ᠲᠦᠴᠢᠦᠸᠠᠨ ᠰᠢᠶᠠᠨ ᠤ ᠨᠡᠶᠢᠲᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠷᠥᠯ ᠵᠦᠢᠯ  ᠵᠢᠩᠬᠢᠨᠢ ᠪᠠᠷ ᠠᠵᠢᠯ ᠡᠬᠢᠯᠡᠪᠡ
ᠨᠡᠶᠢᠲᠡᠯᠡᠭᠰᠡᠨ ᠴᠠᠭ᠄
2022/6/27
     6 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠲᠥᠯᠥᠪᠯᠡᠨ ᠪᠦᠲᠦᠭᠡᠨ ᠪᠠᠶᠢᠭᠤᠯᠬᠤ ᠨᠡᠶᠢᠲᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠲᠥᠪᠯᠡᠷᠡᠭᠦᠯᠦᠨ ᠠᠵᠢᠯ ᠡᠬᠢᠯᠡᠭᠦᠯᠬᠦ ᠶᠡᠭᠡ ᠬᠤᠷᠠᠯ ᠬᠠᠷᠠᠭᠠᠨ ᠳᠠᠪᠲᠠᠮᠵᠢ ᠶᠢᠨ ᠬᠡᠯᠪᠡᠷᠢ ᠪᠠᠷ ᠲᠦᠴᠢᠦᠸᠠᠨ ᠰᠢᠶᠠᠨ ᠬᠤᠪᠢᠶᠠᠷᠢ ᠬᠤᠷᠠᠯ ᠤᠨ ᠲᠠᠯᠠᠪᠠᠢ ᠪᠣᠯᠤᠭᠰᠠᠨ ᠤ ᠬᠤᠪᠢ ᠳᠤ ᠬᠥᠬᠡᠬᠤᠲᠠ ᠶᠢᠨ ᠴᠢᠩ ᠱᠦᠢ ᠾᠧ ᠰᠢᠶᠠᠨ ᠤ ᠭᠤᠣᠯ ᠬᠤᠷᠠᠯ ᠤᠨ ᠲᠠᠯᠠᠪᠠᠢ ᠪᠣᠯᠣᠨ ᠵᠠᠯᠠᠶᠢᠳ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠢ ᠲᠠᠢ ᠲᠤᠬᠠᠢ ᠶᠢᠨ ᠴᠠᠭ ᠤᠨ ᠸᠢᠳᠢᠤ᠋ ᠪᠠᠷ ᠵᠠᠯᠭᠠᠵᠤ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ 3 ᠲᠦᠷᠦᠯ ᠵᠦᠢᠯ ᠢ ᠲᠥᠪᠯᠡᠷᠡᠭᠦᠯᠦᠨ ᠡᠬᠢᠯᠡᠭᠦᠯᠵᠡᠢ᠃ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠰᠢᠶᠣᠣ ᠪᠢᠩ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠰᠦᠭᠡ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠵᠠᠩ ᠱᠤᠸᠠᠩ ᠴᠧᠩ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠶᠠᠨ ᠪᠥᠸᠧ ᠵᠡᠷᠭᠡ ᠠᠶᠢᠮᠠᠭ ᠰᠢᠶᠠᠨ ᠤ ᠤᠳᠤᠷᠢᠳᠤᠯᠭ᠎ᠠ ᠵᠢᠴᠢ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠪᠠᠷᠢᠯᠭ᠎ᠠ ᠶᠢᠨ ᠠᠵᠤ ᠠᠬᠤᠶᠢᠯᠠᠯ ᠤᠨ ᠲᠥᠯᠥᠭᠡᠯᠡᠭᠴᠢ ᠲᠦᠴᠢᠦᠸᠠᠨ ᠰᠢᠶᠠᠨ ᠤ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃
      ᠬᠤᠷᠠᠯ ᠳᠡᠭᠡᠷ᠎ᠡ᠂ ᠰᠦᠬᠡ ᠠᠶᠢᠮᠠᠭ ᠤᠨ ᠨᠠᠮ ᠤᠨ ᠬᠤᠷᠢᠶ᠎ᠠ᠂ ᠵᠠᠰᠠᠭ ᠵᠠᠬᠢᠷᠭ᠎ᠠ ᠶᠢᠨ ᠡᠮᠦᠨ᠎ᠡ ᠠᠴᠠ ᠣᠪᠣᠷ ᠢᠶᠠᠨ ᠢᠯᠡᠳᠬᠡᠬᠦ ᠦᠭᠡ ᠬᠡᠯᠡᠪᠡ᠃ ᠲᠡᠷᠡ ᠢᠯᠡᠷᠬᠡᠶᠢᠯᠡᠬᠦ ᠳᠡᠭᠡᠨ᠂ ᠬᠢᠩᠭᠠᠨ ᠠᠶᠢᠮᠠᠭ ᠤᠨ ᠬᠢᠨ ᠲᠦᠴᠢᠦᠸᠠᠨ ᠰᠢᠶᠠᠨ ᠪᠣᠯᠣᠨ ᠵᠠᠯᠠᠶᠢᠳ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠷᠥᠯ ᠵᠦᠢᠯ ᠤᠨ ᠪᠠᠷᠢᠯᠭ᠎ᠠ ᠡᠬᠢᠯᠡᠭᠰᠡᠨ ᠰᠠᠭᠤᠷᠢᠨ ᠳᠡᠭᠡᠷ᠎ᠡ᠂ ᠲᠠᠪᠤᠨ ᠰᠠᠯᠠᠭ᠎ᠠ ᠶᠢᠨ ᠨᠡᠪᠲᠡᠷᠡᠯᠴᠡᠭᠡ ᠳᠤ ᠬᠡᠷᠡᠭᠯᠡᠬᠦ ᠨᠢᠰᠬᠡᠯ ᠤᠨ ᠪᠠᠭᠤᠳᠠᠯ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠨ᠎ᠠ ᠭᠡᠵᠡᠢ᠃ ᠲᠤᠬᠠᠢ ᠶᠢᠨ ᠦᠶ᠎ᠡ ᠳᠤ᠂ ᠨᠡᠶᠢᠳᠡᠮ ᠬᠡᠷᠡᠭᠯᠡᠭᠡᠨ ᠤ 4 ᠨᠢᠰᠬᠡᠯ ᠤᠨ ᠪᠠᠭᠤᠳᠠᠯ ᠨᠢ ᠤᠯᠠᠭᠠᠨᠬᠤᠲᠠ ᠶᠢᠨ ᠨᠢᠰᠬᠡᠯ ᠤᠨ ᠪᠠᠭᠤᠳᠠᠯ᠂ ᠷᠠᠰᠢᠶᠠᠨ ᠤ ᠨᠢᠰᠬᠡᠯ ᠤᠨ ᠪᠠᠭᠤᠳᠠᠯ ᠲᠠᠢ ᠣᠷᠣᠨ ᠪᠦᠰᠡ ᠶᠢᠨ ᠠᠭᠠᠷ ᠤᠨ ᠠᠶᠠᠯᠠᠯ ᠤᠨ ᠵᠠᠮ ᠬᠠᠷᠢᠯᠴᠠᠭᠠᠨ ᠤ ᠰᠢᠰᠲ᠋ᠧᠮ ᠢ ᠪᠦᠷᠢᠯᠳᠦᠭᠦᠯᠵᠦ᠂ ᠪᠥᠬᠦ ᠴᠠᠷᠠᠭᠠᠨ ᠤ ᠵᠢᠭᠤᠯᠴᠢᠯᠠᠯ ᠢ ᠠᠬᠢᠭᠤᠯᠤᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠳᠤ ᠬᠦᠴᠦᠨ ᠨᠡᠮᠡᠷᠢᠯᠡᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠭᠦᠷ ᠪᠣᠯᠬᠤ ᠪᠣᠯᠣᠨ᠎ᠠ᠃ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠬᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠵᠤ᠂ ︽180 ᠡᠳᠦᠷ ᠶᠡᠭᠡ ᠪᠠᠷ ᠠᠵᠢᠯᠯᠠᠵᠤ᠂ ᠮᠥᠩᠭᠦᠨ ᠬᠠᠷᠴᠠᠭᠠᠢ ᠶᠢᠨ ᠬᠥᠬᠡ ᠣᠭᠲᠠᠷᠭᠤᠢ ᠳᠤ ᠭᠠᠷᠬᠤ ᠳᠤ ᠬᠦᠴᠦ ᠨᠡᠮᠡᠷᠢᠯᠡᠬᠦ︾ ᠶᠢ ᠴᠢᠷᠮᠠᠶᠢᠨ ᠪᠡᠶᠡᠯᠡᠭᠦᠯᠵᠦ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠳᠤ ᠪᠡᠯᠡᠭ ᠬᠦᠷᠭᠡᠨ᠎ᠡ᠃
  ᠣᠶᠢᠯᠠᠭᠠᠭᠰᠠᠨ ᠢᠶᠠᠷ᠂ ᠲᠦᠴᠢᠦᠸᠠᠨ ᠰᠢᠶᠠᠨ ᠤ ᠨᠡᠶᠢᠲᠡ ᠶᠢᠨ ᠬᠡᠷᠡᠭᠯᠡᠭᠡᠨ ᠤ ᠨᠢᠰᠬᠡᠯ ᠤᠨ ᠪᠠᠭᠤᠳᠠᠯ ᠨᠢ ᠰᠢᠶᠠᠨ ᠤ ᠬᠤᠲᠠ ᠶᠢᠨ ᠵᠡᠭᠦᠨ ᠬᠤᠶᠢᠲᠤ ᠬᠡᠰᠡᠭ ᠲᠤ ᠪᠠᠶᠢᠷᠢᠯᠠᠵᠤ᠂ ᠲᠦᠴᠢᠦᠸᠠᠨ ᠰᠢᠶᠠᠨ ᠤ ᠬᠤᠲᠠ ᠶᠢᠨ ᠲᠣᠭᠤᠷᠢᠭ ᠠᠴᠠ 4.5 ᠺᠢᠯᠣᠮᠧᠲᠷ ᠵᠠᠶᠢᠲᠠᠢ ᠪᠠᠶᠢᠳᠠᠭ᠂ ᠲᠣᠰ ᠨᠢᠰᠬᠡᠯ ᠤᠨ ᠲᠥᠷᠥᠯ ᠵᠦᠢᠯ ᠢ 9 ᠰᠠᠷ᠎ᠠ ᠳᠤ ᠳᠠᠭᠤᠰᠬᠠᠵᠤ᠂ 12 ᠰᠠᠷ᠎ᠠ ᠳᠤ ᠠᠩᠬᠠᠨ ᠤ ᠠᠶᠠᠯᠠᠯ ᠢᠶᠠᠨ ᠡᠬᠢᠯᠡᠭᠦᠯᠬᠦ ᠪᠠᠷ ᠲᠥᠯᠥᠪᠯᠡᠵᠦ ᠪᠣᠶ᠂ ᠭᠤᠣᠯᠳᠠᠭᠤ ᠣᠶᠢᠷ᠎ᠠ ᠵᠠᠮ ᠤᠨ ᠲᠡᠭᠡᠭᠡᠪᠦᠷᠢ᠂ ᠨᠢᠰᠦᠯᠲᠡ ᠶᠢᠨ ᠪᠣᠯᠪᠠᠰᠤᠷᠠᠭᠤᠯᠤᠯ ᠢᠶᠠᠷ ᠭᠤᠣᠯᠯᠠᠭᠤᠯᠬᠤ ᠶᠢᠨ ᠬᠠᠮᠲᠤ ᠠᠭᠠᠷ ᠤᠨ ᠵᠢᠭᠤᠯᠴᠢᠯᠠᠯ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠵᠡᠷᠭᠡ ᠠᠶᠠᠯᠠᠯ ᠨᠡᠪᠲᠡᠷᠡᠬᠦ ᠲᠤᠬᠠᠶᠢᠯᠠᠭᠰᠠᠨ ᠠᠵᠢᠯ ᠢ ᠬᠠᠮᠲᠤ ᠳᠤᠨᠢ ᠬᠠᠷᠠᠭᠠᠯᠵᠠᠨ᠎ᠠ᠃ ᠨᠢᠰᠬᠡᠯ ᠤᠨ ᠪᠠᠭᠤᠳᠠᠯ ᠪᠠᠶᠢᠭᠤᠯᠤᠭᠳᠠᠭᠰᠠᠨ ᠤ ᠳᠠᠷᠠᠭ᠎ᠠ᠂ ᠲᠦᠴᠢᠦᠸᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠤᠶᠢᠯ ᠤᠨ ᠶᠡᠭᠡ ᠠᠬᠢᠭᠤᠯᠬᠤ ᠦᠢᠯᠡᠳᠦᠯ ᠦᠵᠡᠭᠦᠯᠬᠦ ᠪᠣᠯᠣᠨ᠎ᠠ᠃
 
ᠢᠷᠡᠯᠲᠡ᠄ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号