ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠧᠨ ᠳ᠋ᠦᠩ ᠨᠠᠷ ᠲᠦᠴᠢᠦᠸᠠᠨ ᠰᠢᠶᠠᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2022/6/24
       6 ᠰᠠᠷ᠎ᠠ ᠶᠢᠨ 23 ᠤ ᠡᠳᠦᠷ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠧᠨ ᠳ᠋ᠦᠩ ᠨᠠᠷ ᠲᠦᠴᠢᠦᠸᠠᠨ ᠰᠢᠶᠠᠨ ᠳᠤ ᠬᠦᠷᠴᠦ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠠᠵᠢᠯ ᠢ ᠪᠠᠶᠢᠴᠠᠭᠠᠨ ᠰᠤᠳᠤᠯᠵᠤ᠂ ᠸᠠᠩ ᠶᠠᠨ ᠪᠥᠸᠧ ᠵᠡᠷᠭᠡ ᠰᠢᠶᠠᠨ ᠤ ᠤᠳᠤᠷᠢᠳᠤᠯᠭ᠎ᠠ ᠵᠢᠴᠢ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃     ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠴᠢᠩ ᠶᠤᠸᠠᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠨᠠᠨ ᠬᠤ᠋ ᠨᠠᠭᠤᠷ ᠤᠨ ᠨᠤᠭᠤ ᠭᠠᠵᠠᠷ ᠵᠢᠴᠢ ᠪᠠᠭ᠎ᠠ ᠡᠮᠳᠦ ᠶᠢᠨ ᠭᠤᠣᠯ ᠤᠨ ᠠᠮᠢ ᠠᠬᠤᠢ ᠶᠢ ᠰᠡᠷᠭᠦᠭᠡᠬᠦ ᠲᠦᠷᠦᠯ ᠵᠦᠢᠯ ᠤᠨ ᠲᠤᠬᠠᠢ ᠶᠢᠨ ᠲᠠᠯᠠᠪᠠᠢ᠂ ᠭᠤᠣᠯ ᠴᠡᠴᠡᠷᠯᠢᠭ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ᠂ ᠡᠮᠳᠦ ᠶᠢᠨ ᠭᠤᠣᠯ ᠤᠨ ᠶᠡᠷᠦᠩᠬᠡᠶᠢᠯᠡᠭᠰᠡᠨ ᠵᠠᠰᠠᠯᠲᠠ ᠵᠢᠴᠢ ᠪᠢᠨ ᠾᠧ ᠴᠡᠴᠡᠷᠯᠢᠭ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ᠂ ᠲᠠᠢ ᠫᠢᠩ ᠰᠢᠶᠠᠩ ᠤᠨ ᠦ᠋ ᠰᠠᠨ ᠲᠣᠰᠬᠤᠨ᠂  ᠲᠦᠷᠦᠯᠵᠢ ᠪᠠᠯᠭᠠᠰᠤᠨ ᠤ ᠬᠤᠩ ᠭᠤᠸᠠᠩ ᠲᠣᠰᠬᠤᠨ᠂ ᠶᠦᠩ ᠠᠨ ᠪᠠᠯᠭᠠᠰᠤᠨ ᠤ ᠰᠧ ᠵᠢᠶᠠ ᠽᠢ ᠲᠣᠰᠬᠤᠨ ᠳᠤ ᠬᠦᠷᠴᠡᠢ᠃ ᠪᠣᠬᠢᠷ ᠤᠰᠤ ᠶᠢ ᠰᠢᠢᠳᠪᠦᠷᠢᠯᠡᠬᠦ ᠪᠠ ᠠᠰᠢᠭᠯᠠᠬᠤ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠵᠢᠴᠢ ᠤᠰᠤ ᠬᠠᠩᠭᠠᠬᠤ ᠤᠰᠤ ᠵᠠᠯᠠᠬᠤ ᠶᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠬᠡᠷᠡᠭᠲᠡᠢ᠃     ᠪᠠᠶᠢᠴᠠᠭᠠᠨ ᠰᠤᠳᠤᠯᠬᠤ ᠳᠤᠭᠤᠶᠢᠯᠠᠩ ᠠᠴᠠ ᠲᠦᠴᠢᠦᠸᠠᠨ ᠰᠢᠶᠠᠨ ᠤ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠨᠤᠲᠠᠯᠠᠬᠤ ᠶᠢᠨ ᠬᠠᠮᠲᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠴᠢᠩᠭᠠᠳᠬᠠᠬᠤ ᠨᠢ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠪᠠ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠨ᠎ᠠ ᠭᠡᠵᠦ ᠵᠢᠭᠠᠵᠤ ᠭᠠᠷᠭᠠᠪᠠ᠃ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠰᠤᠨ ᠤ ᠡᠬᠢ ᠪᠠᠶᠠᠯᠢᠭ ᠤᠨ ᠪᠠᠶᠢᠯᠳᠤᠬᠤ ᠪᠣᠳᠣᠯᠭ᠎ᠠ ᠶᠢᠨ ᠦᠵᠡᠯ ᠤᠬᠠᠮᠰᠠᠷ᠂ ᠰᠠᠨᠠᠭᠠᠰᠢᠷᠠᠨ ᠵᠣᠪᠠᠨᠢᠬᠤ ᠦᠵᠡᠯ ᠤᠬᠠᠮᠰᠠᠷ᠂ ᠲᠦᠭᠰᠢᠭᠦᠷᠢ ᠶᠢᠨ ᠦᠵᠡᠯ ᠤᠬᠠᠮᠰᠠᠷ ᠢᠶᠠᠨ ᠴᠢᠩᠭᠠᠳᠬᠠᠵᠤ᠂ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠪᠠ ᠵᠦᠢ ᠵᠣᠬᠢᠰᠲᠠᠢ ᠠᠰᠢᠭᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠠᠵᠢᠯ ᠲᠦᠷᠦᠯ ᠢ ᠬᠠᠮᠢᠶᠠᠷᠬᠤ ᠳᠤ ᠤᠰᠤ ᠠᠷᠪᠢᠯᠠᠬᠤ ᠶᠢ ᠬᠠᠮᠢᠶᠠᠷᠬᠤ ᠣᠶᠢᠯᠠᠭᠠᠭᠳᠠᠬᠤᠨ ᠢ ᠪᠤᠢ ᠪᠣᠯᠭᠠᠵᠤ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠤᠰᠤ ᠬᠡᠷᠡᠭᠯᠡᠬᠦ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠬᠢᠨᠠᠨ ᠲᠣᠭᠲᠠᠭᠠᠬᠤ ᠬᠡᠷᠡᠭᠲᠡᠢ᠃ ᠤᠰᠤ ᠠᠷᠪᠢᠯᠠᠬᠤ ᠬᠡᠯᠪᠡᠷᠢ ᠶᠢᠨ ᠦᠢᠯᠡᠳᠪᠦᠷᠢᠯᠡᠯ ᠠᠮᠢᠳᠤᠷᠠᠯ ᠤᠨ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠵᠦ᠂ ᠳᠠᠬᠢᠯᠲᠠ ᠤᠰᠤᠨ ᠤ ᠡᠬᠢ ᠪᠠᠶᠠᠯᠢᠭ ᠢ ᠰᠠᠶᠢᠲᠤᠷ ᠨᠡᠭᠡᠭᠡᠨ ᠠᠰᠢᠭᠯᠠᠵᠤ᠂ ᠠᠵᠤ ᠦᠢᠯᠡᠳᠪᠦᠷᠢ ᠶᠢᠨ ᠦᠢᠯᠡᠳᠪᠦᠷᠢᠯᠡᠯ᠂ ᠠᠮᠢ ᠠᠬᠤᠢ ᠶᠢᠨ ᠨᠣᠭᠤᠭᠠᠷᠠᠭᠤᠯᠤᠯᠲᠠ ᠵᠡᠷᠭᠡ ᠵᠦᠢᠯᠡᠰ ᠲᠤ ᠨᠡᠩ ᠰᠠᠶᠢᠲᠤᠷ ᠬᠡᠷᠡᠭᠯᠡᠵᠦ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠤᠰᠤ ᠠᠷᠪᠢᠯᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠤᠰᠤ ᠠᠷᠪᠢᠯᠠᠬᠤ ᠶᠢ ᠪᠦᠬᠦ ᠠᠷᠠᠳ ᠤᠨ ᠠᠵᠢᠯᠯᠠᠭ᠎ᠠ᠂ ᠪᠦᠬᠦ ᠠᠷᠠᠳ ᠤᠨ ᠬᠠᠮᠲᠤ ᠶᠢᠨ ᠲᠠᠨᠢᠯᠲᠠ ᠪᠣᠯᠭᠠᠵᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢ ᠴᠢᠷᠮᠠᠶᠢᠨ ᠪᠠᠶᠢᠭᠤᠯᠬᠤ ᠬᠡᠷᠡᠭᠲᠡᠢ᠃
 
ᠢᠷᠡᠯᠲᠡ᠄ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号