2022 ᠣᠨ ᠤ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠨᠢᠭᠡᠳᠦᠭᠡᠷ ᠬᠤᠭᠤᠴᠠᠭ᠎ᠠ ︵ᠨᠢᠭᠡ︶
ᠨᠡᠶᠢᠲᠡᠯᠡᠭᠰᠡᠨ ᠴᠠᠭ᠄
2022/6/27
ᠵᠠᠰᠠᠭ ᠤᠨ ᠣᠷᠳᠣᠨ ᠤ ᠶᠡᠭᠡ ᠬᠡᠷᠡᠭ ᠤᠨ ᠲᠡᠮᠳᠡᠭᠯᠡᠯ ︵1 ᠰᠠᠷ᠎ᠠ ᠶᠢᠨ 1 ᠤ ᠡᠳᠦᠷ ᠠᠴᠠ 1 ᠰᠠᠷ᠎ᠠ ᠶᠢᠨ 30 ᠤ ᠡᠳᠦᠷ︶    ★  1 ᠰᠠᠷ᠎ᠠ ᠶᠢᠨ 5  ᠤ ᠡᠳᠦᠷ᠂ ᠲᠦᠴᠢᠦᠸᠠᠨ ᠰᠢᠶᠠᠨ 2022 ᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠩᠬᠠᠳᠤᠭᠠᠷ ᠬᠤᠷᠠᠯ ᠢ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠸᠠᠩ ᠵᠢᠶᠠ ᠵᠢᠶᠦ᠋ᠨ᠂ ᠴᠧᠨ ᠭᠦᠸᠧ ᠮᠢᠩ᠂ ᠯᠢ ᠼᠦᠨ ᠴᠢ᠂ ᠯᠢ ᠬᠤᠩ ᠰᠢᠩ᠂ ᠹᠸᠡᠭ ᠵᠢᠶᠠᠨ ᠵᠦᠩ᠂ ᠪᠦᠦ ᠬᠤᠩ ᠶᠢᠩ᠂ ᠵᠢᠶᠠ ᠭᠦᠸᠧ ᠬᠠᠢ ᠵᠢᠴᠢ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ★  1 ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ ᠸᠠᠩ ᠶᠦᠩ ᠵᠢᠶᠠ ᠪᠥᠬᠦ ᠰᠢᠶᠠᠨ ᠤ 2022 ᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠬᠢᠨᠠᠨ ᠵᠥᠪᠰᠢᠶᠡᠷᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠪᠦᠬᠦ ᠰᠢᠶᠠᠨ ᠤ 2022 ᠣᠨ ᠳᠤ ᠬᠡᠷᠡᠭᠵᠢᠭᠦᠯᠬᠦ ᠪᠠᠷ ᠪᠠᠶᠢᠭ᠎ᠠ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠭᠰᠡᠨ ᠪᠠᠶᠢᠳᠠᠯ ᠢ ᠮᠡᠳᠡᠭᠳᠡᠬᠦ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠰᠢᠶᠠᠨ ᠤ ᠤᠳᠤᠷᠢᠳᠤᠯᠭ᠎ᠠ ᠴᠧᠨ ᠭᠦᠸᠧ ᠮᠢᠩ᠂ ᠯᠢ ᠼᠦᠨ ᠴᠢ᠂ ᠯᠢ ᠬᠤᠩ ᠰᠢᠩ᠂ ᠹᠧᠩ ᠵᠢᠶᠠᠨ ᠵᠥᠩ᠂ ᠳ᠋ᠠᠢ ᠯᠢ ᠮᠢᠩ᠂ ᠪᠦᠦ ᠬᠤᠩ ᠶᠢᠩ᠂ ᠵᠢᠶᠠ ᠭᠦᠸᠧ ᠬᠠᠢ ᠵᠢᠴᠢ ᠬᠤᠯᠪᠣᠭᠳᠠᠯ ᠪᠦᠬᠦᠢ ᠰᠢᠶᠠᠩ ᠪᠠᠯᠭᠠᠰᠤ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃     ★ 1 ᠰᠠᠷ᠎ᠠ ᠶᠢᠨ 9 ᠤ ᠡᠳᠦᠷ᠂ ᠬᠢᠩᠭᠠᠨ ᠠᠶᠢᠮᠠᠭ ᠤᠨ 2021 ᠣᠨ ᠳᠤ ᠶᠠᠳᠠᠭᠤ   ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠬᠢᠨᠠᠨ ᠰᠢᠯᠭᠠᠵᠤ ᠦᠨᠡᠯᠡᠨ ᠵᠢᠱᠢᠬᠦ ᠳᠤᠭᠤᠶᠢᠯᠠᠩ ᠪᠠ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠬᠢᠨᠠᠨ ᠰᠢᠯᠭᠠᠬᠤ ᠳᠤᠭᠤᠶᠢᠯᠠᠩ ᠲᠦᠴᠢᠦᠸᠠᠨ ᠰᠢᠶᠠᠨ ᠳᠤ ᠬᠦᠷᠴᠦ ᠬᠢᠨᠠᠨ ᠰᠢᠯᠭᠠᠵᠤ ᠦᠨᠡᠯᠡᠨ ᠵᠢᠱᠢᠬᠦ ᠠᠵᠢᠯ ᠥᠷᠨᠢᠭᠦᠯᠦᠭᠰᠡᠨ ᠪᠥᠭᠡᠳ ᠵᠣᠯᠭᠠᠭᠤᠯᠬᠤ ᠬᠤᠷᠠᠯ ᠬᠤᠷᠠᠯᠳᠤᠭᠤᠯᠪᠠ᠃ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠪᠦᠦ ᠬᠦᠭᠵᠢᠯᠲᠦ᠂ ᠬᠤᠸᠠᠩ ᠢ ᠬᠤ᠋᠂ ᠴᠢᠦᠢ ᠲᠦᠩ ᠨᠢᠶᠠᠨ᠂ ᠯᠢ ᠬᠤᠩ ᠰᠢᠩ ᠵᠢᠴᠢ ᠡᠯ᠎ᠡ ᠰᠢᠶᠠᠩ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃     ★ 1 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠤᠨ ᠲᠥᠯᠦᠪᠵᠢᠭᠦᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠭᠠᠵᠠᠷ ᠤᠨ ᠳᠠᠷᠤᠭ᠎ᠠ ᠳ᠋ᠢᠩ ᠮᠢᠶᠣᠣ ᠶᠢᠨ ᠳᠠᠭᠠᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠵᠢᠯ ᠤᠨ ᠰᠢᠯᠭᠠᠨ ᠦᠨᠡᠯᠡᠬᠦ ᠳᠤᠭᠤᠶᠢᠯᠠᠩ ᠲᠦᠴᠢᠦᠸᠠᠨ ᠰᠢᠶᠠᠨ ᠳᠤ ᠬᠦᠷᠴᠦ᠂ ᠶᠠᠷᠢᠯᠴᠠᠨ ᠰᠣᠯᠢᠯᠴᠠᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠰᠢᠯᠭᠠᠬᠤ ᠵᠡᠷᠭᠡ ᠠᠷᠭ᠎ᠠ ᠮᠠᠶ᠋ᠢᠭ ᠢᠶᠠᠷ ᠮᠠᠨ ᠤ ᠰᠢᠶᠠᠨ ᠤ 2021 ᠣᠨ ᠤ ᠠᠶᠤᠯᠭᠦᠢ ᠦᠢᠯᠡᠳᠪᠦᠷᠢᠯᠡᠯ ᠪᠠ ᠭᠠᠯ ᠤᠨᠲᠠᠷᠠᠭᠠᠬᠤ ᠠᠵᠢᠯ ᠳᠤ ᠰᠢᠯᠭᠠᠨ ᠲᠣᠭᠲᠠᠭᠠᠯᠲᠠ ᠬᠢᠵᠡᠢ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠰᠢ ᠯᠢᠨ᠂ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠸᠠᠩ ᠵᠢᠶᠠ ᠵᠢᠶᠦ᠋ᠨ ᠵᠢᠴᠢ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠪᠠᠷ᠎ᠠ ᠪᠣᠯᠵᠤ ᠰᠢᠯᠭᠠᠨ ᠦᠨᠡᠯᠡᠬᠦ ᠠᠵᠢᠯ ᠥᠷᠨᠢᠭᠦᠯᠪᠡ᠃     ★ 1ᠰᠠᠷ᠎ᠠ ᠶᠢᠨ 14 ᠤ ᠡᠳᠦᠷ᠂ ᠥᠪᠥᠷ ᠮᠣᠩᠭᠤᠯ ᠤᠨ ᠵᠢᠶᠣᠣ ᠺᠧ ᠵᠠᠮ ᠬᠥᠭᠦᠷᠭᠡ ᠶᠢᠨ ᠪᠦᠲᠦᠭᠡᠨ ᠪᠠᠶᠢᠭᠤᠯᠤᠯᠲᠠ ᠶᠢᠨ ᠬᠢᠵᠠᠭᠠᠷᠲᠤ ᠺᠣᠮᠫᠠᠨᠢ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠯᠴᠠᠭᠠᠨ ᠤ ᠪᠦᠳᠦᠭᠦᠪᠴᠢ ᠬᠡᠯᠡᠯᠴᠡᠭᠡᠷ ᠲᠤ ᠭᠠᠷ ᠤᠨ ᠥᠰᠥᠭ ᠵᠢᠷᠤᠭᠰᠠᠨ ᠪᠥᠭᠡᠳ ᠶᠠᠷᠢᠯᠴᠠᠬᠤ ᠬᠤᠷᠠᠯ ᠬᠢᠵᠦ ᠰᠠᠨᠠᠯ ᠢᠶᠠᠨ ᠰᠣᠯᠢᠯᠴᠠᠪᠠ᠃ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠴᠧᠨ ᠭᠦᠸᠧ ᠮᠢᠩ ᠵᠢᠴᠢ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠬᠠᠮᠢᠶ᠎ᠠ ᠪᠦᠬᠦᠢ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠪᠣᠯᠣᠨ ᠠᠵᠤ ᠠᠬᠤᠶᠢᠯᠠᠯ ᠤᠨ ᠲᠥᠯᠥᠭᠡᠯᠡᠭᠴᠢ ᠶᠠᠷᠢᠯᠴᠠᠬᠤ ᠬᠤᠷᠠᠯ ᠳᠤ ᠣᠷᠣᠯᠴᠠᠵᠠᠢ᠃     ★  1 ᠰᠠᠷ᠎ᠠ ᠶᠢᠨ 21 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠲᠦᠴᠢᠦᠸᠠᠨ ᠰᠢᠶᠠᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠵᠠᠰᠠᠭ ᠤᠨ ᠣᠷᠳᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠵᠤ᠂ ᠰᠢᠶᠠᠨ ᠤ ᠤᠳᠤᠷᠢᠳᠤᠯᠭ᠎ᠠ ᠯᠠᠨ ᠰᠢᠶᠠᠨ ᠹᠸᠡᠭ᠂ ᠸᠠᠩ ᠬᠠᠢ ᠵᠢᠶᠦ᠋ᠨ ᠵᠢᠴᠢ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃     ★ 1ᠰᠠᠷ᠎ᠠ ᠶᠢᠨ 28 ᠤ ᠡᠳᠦᠷ᠂ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯᠣᠨ ᠰᠢᠨ ᠱᠧᠩ ᠨᠡᠷᠡᠨ ᠡᠨᠧᠷᠭᠢ ᠪᠠᠷ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠡᠨᠧᠷᠭᠢ ᠪᠠᠷ ᠴᠠᠬᠢᠯᠭᠠᠨ ᠭᠠᠷᠭᠠᠬᠤ ᠬᠢᠩᠭᠠᠨ ᠢᠯᠴᠢ ᠶᠢᠨ ᠴᠠᠬᠢᠯᠭᠠᠨ ᠤ ᠬᠢᠵᠠᠭᠠᠷᠲᠤ ᠺᠣᠮᠫᠠᠨᠢ᠂ ᠬᠤᠸᠠ ᠨᠧᠩ ᠲᠦᠴᠢᠦᠸᠠᠨ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠤᠯᠤᠰ ᠤᠨ ᠴᠠᠬᠢᠯᠭᠠᠨ ᠲᠣᠣᠷ ᠤᠨ ᠲᠦᠴᠢᠦᠸᠠᠨ ᠴᠠᠬᠢᠯᠭᠠᠨ ᠬᠠᠩᠭᠠᠬᠤ ᠺᠣᠮᠫᠠᠨᠢ 2022 ᠣᠨ ᠤ ᠰᠢᠨ᠎ᠡ ᠡᠨᠧᠷᠭᠢ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠃ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠸᠠᠩ ᠬᠠᠢ ᠵᠢᠶᠦ᠋ᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠣᠯᠣᠨ ᠠᠵᠤ ᠠᠬᠤᠶᠢᠯᠠᠯ ᠤᠨ ᠲᠥᠯᠥᠭᠡᠯᠡᠭᠴᠢ ᠣᠷᠣᠯᠴᠠᠵᠠᠢ᠃     ★ 1ᠰᠠᠷ᠎ᠠ ᠶᠢᠨ 28 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠯᠢᠶᠠᠩ ᠶᠠᠨ ᠵᠢᠶᠦ᠋ᠨ ᠲᠦᠴᠢᠦᠸᠠᠨ ᠰᠢᠶᠠᠨ ᠳᠤ ᠪᠠᠶᠢᠴᠠᠭᠠᠨ ᠰᠤᠳᠤᠯᠤᠯᠲᠠ ᠬᠢᠪᠡ᠃ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠹᠸᠡᠭ ᠵᠢᠶᠠᠨ ᠵᠦᠩ᠂ ᠸᠠᠩ ᠬᠠᠢ ᠵᠢᠶᠦ᠋ᠨ ᠵᠢᠴᠢ ᠠᠶᠢᠮᠠᠭ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃  
 
ᠢᠷᠡᠯᠲᠡ᠄ ᠲᠦᠴᠢᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号