ᠬᠤᠸᠠᠩ ᠶᠢᠨ ᠴᠠᠩ᠄ ᠴᠡᠷᠢᠭ ᠤᠨ ᠬᠥᠮᠥᠨ ᠤ ᠮᠥᠨ ᠴᠢᠨᠠᠷ  ᠢ ᠠᠷᠠᠳ ᠣᠯᠠᠨ ᠳᠤ ᠦᠢᠯᠡᠴᠢᠯᠡᠬᠦ ᠳᠤ ᠭᠢᠯᠠᠯᠵᠠᠭᠤᠯᠤᠨ᠎ᠠ
ᠨᠡᠶᠢᠲᠡᠯᠡᠭᠰᠡᠨ ᠴᠠᠭ᠄
2022/6/27
   ︽ᠪᠢᠳᠡ ᠴᠡᠷᠢᠭ ᠬᠥᠮᠥᠨ ᠤ ᠡᠭᠦᠷᠭᠡ ᠬᠠᠷᠢᠭᠤᠴᠠᠯᠭ᠎ᠠ ᠶᠢ ᠴᠠᠭ ᠢᠮᠠᠭᠲᠠ ᠪᠠᠲᠤ ᠴᠡᠭᠡᠵᠢᠯᠡᠵᠦ᠂ ᠴᠡᠷᠢᠭ ᠠᠴᠠ ᠬᠠᠯᠠᠭᠳᠠᠬᠤ ᠳᠤ ᠥᠩᠭᠡ ᠪᠠᠨ ᠠᠯᠳᠠᠬᠤ ᠦᠭᠡᠢ᠂ ᠴᠡᠷᠢᠭ ᠤᠨ ᠰᠡᠳᠬᠢᠯ ᠢᠶᠠᠨ ᠬᠡᠪ ᠢᠶᠠᠷ ᠪᠠᠶᠢᠯᠭᠠᠵᠤ᠂ ᠤᠭ ᠰᠠᠨᠠᠭ᠎ᠠ ᠪᠠᠨ ᠦᠯᠦ ᠬᠤᠪᠢᠷᠠᠭᠤᠯᠬᠤ ᠬᠡᠷᠡᠭᠲᠡᠢ︾᠃ ᠭᠡᠵᠦ ᠲᠦᠴᠢᠦᠸᠠᠨ ᠰᠢᠶᠠᠨ ᠤ ᠲᠠᠢ ᠫᠢᠩ ᠰᠢᠶᠠᠩ ᠤᠨ ᠰᠠᠢ ᠶᠢᠨ ᠬᠤᠸᠠ ᠲᠣᠰᠬᠤᠨ ᠤ ᠨᠠᠮ ᠤᠨ ᠡᠭᠦᠷ ᠤᠨ ᠱᠦᠵᠢ ᠬᠤᠸᠠᠩ ᠶᠢᠨ ᠴᠠᠩ ᠬᠡᠯᠡᠪᠡ᠃     ᠣᠶᠢᠷ᠎ᠠ ᠳᠤ᠂ ᠬᠢᠩᠭᠠᠨ ᠠᠶᠢᠮᠠᠭ ᠲᠤ ᠶᠠᠪᠤᠭᠳᠠᠭᠰᠠᠨ ᠴᠡᠷᠢᠭ ᠠᠴᠠ ᠬᠠᠯᠠᠭᠳᠠᠭᠰᠠᠳ ᠵᠢᠴᠢ ᠪᠤᠰᠤᠳ ᠬᠠᠷᠠᠭᠠᠯᠵᠠᠯ ᠭᠥᠷᠳᠡᠬᠦ ᠡᠲᠡᠭᠡᠳ ᠤᠨ ᠬᠠᠷᠠᠭᠠᠯᠵᠠᠯ ᠤᠨ ᠦᠨᠡᠮᠯᠡᠯ ᠢ ᠠᠩᠬ᠎ᠠ ᠣᠯᠭᠤᠬᠤ ᠶᠣᠰᠣᠯᠠᠯ ᠳᠡᠭᠡᠷ᠎ᠡ᠂ ᠨᠡᠶᠢᠲᠡ 10 ᠴᠡᠷᠢᠭ ᠠᠴᠠ ᠬᠠᠯᠠᠭᠳᠠᠭᠰᠠᠳ ᠵᠢᠴᠢ ᠪᠤᠰᠤᠳ ᠬᠠᠷᠠᠭᠠᠯᠵᠠᠯ ᠭᠥᠷᠳᠡᠬᠦ ᠡᠲᠡᠭᠡᠳ ᠤᠨ ᠲᠥᠯᠥᠭᠡᠯᠡᠭᠴᠢ ᠳᠤ ᠬᠠᠷᠠᠭᠠᠯᠵᠠᠯ ᠤᠨ ᠦᠨᠡᠮᠯᠡᠯ ᠣᠯᠭᠤᠵᠠᠢ᠂ ᠬᠤᠸᠠᠩ ᠶᠢᠨ ᠴᠠᠩ ᠪᠣᠯ ᠲᠡᠳᠡᠨ ᠤ ᠳᠣᠲᠣᠷᠠᠬᠢ ᠨᠢᠭᠡ ᠭᠡᠰᠢᠭᠦᠨ ᠪᠣᠯᠣᠨ᠎ᠠ᠃     ᠰᠠᠶᠢᠨ ᠬᠤᠸᠠ ᠲᠣᠰᠬᠤᠨ ᠤ ᠨᠠᠮ ᠤᠨ ᠶᠡᠷᠦᠩᠬᠡᠢ ᠡᠭᠦᠷ ᠤᠨ ᠱᠦᠵᠢ ᠪᠣᠯᠤᠭᠰᠠᠨ ᠤ ᠬᠤᠪᠢ ᠳᠤ᠂ ᠬᠤᠸᠠᠩ ᠶᠢᠨ ᠴᠠᠩ᠄ ︽ᠠᠷᠠᠳ ᠤᠯᠠᠨ ᠳᠤ ᠪᠣᠳᠠᠲᠠᠢ ᠶᠠᠪᠤᠳᠠᠯ ᠢ ᠰᠠᠶᠢᠲᠤᠷ ᠬᠢᠵᠦ᠂ ᠠᠰᠠᠭᠤᠳᠠᠯ ᠢ ᠰᠠᠶᠢᠲᠤᠷ ᠰᠢᠢᠳᠪᠦᠷᠢᠯᠡᠪᠡᠯ ᠰᠠᠶ᠋ᠢ ᠤᠭ ᠰᠠᠨᠠᠭ᠎ᠠ ᠪᠣᠯᠣᠨ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ ᠴᠢᠳᠠᠨ᠎ᠠ︾ ᠭᠡᠵᠦ ᠦᠷᠭᠦᠯᠵᠢ ᠬᠡᠯᠡᠳᠡᠭ᠃    ᠠᠷᠠᠳ ᠤᠯᠠᠨ ᠢ ᠰᠠᠶᠢᠨ ᠰᠠᠶᠢᠬᠠᠨ ᠠᠮᠢᠳᠤᠷᠠᠭᠤᠯᠬᠤ ᠶᠢᠨ ᠲᠥᠯᠥᠭᠡ᠂ ᠬᠤᠸᠠᠩ ᠶᠢᠨ ᠴᠠᠩ ᠲᠣᠰᠬᠤᠨ ᠤ ᠤᠳᠤᠷᠢᠳᠬᠤ ᠪᠠᠭ ᠢᠶᠠᠨ ᠳᠠᠭᠠᠭᠤᠯᠤᠨ ᠠᠵᠤ ᠦᠢᠯᠡᠰ ᠤᠨ ᠪᠦᠲᠦᠴᠡ ᠳᠤ ᠶᠡᠭᠡ ᠬᠦᠴᠦᠨ ᠢᠶᠠᠷ ᠲᠣᠬᠢᠷᠠᠭᠤᠯᠤᠯᠲᠠ ᠬᠢᠵᠦ᠂ ︽ᠮᠢᠩᠭᠠᠨ ᠵᠢᠩ ᠠᠮᠤ ᠪᠤᠳᠠᠭ᠎ᠠ︾ ᠶᠢᠨ ᠤᠰᠤ ᠠᠷᠪᠢᠯᠠᠵᠤ ᠠᠮᠤ ᠪᠤᠳᠠᠭ᠎ᠠ ᠨᠡᠮᠡᠭᠳᠡᠭᠦᠯᠬᠦ ᠲᠦᠷᠦᠯ ᠵᠦᠢᠯ ᠢ ᠪᠠᠶᠢᠭᠤᠯᠵᠤ᠂ 150 ᠲᠠᠷᠢᠶᠠᠴᠢᠨ ᠡᠷᠦᠬᠡ ᠳᠤ ᠠᠰᠢᠭ ᠬᠦᠷᠲᠡᠭᠡᠵᠦ᠂ ᠡᠷᠦᠬᠡ ᠪᠦᠷᠢ ᠳᠤ ᠳᠤᠮᠳᠠᠴᠢ ᠪᠠᠷ 1000 ᠲᠥᠭᠦᠷᠢᠭ ᠤᠨ ᠣᠷᠣᠯᠭ᠎ᠠ ᠨᠡᠮᠡᠭᠰᠡᠭᠡᠷ ᠢᠷᠡᠵᠠᠢ᠂ ᠲᠣᠰᠬᠤᠨ ᠤ ᠠᠷᠠᠳ ᠸᠠᠩ ᠳ᠋ᠦᠩ ᠱᠧᠩ ᠪᠣᠯ ᠳᠠᠷᠤᠢ ᠠᠰᠢᠭ ᠭᠥᠷᠳᠡᠭᠰᠡᠨ ᠨᠢᠭᠡ ᠪᠦᠷᠢᠯᠳᠦᠭᠦᠨ ᠪᠣᠯᠣᠨ᠎ᠠ᠃ ᠠᠵᠤ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠸᠠᠩ ᠳ᠋ᠦᠩ ᠱᠧᠩ ᠤᠨ ᠬᠠᠷᠮᠠᠨ ᠤ ᠴᠦᠩᠬᠦ ᠴᠦ ᠭᠦᠳᠦᠶᠢᠵᠦ᠂ ᠥᠩᠭᠡᠷᠡᠭᠰᠡᠨ ᠤ ᠮᠦ ᠪᠦᠷᠢ ᠶᠢᠨ ᠤᠨᠠᠯᠲᠠ 1000 ᠵᠢᠩ ᠣᠷᠴᠢᠮ ᠪᠠᠶᠢᠭᠰᠠᠨ ᠠᠴᠠ ᠪᠠᠨ ᠤᠳᠤ ᠪᠣᠯᠬᠤ ᠳᠤ ᠮᠦ ᠪᠦᠷᠢ ᠶᠢᠨ ᠦᠢᠯᠡᠳᠪᠦᠷᠢᠯᠡᠯ ᠤᠨ ᠴᠢᠳᠠᠪᠤᠷᠢ 1500 ᠵᠢᠩ ᠣᠷᠴᠢᠮ ᠪᠣᠯᠬᠤ ᠪᠠᠷ ᠵᠢᠱᠢᠵᠦ ᠪᠠᠶᠢᠨ᠎ᠠ᠃    ᠤᠯᠠᠨ ᠲᠦᠮᠡᠨ ᠤ ᠤᠴᠢᠷ ᠶᠠᠪᠤᠳᠠᠯ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ᠂ ᠠᠷᠠᠳ ᠤᠯᠠᠨ ᠲᠠᠢ ᠨᠢᠭᠲᠠ ᠬᠤᠯᠪᠣᠭ᠎ᠠ ᠲᠠᠢ ᠶᠠᠪᠤᠳᠠᠯ ᠬᠤᠸᠠᠩ ᠶᠢᠨ ᠴᠠᠩ ᠴᠥᠮ ᠰᠠᠨᠠᠭ᠎ᠠ ᠵᠣᠪᠠᠵᠤ᠂ ᠤᠯᠠᠨ ᠲᠦᠮᠡᠨ ᠲᠠᠢ ᠬᠤᠯᠪᠣᠭᠳᠠᠬᠤ ᠶᠠᠪᠤᠳᠠᠯ ᠢ ᠳᠡᠪᠲᠡᠷ ᠳᠡᠭᠡᠷ᠎ᠡ ᠲᠡᠮᠳᠡᠭᠯᠡᠵᠦ᠂ ᠬᠡᠷᠬᠢᠨ ᠰᠢᠢᠳᠪᠦᠷᠢᠯᠡᠬᠦ᠂ ᠶᠠᠭᠠᠬᠢᠪᠠᠯ ᠰᠠᠶ᠋ᠢ ᠠᠷᠠᠳ ᠤᠯᠠᠨ ᠢ ᠰᠡᠳᠬᠢᠯ ᠬᠠᠨᠤᠮᠵᠢᠲᠠᠢ ᠪᠣᠯᠭᠠᠬᠤ ᠶᠢ ᠴᠠᠭ ᠢᠮᠠᠭᠲᠠ ᠪᠣᠳᠣᠯᠬᠢᠯᠠᠵᠤ ᠪᠠᠶᠢᠳᠠᠭ᠃ ᠤᠴᠢᠷ ᠢ ᠴᠠᠭ ᠢᠮᠠᠭᠲᠠ ᠠᠷᠠᠳ ᠤᠯᠠᠨ ᠲᠠᠢ ᠨᠢᠭᠲᠠ ᠬᠤᠯᠪᠣᠭ᠎ᠠ ᠲᠠᠢ ᠤᠴᠢᠷ ᠲᠤ ᠬᠤᠸᠠᠩ ᠶᠢᠨ ᠴᠠᠩ ᠰᠡᠳᠬᠢᠯ ᠵᠣᠪᠠᠵᠤ᠂ ᠤᠯᠠᠨ ᠲᠦᠮᠡᠨ ᠲᠠᠢ ᠬᠤᠯᠪᠣᠭᠳᠠᠬᠤ ᠶᠠᠪᠤᠳᠠᠯ ᠢ ᠳᠡᠪᠲᠡᠷ ᠳᠡᠭᠡᠷ᠎ᠡ ᠲᠡᠮᠳᠡᠭᠯᠡᠵᠦ᠂ ᠬᠡᠷᠬᠢᠨ ᠰᠢᠢᠳᠪᠦᠷᠢᠯᠡᠬᠦ᠂ ᠬᠡᠷᠬᠢᠨ ᠠᠷᠠᠳ ᠤᠯᠠᠨ ᠤ ᠰᠠᠨᠠᠭᠠᠨ ᠳᠤ ᠬᠦᠷᠬᠦ ᠶᠢ ᠴᠠᠭ ᠢᠮᠠᠭᠲᠠ ᠪᠣᠳᠣᠯᠬᠢᠯᠠᠬᠤ ᠬᠡᠷᠡᠭᠲᠡᠢ᠃    ᠠᠷᠠᠳ ᠢᠷᠭᠡᠳ ᠢ ᠳᠠᠭᠠᠭᠤᠯᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ ᠬᠥᠳᠡᠭᠡ ᠲᠣᠰᠬᠤᠨ ᠢ ᠬᠥᠭᠵᠢᠭᠦᠯᠬᠦ ᠶᠢᠨ ᠲᠥᠯᠥᠭᠡ᠂ ᠲᠡᠷᠡ ᠲᠡᠵᠢᠭᠡᠨ ᠦᠷᠡᠵᠢᠭᠦᠯᠬᠦ ᠲᠤᠰᠬᠠᠢ ᠬᠤᠷᠰᠢᠶ᠎ᠠ ᠶᠢ ᠳᠠᠩᠰᠠᠯᠠᠭᠤᠯᠤᠨ ᠪᠠᠶᠢᠭᠤᠯᠤᠭᠰᠠᠨ ᠪᠥᠭᠡᠳ ᠲᠡᠵᠢᠭᠡᠨ ᠦᠷᠡᠵᠢᠭᠦᠯᠬᠦ ᠲᠤᠷᠰᠢᠯᠭ᠎ᠠ ᠪᠠᠨ ᠲᠡᠵᠢᠭᠡᠨ ᠦᠷᠡᠵᠢᠭᠦᠯᠬᠦ ᠡᠷᠦᠬᠡ ᠳᠤ ᠬᠠᠷᠠᠮ ᠦᠭᠡᠢ ᠬᠤᠪᠢᠶᠠᠨ ᠡᠳ᠋ᠯᠡᠭᠦᠯᠵᠡᠢ᠃    ︽2018 ᠣᠨ ᠠᠴᠠ ᠡᠬᠢᠯᠡᠨ ᠦᠬᠡᠷ ᠲᠡᠵᠢᠭᠡᠬᠦ ᠳᠤ᠂ ᠦᠬᠡᠷ ᠲᠡᠵᠢᠭᠡᠵᠦ ᠴᠢᠳᠠᠬᠤ ᠦᠭᠡᠢ᠂ ᠶᠠᠭᠠᠬᠢᠵᠤ ᠲᠡᠵᠢᠭᠡᠬᠦ ᠪᠠᠨ ᠴᠦ ᠮᠡᠳᠡᠬᠦ ᠦᠭᠡᠢ᠂ ᠬᠤᠸᠠᠩ ᠶᠢᠨ ᠴᠠᠩ ᠤᠨ ᠨᠠᠮ ᠤᠨ ᠡᠭᠦᠷ ᠤᠨ ᠱᠦᠵᠢ ᠶᠢᠨ ᠳᠠᠭᠠᠭᠤᠯᠭ᠎ᠠ ᠪᠠᠷ ᠪᠢ ᠤᠳᠤ ᠶᠢᠨ ᠦᠷ᠎ᠡ ᠪᠦᠲᠦᠭᠡᠯ ᠲᠠᠢ ᠪᠣᠯᠪᠠ᠂ ᠡᠶᠢᠮᠦ ᠠᠴᠠ ᠰᠡᠳᠬᠢᠯ ᠤᠨ ᠤᠭ ᠠᠴᠠ ᠪᠠᠨ ᠮᠠᠨ ᠤ ᠬᠤᠸᠠᠩ ᠶᠢᠨ ᠴᠠᠩ ᠤᠨ ᠨᠠᠮ ᠤᠨ ᠡᠭᠦᠷ ᠤᠨ ᠱᠦᠵᠢ ᠶᠢᠨ ᠬᠢᠷᠢ ᠬᠡᠮ ᠳᠤ ᠬᠦᠷᠦᠭᠰᠡᠡ ᠨᠢ ᠨᠡᠬᠡᠷᠡᠨ ᠬᠢᠷᠢ ᠬᠡᠮ ᠳᠤ ᠬᠦᠷᠦᠭᠰᠡᠡ  ᠨᠢ ᠦᠨᠡᠬᠡᠷ᠂ ᠪᠤᠶᠠᠨ ᠳᠤ ᠬᠦᠷᠦᠭᠰᠡᠡ ᠨᠢ ᠦᠨᠡᠬᠡᠷ᠂ ᠠᠷᠠᠳ ᠤᠯᠠᠨ ᠤ ᠲᠥᠯᠥᠭᠡ ᠵᠢᠳᠬᠦᠵᠦ ᠪᠠᠶᠢᠬᠤ ᠶᠢ ᠰᠡᠷᠡᠵᠦ ᠮᠡᠳᠡᠪᠡ︾ ᠭᠡᠵᠦ ᠲᠦᠴᠢᠦᠸᠠᠨ ᠰᠢᠶᠠᠨ ᠤ ᠲᠠᠢ ᠫᠢᠩ ᠰᠢᠶᠠᠩ ᠤᠨ ᠰᠠᠢ ᠶᠢᠨ ᠬᠤᠸᠠ ᠲᠣᠰᠬᠤᠨ ᠤ ᠠᠷᠠᠳ ᠯᠢ ᠰᠢ ᠴᠦᠨ ᠬᠡᠯᠡᠪᠡ᠃ ᠯᠢ ᠰᠢ ᠴᠦᠨ ᠤ ᠭᠡᠷ ᠪᠣᠯ ᠬᠤᠸᠠᠩ ᠶᠢᠨ ᠴᠠᠩ ᠤᠨ ᠭᠠᠷᠠᠭ ᠪᠦᠷᠢ ᠵᠠᠪᠠᠯ ᠢᠷᠡᠳᠡᠭ ᠨᠢᠭᠡ ᠭᠡᠷ ᠪᠣᠯᠣᠨ᠎ᠠ᠂ ᠲᠡᠭᠦᠨ ᠤ ᠣᠷᠴᠢᠮ ᠤᠨ ᠲᠡᠵᠢᠭᠡᠨ ᠦᠷᠡᠵᠢᠭᠦᠯᠬᠦ ᠶᠠᠪᠤᠴᠠ ᠳᠤ ᠭᠠᠷᠤᠭᠰᠠᠨ ᠬᠦᠴᠢᠷ ᠠᠰᠠᠭᠤᠳᠠᠯ ᠢ ᠦᠷᠭᠦᠯᠵᠢ ᠠᠰᠠᠭᠤᠳᠠᠭ᠂ ᠯᠢ ᠰᠢ ᠴᠦᠨ ᠴᠦ ᠲᠡᠭᠦᠨ ᠤ ᠬᠠᠪᠰᠤᠷᠤᠯᠭ᠎ᠠ ᠪᠠᠷ ᠠᠮᠢᠳᠤᠷᠠᠯ ᠨᠢ ᠶᠠᠪᠤᠬᠤ ᠲᠤᠳᠤᠮ ᠥᠭᠡᠳᠡ ᠲᠠᠢ ᠪᠣᠯᠵᠤ ᠪᠠᠶᠢᠯ᠎ᠠ᠃     ᠡᠳᠦᠭᠡ᠂ ᠰᠠᠢ ᠶᠢᠨ ᠬᠤᠸᠠ ᠲᠣᠰᠬᠤᠨ ︽ᠦᠬᠡᠷ ᠦᠭᠡᠢ ᠲᠣᠰᠬᠤᠨ︾ ᠪᠠᠶᠢᠭᠰᠠᠨ ᠠᠴᠠ ᠪᠠᠨ ᠪᠦᠬᠦ ᠰᠢᠶᠠᠨ ᠳᠤ ᠠᠯᠳᠠᠷᠰᠢᠭᠰᠠᠨ ︽ᠠᠯᠠᠰᠢᠨ ᠦᠬᠡᠷ ᠲᠡᠵᠢᠭᠡᠨ ᠦᠷᠡᠵᠢᠭᠦᠯᠬᠦ ᠲᠤᠰᠬᠠᠢ ᠲᠣᠰᠬᠤᠨ︾ ᠪᠣᠯᠵᠤ᠂ ᠲᠡᠵᠢᠭᠡᠨ ᠦᠷᠡᠵᠢᠭᠦᠯᠬᠦ ᠡᠷᠦᠬᠡ 109 ᠪᠣᠯᠵᠤ᠂ ᠠᠯᠠᠰᠢᠨ ᠦᠬᠡᠷ ᠤᠨ ᠲᠤᠭ᠎ᠠ 1070 ᠪᠣᠯᠵᠤ᠂ ᠬᠥᠮᠥᠨ ᠪᠦᠷᠢ ᠳᠤ ᠳᠤᠮᠳᠠᠴᠢ ᠪᠠᠷ ᠦᠬᠡᠷ ᠲᠡᠵᠢᠭᠡᠬᠦ ᠪᠠᠷ ᠳᠠᠮᠵᠢᠨ 6000 ᠲᠥᠭᠦᠷᠢᠭ ᠤᠨ ᠣᠷᠣᠯᠭ᠎ᠠ ᠨᠡᠮᠡᠭᠳᠡᠵᠡᠢ᠃ ᠲᠡᠵᠢᠭᠡᠨ ᠦᠷᠡᠵᠢᠭᠦᠯᠬᠦ ᠴᠢᠳᠠᠪᠤᠷᠢ ᠦᠭᠡᠢ ᠶᠠᠳᠠᠭᠤ ᠬᠦᠴᠢᠷᠳᠡᠯᠲᠡᠢ ᠡᠷᠦᠬᠡ ᠶᠢ ᠲᠤᠷᠤᠨ᠎ᠠ ᠶᠢᠨ ᠰᠠᠯᠬᠢ ᠲᠠᠢ ᠪᠣᠯᠭᠠᠬᠤ ᠶᠢᠨ ᠲᠥᠯᠥᠭᠡ᠂ ᠲᠡᠭᠦᠨ ᠤ ᠪᠠᠶᠢᠭᠤᠯᠤᠭᠰᠠᠨ ᠵᠢᠩ ᠷᠦᠢ ᠮᠠᠯ ᠵᠢᠭᠦᠷᠲᠡᠨ ᠲᠡᠵᠢᠭᠡᠨ ᠦᠷᠡᠵᠢᠭᠦᠯᠬᠦ ᠬᠤᠷᠰᠢᠶ᠎ᠠ ᠨᠢ ᠡᠳ᠋ ᠬᠥᠷᠥᠩᠭᠡ ᠶᠢᠨ ᠠᠰᠢᠭ ᠣᠷᠣᠯᠭ᠎ᠠ ᠪᠠᠷ ᠶᠠᠳᠠᠭᠤ ᠬᠦᠴᠢᠷᠳᠡᠯᠲᠡᠢ 22 ᠡᠷᠦᠬᠡ ᠶᠢᠨ 35 ᠬᠥᠮᠥᠨ ᠤ ᠣᠷᠣᠯᠭ᠎ᠠ ᠶᠢ ᠨᠡᠮᠡᠭᠳᠡᠭᠦᠯᠵᠦ᠂ ᠬᠥᠮᠥᠨ ᠪᠦᠷᠢ ᠶᠢᠨ ᠵᠢᠯ ᠤᠨ ᠣᠷᠣᠯᠭ᠎ᠠ ᠨᠢ 1200 ᠲᠥᠭᠦᠷᠢᠭ ᠲᠤ ᠬᠦᠷᠴᠡᠢ᠃     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠴᠢᠳᠠᠪᠤᠷᠢᠲᠠᠨ ᠪᠣᠯ ᠰᠠᠭᠤᠷᠢ ᠪᠣᠯᠣᠨ᠎ᠠ᠃ ᠠᠵᠤ ᠦᠢᠯᠡᠰ ᠢᠶᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠲᠥᠯᠥᠭᠡ᠂ ᠲᠡᠷᠡ ᠮᠠᠯ ᠠᠵᠤ ᠠᠬᠤᠢ ᠲᠡᠵᠢᠭᠡᠨ ᠦᠷᠡᠵᠢᠭᠦᠯᠬᠦ ᠰᠤᠷᠭᠠᠭᠤᠯᠢ ᠶᠢ ᠵᠣᠬᠢᠶᠠᠨ ᠪᠠᠶᠢᠭᠤᠯᠵᠤ᠂ ᠪᠦᠬᠦ ᠰᠢᠶᠠᠩ ᠤᠨ ᠠᠵᠤ ᠦᠢᠯᠡᠰ ᠤᠨ ᠵᠢᠭᠠᠨ ᠵᠢᠯᠣᠭᠤᠳᠤᠭᠴᠢ ᠪᠣᠯᠣᠨ ᠲᠡᠵᠢᠭᠡᠨ ᠦᠷᠡᠵᠢᠭᠦᠯᠬᠦ ᠲᠣᠮᠣ ᠡᠷᠦᠬᠡ ᠳᠤ ᠰᠦᠢᠳᠬᠡᠯ ᠬᠤᠷᠢᠶᠠᠬᠤ ᠦᠭᠡᠢ ᠪᠠᠷ ᠮᠡᠷᠭᠡᠵᠢᠯ ᠤᠨ ᠪᠣᠯᠪᠠᠰᠤᠷᠠᠯ ᠬᠦᠷᠲᠡᠭᠡᠵᠡᠢ᠃ ᠰᠤᠷᠤᠭᠴᠢᠳ ᠲᠤ ᠬᠥᠮᠥᠨ ᠤ ᠬᠦᠴᠦ ᠪᠠᠷ ᠬᠡᠭᠡᠯᠲᠦᠭᠦᠯᠬᠦ ᠮᠡᠷᠭᠡᠵᠢᠯ ᠢ ᠰᠤᠷᠤᠯᠴᠠᠭᠤᠯᠬᠤ ᠶᠢᠨ ᠲᠥᠯᠥᠭᠡ᠂ ᠲᠡᠷᠡ ᠥᠪᠡᠷ ᠤᠨ ᠦᠬᠡᠷ ᠢᠶᠠᠨ ᠳᠠᠭᠠᠭᠤᠯᠵᠤ ᠠᠪᠴᠢᠷᠠᠭᠠᠳ ᠰᠤᠷᠤᠭᠴᠢᠳ ᠲᠠᠭᠠᠨ ᠪᠣᠳᠠᠲᠠᠢ ᠠᠵᠢᠯ ᠬᠢᠯᠭᠡᠪᠡ᠂ ᠰᠤᠷᠤᠭᠴᠢᠳ ᠤᠨ ᠠᠩᠬ᠎ᠠ ᠤᠳᠠᠭ᠎ᠠ ᠬᠢᠵᠦ ᠪᠠᠶᠢᠬᠤ ᠪᠣᠯᠬᠤᠷ ᠮᠡᠷᠭᠡᠵᠢᠯ ᠨᠢ ᠰᠠᠶᠢᠨ ᠪᠢᠰᠢ᠂ ᠤᠳᠠᠭ᠎ᠠ ᠪᠦᠷᠢ ᠶᠢᠨ ᠪᠣᠳᠠᠲᠠᠢ ᠪᠣᠯᠪᠠᠰᠤᠷᠠᠯ ᠳᠤ ᠴᠥᠮ ᠲᠤᠷᠰᠢᠯᠲᠠ ᠳᠤ ᠬᠡᠷᠡᠭᠯᠡᠬᠦ ᠦᠬᠡᠷ ᠢ ᠦᠷᠡᠵᠢᠭᠦᠯᠬᠦ ᠴᠢᠳᠠᠪᠤᠷᠢ ᠪᠠᠨ ᠠᠯᠳᠠᠵᠤ᠂ ᠡᠷᠬᠡᠪᠰᠢ ᠬᠢᠮᠳᠠ ᠦᠨ᠎ᠡ ᠪᠠᠷ ᠪᠣᠷᠣᠯᠠᠭᠤᠯᠬᠤ ᠬᠡᠷᠡᠭᠲᠡᠢ ᠪᠠᠶᠢᠪᠠ᠂ ᠭᠡᠪᠡᠴᠦ ᠦᠨᠡᠨ ᠵᠢᠭᠠᠵᠤ ᠦᠨᠡᠨ ᠴᠢᠳᠠᠬᠤ ᠶᠢᠨ ᠲᠥᠯᠥᠭᠡ ᠲᠡᠷᠡ ᠮᠥᠨ ᠯᠡ ᠦᠭᠡ ᠳᠠᠭᠤᠨ ᠦᠭᠡᠢ ᠪᠠᠷ ᠪᠠᠷᠢᠮᠲᠠᠯᠠᠭᠰᠠᠭᠠᠷ ᠪᠠᠶᠢᠪᠠ᠃     ᠣᠳᠣᠬᠠᠨ ᠳᠤ᠂ ᠲᠡᠭᠦᠨ ᠤ ᠪᠣᠯᠪᠠᠰᠤᠷᠠᠯ ᠤᠨ ᠠᠩᠭᠢ ᠨᠢᠭᠡᠨᠲᠡ 5 ᠬᠤᠭᠤᠴᠠᠭ᠎ᠠ ᠡᠷᠭᠢᠯᠡᠵᠦ᠂ 410 ᠰᠣᠷᠣᠭᠴᠢ ᠶᠢ ᠪᠣᠯᠪᠠᠰᠤᠷᠠᠭᠤᠯᠵᠠᠢ᠂ ᠡᠭᠦᠨ ᠤ ᠳᠣᠲᠣᠷᠠᠬᠢ 30% ᠨᠢ ᠴᠥᠮ ᠤᠷ᠎ᠠ ᠮᠡᠷᠭᠡᠵᠢᠯ ᠰᠠᠶᠢᠲᠠᠢ ᠠᠵᠤ ᠦᠢᠯᠡᠰ ᠤᠨ ᠵᠢᠭᠠᠨ ᠵᠢᠯᠣᠭᠤᠳᠤᠭᠴᠢ ᠪᠣᠯᠵᠤ᠂ 70% ᠨᠢ ᠮᠡᠷᠭᠡᠵᠢᠯ ᠪᠣᠯᠪᠠᠰᠤᠷᠠᠩᠭᠤᠢ ᠦᠬᠡᠷ ᠲᠡᠵᠢᠭᠡᠬᠦ ᠡᠷᠦᠬᠡ ᠪᠣᠯᠵᠠᠢ᠃ᠡᠭᠦᠨ ᠠᠴᠠ ᠭᠠᠳᠠᠨ᠎ᠠ᠂ ᠲᠡᠷᠡ ᠪᠠᠰᠠ ᠰᠢᠶᠠᠨ ᠤ ᠱᠠᠲᠤᠨ ᠤ ᠪᠣᠯᠪᠠᠰᠤᠷᠠᠯ ᠤᠨ ᠠᠩᠭᠢ ᠳᠤ ᠤᠷᠢᠭᠳᠠᠨ ᠯᠧᠺᠲ᠋ᠣᠷ ᠪᠣᠯᠵᠤ᠂ ᠲᠡᠭᠦᠨ ᠤ ᠬᠢᠴᠢᠶᠡᠯ ᠵᠢᠭᠠᠬᠤ ᠸᠢᠳᠢᠤ᠋ ᠶᠢ ᠰᠦᠯᠵᠢᠶᠡᠨ ᠳᠡᠭᠡᠷ᠎ᠡ ᠨᠡᠪᠲᠡᠷᠡᠭᠦᠯᠦᠭᠰᠡᠨ ᠬᠡᠮᠵᠢᠶ᠎ᠡ ᠨᠢ 5000 ᠭᠠᠷᠤᠢ ᠤᠳᠠᠭ᠎ᠠ ᠳᠤ ᠬᠦᠷᠴᠦ᠂ ᠬᠢᠴᠢᠶᠡᠯ ᠤᠨ ᠲᠠᠩᠬᠢᠮ ᠳᠤ ᠬᠡᠰᠡᠭ ᠰᠤᠷᠤᠭᠴᠢᠳ ᠤᠨ ᠠᠰᠠᠭᠤᠳᠠᠯ ᠢ ᠴᠠᠭ ᠲᠤᠬᠠᠢ ᠳᠤᠨᠢ ᠨᠢᠭᠡᠳ ᠨᠢᠭᠡ ᠪᠠᠷ ᠬᠠᠷᠢᠭᠤᠯᠬᠤ ᠶᠢᠨ ᠠᠷᠭ᠎ᠠ ᠦᠭᠡᠢ ᠪᠠᠶᠢᠬᠤ ᠶᠢ ᠪᠣᠳᠣᠯᠬᠢᠯᠠᠭᠠᠳ᠂ ᠲᠡᠷᠡ ᠲᠦᠷᠭᠡᠨ ᠲᠠᠪᠴᠠᠩ ᠳᠤ ᠬᠤᠪᠢ ᠬᠥᠮᠥᠨ ᠤ ᠳᠠᠩᠰᠠᠨ ᠤ ᠨᠣᠮᠧᠷ ᠢ ᠭᠤᠶᠤᠴᠢᠯᠠᠵᠤ᠂ ︽ᠦᠬᠡᠷᠴᠢᠨ ᠨᠣᠶᠠᠨ ᠦᠬᠡᠷ ᠢ ᠶᠠᠷᠢᠨ᠎ᠠ︾ ᠭᠡᠰᠡᠨ ᠨᠡᠷ᠎ᠡ ᠥᠭᠴᠦ᠂ ᠪᠤᠢ ᠪᠦᠬᠦᠢ ᠦᠬᠡᠷᠴᠢᠨ ᠡᠷᠦᠭᠡ ᠶᠢᠨ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠵᠤ᠂ ᠪᠤᠭᠤᠳᠠᠢ ᠶᠢᠨ ᠬᠡᠯᠪᠡᠷᠢ ᠪᠠᠷ ᠪᠤᠢ ᠪᠦᠬᠦᠢ ᠲᠡᠵᠢᠭᠡᠨ ᠦᠷᠡᠵᠢᠭᠦᠯᠬᠦ ᠬᠦᠴᠢᠷᠳᠡᠯ ᠢ ᠰᠦᠯᠵᠢᠶᠡᠨ ᠳᠡᠭᠡᠷ᠎ᠡ ᠰᠢᠢᠳᠪᠦᠷᠢᠯᠡᠵᠦ᠂ ᠶᠡᠷᠦ ᠠᠴᠠ ᠶᠠᠮᠠᠷ ᠴᠤ ᠰᠦᠢᠳᠬᠡᠯ ᠬᠤᠷᠢᠶᠠᠳᠠᠭ ᠦᠭᠡᠢ ᠪᠠᠶᠢᠯ᠎ᠠ᠃    ᠤᠭ ᠰᠠᠨᠠᠭ᠎ᠠ ᠶᠢ ᠣᠯᠬᠤ ᠳᠤ ᠬᠢᠯᠪᠠᠷ᠂ ᠢᠮᠠᠭᠲᠠ ᠰᠠᠬᠢᠬᠤ ᠳᠤ ᠪᠡᠷᠬᠡ᠃ ᠲᠠᠷᠢᠶᠠᠴᠢᠨ ᠤ ᠳᠤᠮᠳᠠ ᠠᠴᠠ ᠭᠠᠷᠤᠭᠰᠠᠨ ᠺᠠᠳ᠋ᠷ ᠪᠣᠯᠤᠭᠰᠠᠨ ᠤ ᠬᠤᠪᠢ ᠳᠤ᠂ ᠬᠤᠸᠠᠩ ᠶᠢᠨ ᠴᠠᠩ ᠬᠥᠳᠡᠭᠡ ᠠᠵᠤ ᠠᠬᠤᠢ ᠶᠢ ᠣᠶᠢᠯᠠᠭᠠᠵᠤ᠂ ᠬᠥᠳᠡᠭᠡ ᠲᠣᠰᠬᠤᠨ ᠳᠤ ᠬᠠᠶᠢᠷᠠᠲᠠᠢ᠂ ᠲᠠᠷᠢᠶᠠᠴᠢᠨ ᠳᠤ ᠬᠠᠶᠢᠷᠠᠲᠠᠢ᠂ ᠬᠠᠮᠢᠭ᠎ᠠ ᠣᠴᠢᠭᠰᠠᠨ ᠴᠤ ᠨᠤᠲᠤᠭ ᠤᠨ ᠠᠬ᠎ᠠ ᠳᠡᠭᠦᠦ ᠨᠠᠷ ᠤᠨ ᠵᠣᠯ ᠵᠢᠷᠭᠠᠯᠲᠤ ᠠᠮᠢᠳᠤᠷᠠᠯ ᠤᠨ ᠲᠥᠯᠥᠭᠡ ᠴᠢᠷᠮᠠᠶᠢᠨ ᠲᠡᠮᠡᠴᠡᠵᠦ᠂ 2021 ᠣᠨ ᠳᠤ ᠬᠢᠩᠭᠠᠨ ᠠᠶᠢᠮᠠᠭ ᠤᠨ ᠰᠢᠯᠢᠳᠡᠭ ᠡᠪ ᠬᠠᠮᠲᠤ ᠨᠠᠮ ᠤᠨ ᠭᠡᠰᠢᠭᠦᠨ ᠢᠶᠠᠷ ᠦᠨᠡᠯᠡᠭᠳᠡᠵᠦ᠂ ᠬᠢᠩᠭᠠᠨ ᠠᠶᠢᠮᠠᠭ ᠤᠨ ︽ᠬᠠᠮᠤᠭ ᠤᠨ ᠭᠤᠶᠤ ᠴᠡᠷᠢᠭ ᠠᠴᠠ ᠬᠠᠯᠠᠭᠳᠠᠭᠰᠠᠳ︾ ᠤᠨ ᠢᠷᠠᠭᠤ ᠠᠯᠳᠠᠷ ᠢ ᠬᠦᠷᠲᠡᠵᠡᠢ᠃ ᠲᠡᠷᠡ᠂ ᠪᠢ ᠥᠩᠭᠡᠷᠡᠭᠰᠡᠨ ᠲᠠᠢ ᠪᠠᠨ ᠠᠳᠠᠯᠢ ᠪᠠᠷ ᠦᠨᠳᠦᠰᠦᠲᠡᠨ ᠤ ᠪᠦᠯᠬᠦᠮᠳᠡᠯ ᠤᠨ ︽ᠡᠯᠴᠢ︾ ᠪᠣᠯᠵᠤ᠂ ᠣᠯᠠᠨ ᠲᠦᠮᠡᠨ ᠤ ᠳᠣᠲᠣᠨᠣ ᠬᠥᠮᠥᠨ ᠪᠣᠯᠵᠤ᠂ ᠴᠡᠷᠢᠭ ᠠᠴᠠ ᠬᠠᠯᠠᠭᠳᠠᠭᠰᠠᠳ᠂ ᠨᠠᠮ ᠤᠨ ᠭᠡᠰᠢᠭᠦᠨ ᠺᠠᠳ᠋ᠷ ᠤᠨ ᠶᠡᠷᠦ ᠪᠤᠰᠤ ᠶᠢᠨ ᠠᠮᠢᠳᠤᠷᠠᠯ ᠢ ᠪᠢᠴᠢᠭᠯᠡᠨ᠎ᠡ ᠭᠡᠵᠦ ᠢᠯᠡᠳᠬᠡᠪᠡ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号