2022 ᠣᠨ ᠤ ᠵᠠᠰᠠᠭ ᠤᠨ ᠣᠷᠳᠣᠨ ᠤ ᠠᠯᠪᠠᠨ ᠮᠡᠳᠡᠭᠡ ᠶᠢᠨ ᠨᠢᠭᠡᠳᠦᠭᠡᠷ ᠬᠤᠭᠤᠴᠠᠭ᠎ᠠ ︵ᠬᠤᠶᠠᠷ︶
ᠨᠡᠶᠢᠲᠡᠯᠡᠭᠰᠡᠨ ᠴᠠᠭ᠄
2022/6/27
ᠵᠠᠰᠠᠭ ᠤᠨ ᠣᠷᠳᠣᠨ ᠤ ᠶᠡᠭᠡ ᠬᠡᠷᠡᠭ ᠤᠨ ᠲᠡᠮᠳᠡᠭᠯᠡᠯ ︵2 ᠰᠠᠷ᠎ᠠ ᠶᠢᠨ 1 ᠤ ᠡᠳᠦᠷ ᠠᠴᠠ 2 ᠰᠠᠷ᠎ᠠ ᠶᠢᠨ 28 ᠤ ᠡᠳᠦᠷ︶      ★ 2 ᠰᠠᠷ᠎ᠠ ᠶᠢᠨ 9 ᠤ ᠡᠳᠦᠷ᠂ ᠲᠦᠴᠢᠦᠸᠠᠨ ᠰᠢᠶᠠᠨ 2022 ᠣᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠤᠨ ᠵᠠᠳᠠᠯᠤᠯᠲᠠ ᠶᠢᠨ ᠬᠤᠷᠠᠯ ᠬᠤᠷᠠᠯᠳᠤᠭᠤᠯᠵᠤ᠂ 2022 ᠣᠨ ᠤ ᠨᠢᠭᠡᠳᠦᠭᠡᠷ ᠤᠯᠠᠷᠢᠯ ᠤᠨ ᠪᠥᠬᠦ ᠰᠢᠶᠠᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠸᠠᠩ ᠵᠢᠶᠠ ᠵᠢᠶᠦ᠋ᠨ᠂ ᠸᠠᠩ ᠬᠠᠢ ᠵᠢᠶᠦ᠋ᠨ ᠵᠢᠴᠢ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ★ 2 ᠰᠠᠷ᠎ᠠ ᠶᠢᠨ 15 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠂ ᠰᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠶᠡᠷᠦᠩᠬᠡᠢ ᠵᠢᠯᠣᠭᠤᠳᠤᠭᠴᠢ ᠸᠠᠩ ᠶᠦᠩ ᠵᠢᠶᠠ ᠪᠦᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠠᠯᠪᠠᠨ ᠭᠡᠷ ᠤᠨ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠤ ᠮᠠᠨ ᠤ ᠰᠢᠶᠠᠨ ᠤ ᠬᠥᠮᠥᠰ ᠢ ᠵᠢᠭᠰᠠᠭᠠᠨ ᠪᠠᠶᠢᠴᠠᠭᠠᠵᠤ ᠬᠠᠮᠢᠶᠠᠷᠤᠨ ᠡᠵᠡᠮᠳᠡᠵᠦ ᠪᠠᠶᠢᠭ᠎ᠠ ᠪᠠᠶᠢᠳᠠᠯ ᠪᠠ ᠡᠯ᠎ᠡ ᠲᠤᠰᠬᠠᠢ ᠳᠤᠭᠤᠶᠢᠯᠠᠩ ᠤᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠥᠬᠦ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠳᠠᠬᠢᠨ ᠲᠣᠬᠢᠷᠠᠭᠤᠯᠤᠯᠲᠠ᠂ ᠳᠠᠬᠢᠨ ᠪᠠᠶᠢᠷᠢᠯᠠᠭᠤᠯᠤᠯᠲᠠ ᠬᠢᠪᠡ᠃ ᠰᠢᠶᠠᠨ ᠤ ᠤᠳᠤᠷᠢᠳᠤᠯᠭ᠎ᠠ ᠴᠧᠨ ᠭᠦᠸᠧ ᠮᠢᠩ᠂ ᠳ᠋ᠠᠢ ᠯᠢ ᠮᠢᠩ ᠵᠢᠴᠢ ᠰᠢᠶᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠡᠯ᠎ᠡ ᠲᠤᠰᠬᠠᠢ ᠳᠤᠭᠤᠶᠢᠯᠠᠩ᠂ ᠰᠢᠶᠠᠨ ᠤ ᠡᠮᠨᠡᠯᠭᠡ ᠶᠢᠨ ᠬᠤᠷᠢᠶ᠎ᠠ᠂ ᠬᠢᠲᠠᠳ ᠡᠮᠨᠡᠯᠭᠡ ᠶᠢᠨ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ★ 2 ᠰᠠᠷ᠎ᠠ ᠶᠢᠨ 18 ᠤ ᠡᠳᠦᠷ᠂ ᠠᠶᠢᠮᠠᠭ ᠤᠨ ᠵᠠᠬᠢᠷᠭ᠎ᠠ ᠶᠢᠨ ᠳᠡᠳ᠋ ᠳᠠᠷᠤᠭ᠎ᠠ ᠴᠢᠦᠢ ᠵᠧᠨ ᠨᠢᠶᠠᠨ ᠲᠦᠴᠢᠦᠸᠠᠨ ᠰᠢᠶᠠᠨ ᠳᠤ ᠬᠦᠷᠴᠦ ᠰᠣᠶᠣᠯ ᠵᠢᠭᠤᠯᠴᠢᠯᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠯᠢᠦ ᡁᠢ ᠹᠸᠡᠭ᠂ ᠯᠢ ᠼᠦᠨ ᠴᠢ ᠵᠢᠴᠢ ᠠᠶᠢᠮᠠᠭ᠂ ᠰᠢᠶᠠᠨ ᠤ ᠬᠠᠮᠢᠶ᠎ᠠ ᠪᠦᠬᠦᠢ ᠰᠠᠯᠠᠭ᠎ᠠ ᠮᠥᠴᠢᠷ᠂ ᠬᠡᠰᠡᠭ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ★ 2 ᠰᠠᠷ᠎ᠠ ᠶᠢᠨ 20 ᠤ ᠡᠳᠦᠷ᠂ ᠵᠢᠶᠦ᠋ᠨ ᠶᠢᠩ ᠡᠳ᠋ ᠪᠠᠶᠠᠯᠢᠭ ︵ᠪᠡᠭᠡᠵᠢᠩ︶ ᠤᠨ ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠳ᠋ᠤᠸᠠᠨ ᡁᠢ ᠬᠤᠸᠠ ᠨᠠᠷ ᠲᠦᠴᠢᠦᠸᠠᠨ ᠰᠢᠶᠠᠨ ᠳᠤ ᠬᠦᠷᠴᠦ ᠰᠢᠳ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠰᠢᠳ ᠤᠨ ᠠᠵᠤ ᠦᠢᠯᠡᠰ ᠤᠨ ᠵᠠᠰᠠᠭ ᠠᠵᠤ ᠠᠬᠤᠶᠢᠯᠠᠯ ᠤᠨ ᠬᠦᠷᠢᠶᠡᠯᠡᠩ ᠢ ᠵᠣᠯᠭᠠᠭᠤᠯᠬᠤ ᠶᠠᠷᠢᠯᠴᠠᠬᠤ ᠬᠤᠷᠠᠯ ᠬᠢᠪᠡ᠃ ᠰᠢᠶᠠᠨ ᠤ ᠤᠳᠤᠷᠢᠳᠤᠯᠭ᠎ᠠ ᠸᠠᠩ ᠶᠦᠩ ᠵᠢᠶᠠ᠂ ᠸᠠᠩ ᠬᠠᠢ ᠵᠢᠶᠦ᠋ᠨ᠂ ᠳᠤᠮᠳᠠᠳᠤ ᠤᠯᠤᠰ ᠤᠨ ᠤᠢ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠢ ᠰᠢᠭᠤᠢ ᠶᠢᠨ ᠰᠤᠳᠤᠯᠭᠠᠨ ᠤ ᠭᠠᠵᠠᠷ ᠤᠨ ᠰᠤᠳᠤᠯᠤᠭᠴᠢ᠂ ᠠᠵᠤ ᠠᠬᠤᠢ ᠶᠢᠨ ᠤᠢ ᠶᠢᠨ ᠲᠦᠷᠦᠭᠦᠦ ᠲᠤᠰᠬᠠᠢ ᠮᠡᠷᠭᠡᠵᠢᠯᠲᠡᠨ᠂ ᠰᠢᠳ  ᠤᠨ ᠠᠵᠤ ᠦᠢᠯᠡᠰ ᠤᠨ ᠤᠯᠤᠰ ᠤᠨ ᠰᠢᠨ᠎ᠡ ᠶᠢ ᠡᠭᠦᠳᠬᠦ ᠬᠤᠯᠪᠣᠭ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ᠂ ᠤᠯᠤᠰ ᠤᠨ ᠤᠢ ᠰᠢᠭᠤᠢ ᠨᠤᠲᠤᠭ ᠪᠡᠯᠴᠢᠭᠡᠷ ᠤᠨ ᠰᠢᠳ  ᠤᠨ ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠤᠨ ᠡᠷᠬᠢᠯᠡᠭᠴᠢ᠂ ᠳᠤᠮᠳᠠᠳᠤ ᠤᠯᠤᠰ ᠤᠨ ᠠᠵᠤ ᠠᠬᠤᠢ ᠶᠢᠨ ᠤᠢ ᠶᠢᠨ ᠨᠡᠶᠢᠭᠡᠮᠯᠢᠭ ᠤᠨ ᠰᠢᠳ  ᠤᠨ ᠬᠤᠪᠢᠶᠠᠷᠢ ᠨᠡᠶᠢᠭᠡᠮᠯᠢᠭ ᠤᠨ ᠳᠠᠷᠤᠭ᠎ᠠ ᠸᠠᠩ ᠬᠦᠢ ᠰᠢ ᠵᠢᠴᠢ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠪᠣᠯᠣᠨ ᠪᠤᠰᠤᠳ ᠠᠵᠤ ᠠᠬᠤᠶᠢᠯᠠᠯ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃      ★ 2 ᠰᠠᠷ᠎ᠠ   ᠶᠢᠨ 28 ᠤ ᠡᠳᠦᠷ ᠠᠴᠠ 3 ᠰᠠᠷ᠎ᠠ   ᠶᠢᠨ 1 ᠤ ᠡᠳᠦᠷ ᠪᠣᠯᠲᠠᠯ᠎ᠠ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠸᠠᠩ ᠶᠦᠩ ᠵᠢᠶᠠ ᠭᠢᠷᠢᠨ ᠮᠤᠵᠢ   ᠶᠢᠨ ᠴᠠᠩᠴᠦ᠋ᠨ ᠬᠤᠲᠠ   ᠶᠢᠨ ᠢᠦᠢ ᠱᠤ᠋ ᠬᠤᠲᠠ   ᠶᠢᠨ ᠢᠦᠢ ᠰᠢᠶᠠᠩ ᠤᠨ ᠪᠤᠷᠴᠠᠭ ᠤᠨ ᠪᠦᠲᠦᠭᠡᠭᠳᠡᠬᠦᠨ ᠤ ᠺᠣᠮᠫᠠᠨᠢ᠂ ᠳ᠋ᠧ ᠾᠦᠢ ᠬᠤᠲᠠ   ᠶᠢᠨ ᠳ᠋ᠧ ᠰᠢᠶᠠᠩ ᠪᠦᠯᠦᠭᠯᠡᠯ ᠺᠣᠮᠫᠠᠨᠢ᠂ ᠬᠤᠤ ᠶᠤᠸᠠᠢ ᠪᠦᠯᠦᠭᠯᠡᠯ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠥᠷᠨᠢᠭᠦᠯᠵᠦ᠂ ᠰᠢᠶᠠᠨ ᠤ ᠤᠳᠤᠷᠢᠳᠤᠯᠭ᠎ᠠ ᠯᠢ ᠬᠤᠩ ᠰᠢᠩ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ ᠵᠢᠴᠢ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠣᠷᠣᠯᠴᠠᠵᠠᠢ᠃
 
ᠢᠷᠡᠯᠲᠡ᠄ ᠲᠦᠴᠢᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号