ᠃ ᠦᠢᠯᠡᠴᠢᠯᠡᠭᠡᠨ ᠤ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠪᠡᠭᠡᠵᠢᠩ ᠠᠴᠠ ᠲᠦᠴᠢᠦᠸᠠᠨ ᠳᠤ ᠬᠦᠷᠴᠦ ᠪᠡᠯᠡ ᠣᠷᠣᠭᠤᠯᠤᠨ ᠦᠢᠯᠡᠰ ᠬᠥᠭᠵᠢᠭᠦᠯᠵᠦ ᠪᠠᠶᠢᠭ᠎ᠠ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ᠂ ᠥᠨᠳᠥᠷ ᠦᠷ᠎ᠡ ᠪᠦᠲᠦᠮᠵᠢᠲᠡᠶ ᠪᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠨᠢᠭᠲᠠ ᠣᠯᠣᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠲᠦᠷ ᠴᠠᠭ ᠲᠤᠰᠢᠶᠠᠯ ᠡᠭᠦᠷᠭᠡᠯᠡᠬᠦ ᠺᠠᠳ᠋ᠷᠴᠤᠳ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮᠵᠢᠯᠴᠠᠬᠤ ᠬᠦᠷᠢᠶ᠎ᠡ ᠪᠠᠨ ᠲᠠᠰᠤᠷᠠᠯᠳᠠ ᠦᠭᠡᠢ ᠥᠷᠭᠡᠳᠬᠡᠨ᠎ᠡ᠃   ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠵᠦ᠂ ᠪᠠᠰᠠ ᠲᠦᠴᠢᠦᠸᠠᠨ ᠰᠢᠶᠠᠨ ᠤ ᠬᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ  ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠰᠦᠯᠵᠢᠶᠡᠨ ᠳᠡᠭᠡᠷ᠎ᠡ ᠵᠣᠯᠭᠠᠭᠤᠯᠬᠤ ᠶᠢ ᠢᠳᠡᠪᠬᠢᠲᠡᠢ ᠪᠥᠭᠡᠳ ᠰᠠᠨᠠᠭᠠᠴᠢᠯᠠᠭ᠎ᠠ   ᠠᠴᠠ ᠪᠠᠨ ᠲᠦᠷᠭᠡᠳᠬᠡᠵᠦ᠂ ᠬᠡᠷᠡᠭᠯᠡᠭᠡ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠵᠡᠷᠭᠡ ᠬᠢᠨᠠᠨ ᠰᠢᠯᠭᠠᠬᠤ ᠡᠭᠦᠷᠭᠡ ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ ᠢ ᠪᠥᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠤᠬᠠᠭᠤᠯᠬᠤ ᠡᠷᠴᠢᠮ ᠢ ᠴᠢᠩᠭᠠᠷᠠᠭᠤᠯᠤᠨ᠂ ᠬᠠᠮᠵᠢᠯᠴᠠᠭᠰᠠᠨ ᠦᠷ᠎ᠡ ᠪᠦᠲᠦᠭᠡᠯ ᠢ ᠨᠡᠯᠢᠶᠡᠳ ᠰᠠᠶᠢᠨ ᠪᠥᠭᠡᠳ ᠠᠮᠢᠳᠤᠯᠢᠭ ᠪᠠᠶᠢᠬᠤ ᠶᠢ ᠪᠠᠲᠤᠯᠠᠵᠤ᠂ ᠶᠠᠳᠠᠭᠤ   ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠳᠤ ᠪᠥᠬᠦ ᠲᠠᠯ᠎ᠠ ᠪᠠᠷ ᠬᠦᠴᠦᠨ ᠨᠡᠮᠡᠷᠢᠯᠡᠨ᠎ᠡ᠃
 
ᠢᠷᠡᠯᠲᠡ᠄ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号