ᠲᠦᠴᠢᠦᠸᠠᠨ ᠰᠢᠶᠠᠨ᠄ ᠬᠥᠬᠡᠮᠳᠦᠭ ᠤᠰᠤ ᠶᠢ ᠪᠠᠲᠤ ᠰᠠᠬᠢᠵᠤ ᠲᠦᠮᠡᠨ ᠡᠷᠦᠬᠡ ᠶᠢ ᠤᠮᠳᠠᠯᠠᠨ᠎ᠠ
ᠨᠡᠶᠢᠲᠡᠯᠡᠭᠰᠡᠨ ᠴᠠᠭ᠄
2022/6/28
     ᠲᠡᠭᠷᠢ ᠴᠡᠯᠮᠡᠭᠰᠢᠵᠦ᠂ ᠤᠰᠤ ᠲᠤᠩᠭᠠᠯᠠᠭᠰᠢᠪᠠᠯ ᠠᠭᠠᠷ ᠨᠡᠩ ᠴᠡᠪᠡᠷ ᠲᠤᠩᠭᠠᠯᠠᠭ ᠪᠣᠯᠣᠨ᠎ᠠ᠃ᠣᠶᠢᠷ᠎ᠠ ᠶᠢᠨ ᠵᠢᠯ ᠠᠴᠠ᠂ ᠬᠢᠩᠭᠠᠨ ᠠᠶᠢᠮᠠᠭ ᠤᠨ ᠲᠦᠴᠢᠦᠸᠠᠨ ᠰᠢᠶᠠᠨ ᠤ ᠬᠢᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢ ᠢᠮᠠᠭᠲᠠ ᠨᠡᠩ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠪᠣᠯᠣᠨ ᠠᠮᠢ ᠠᠬᠤᠢ ᠶᠢᠨ ᠳᠠᠪᠠᠭᠤᠯᠢᠭ ᠢ ᠬᠤᠪᠢᠷᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠢᠨᠵᠢᠯᠡᠬᠦ ᠤᠬᠠᠭᠠᠨᠴᠢ ᠪᠠᠷ ᠪᠣᠬᠢᠷᠳᠤᠯ ᠢ ᠵᠠᠰᠠᠬᠤ᠂ ᠤᠨᠢᠨ ᠳᠡᠭᠡᠷ᠎ᠡ ᠨᠢ ᠪᠣᠬᠢᠷᠳᠤᠯ ᠢ ᠵᠠᠰᠠᠬᠤ᠂ ᠬᠠᠤᠯᠢ ᠶᠣᠰᠣᠭᠠᠷ ᠪᠣᠬᠢᠷᠳᠤᠯ ᠢ ᠵᠠᠰᠠᠬᠤ ᠶᠢ ᠳᠤᠪᠤᠶᠢᠯᠭᠠᠵᠤ᠂ ︽ᠲᠡᠭᠷᠢ ᠨᠢ ᠴᠡᠯᠮᠡᠭ ᠤᠰᠤ ᠨᠢ ᠲᠤᠩᠭᠠᠯᠠᠭ ᠭᠠᠵᠠᠷ ᠨᠢ ᠨᠣᠭᠤᠭᠠᠨ︾ ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠴᠣᠭᠴᠠᠯᠠᠵᠠᠢ᠃
    ᠨᠣᠮᠢᠨ ᠳᠣᠯᠭᠢᠶᠠᠨ ᠳᠣᠯᠭᠢᠶᠠᠯᠠᠭᠰᠠᠨ ᠲᠦᠴᠢᠦᠸᠠᠨ ᠰᠢᠶᠠᠨ ᠤ  ᠲᠦᠷᠦᠯᠵᠢ ᠪᠠᠯᠭᠠᠰᠤᠨ ᠤ  ᠮᠢᠩ ᠰᠢᠩ ᠬᠤ᠋ ᠨᠠᠭᠤᠷ᠃︵ᠭᠡᠷᠡᠯ ᠵᠢᠷᠤᠭ᠄ ᠯᠢ ᠶᠠᠩ ᠶᠠᠩ︶     ᠠᠮᠢ ᠠᠬᠤᠢ ᠶᠢ ᠵᠠᠰᠠᠵᠤ ᠰᠡᠷᠭᠦᠭᠡᠬᠦ ᠶᠢ ᠴᠢᠩᠭᠠᠳᠬᠠᠨ᠎ᠠ    ︽ᠨᠠᠨ ᠬᠤ᠋ ᠨᠠᠭᠤᠷ ᠤᠨ ᠨᠤᠭᠤ ᠭᠠᠵᠠᠷ ᠤᠨ ᠢᠨᠵᠧᠨᠧᠷᠢᠩ ᠢ ᠣᠳᠣᠬᠠᠨ ᠳᠤ ᠶᠠᠭ ᠲᠥᠯᠥᠪᠯᠡᠭᠡ ᠶᠣᠰᠣᠭᠠᠷ ᠲᠣᠭᠲᠠᠭᠤᠨ ᠢᠶᠠᠷ ᠠᠬᠢᠭᠤᠯᠵᠤ ᠪᠤᠢ᠂ ᠵᠠᠯᠭᠠᠭᠠᠳ ᠪᠢᠳᠡ ᠢᠨᠵᠧᠨᠧᠷᠢᠩ ᠤᠨ ᠬᠦᠴᠦᠨ ᠤ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ᠂ 2022 ᠣᠨ ᠤ 9 ᠰᠠᠷ᠎ᠠ ᠶᠢᠨ ᠰᠡᠭᠦᠯᠴᠢ ᠪᠠᠷ ᠪᠦᠬᠦᠨ ᠢ ᠳᠠᠭᠤᠰᠬᠠᠬᠤ ᠪᠠᠷ ᠴᠢᠷᠮᠠᠶᠢᠨ᠎ᠠ︾᠃ ᠭᠡᠵᠦ ᠲᠦᠴᠢᠦᠸᠠᠨ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠪᠣᠬᠢᠷ ᠤᠰᠤ ᠶᠢ ᠰᠢᠢᠳᠪᠦᠷᠢᠯᠡᠬᠦ ᠲᠥᠪ ᠤᠨ ᠡᠷᠬᠢᠯᠡᠭᠴᠢ ᠬᠤ᠋ ᠬᠠᠢ  ᠹᠸᠡᠭ ᠬᠡᠯᠡᠪᠡ᠃     ᠰᠤᠷᠪᠤᠯᠵᠢᠯᠠᠭᠴᠢ ᠨᠠᠨ ᠬᠤ᠋ ᠨᠠᠭᠤᠷ ᠤᠨ ᠨᠤᠭᠤ ᠭᠠᠵᠠᠷ ᠤᠨ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠠᠢ ᠳᠤ᠂ ᠲᠣᠮᠣ ᠬᠡᠯᠪᠡᠷᠢ ᠶᠢᠨ ᠪᠠᠷᠢᠯᠭ᠎ᠠ ᠶᠢᠨ ᠮᠠᠰᠢᠨ ᠮᠧᠬᠠᠨᠢᠭ ᠨᠠᠰᠢ ᠴᠠᠰᠢ ᠰᠦᠯᠵᠢᠯᠳᠦᠵᠦ᠂ ᠠᠵᠢᠯᠴᠢᠳ ᠤᠨ ᠵᠠᠷᠢᠮ ᠨᠢ ᠪᠣᠯᠣᠳ ᠰᠢᠷᠪᠦᠰᠦ ᠶᠢ ᠤᠶᠠᠭᠠᠳ᠂ ᠬᠡᠪ ᠬᠠᠪᠲᠠᠰᠤ ᠶᠢᠨ ᠠᠵᠢᠯ ᠬᠢᠵᠦ᠂ ᠵᠠᠷᠢᠮ ᠨᠢ ᠭᠠᠵᠠᠷ ᠰᠢᠷᠣᠢ ᠶᠢ ᠲᠡᠭᠰᠢᠯᠡᠵᠦ᠂ ᠮᠣᠳᠣ ᠲᠠᠷᠢᠬᠤ ᠪᠠᠷ ᠶᠠᠭᠠᠷᠠᠯᠳᠤᠵᠤ ᠪᠠᠶᠢᠬᠤ ᠶᠢ ᠣᠯᠵᠤ ᠬᠠᠷᠠᠵᠠᠢ᠃ ᠪᠠᠷᠢᠯᠭ᠎ᠠ ᠶᠢᠨ ᠲᠠᠯ᠎ᠠ ᠶᠢᠨ ᠬᠢᠨ ᠴᠠᠭ ᠮᠥᠴᠡ ᠶᠢ ᠠᠮᠵᠢᠨ ᠪᠣᠬᠢᠷᠳᠤᠯ ᠦᠭᠡᠢ ᠠᠮᠢ ᠠᠬᠤᠢ ᠶᠢᠨ ᠦᠵᠡᠮᠵᠢ ᠶᠢᠨ ᠪᠦᠰᠡ ᠶᠢ ᠴᠣᠭᠴᠠᠯᠠᠵᠤ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠶᠠᠭᠠᠷᠠᠯᠲᠠᠢ ᠪᠠᠶᠢᠳᠠᠯ ᠢᠯᠡᠷᠡᠵᠡᠢ᠃     ᠲᠦᠴᠢᠦᠸᠠᠨ ᠰᠢᠶᠠᠨ ᠤ ᠨᠠᠨ ᠬᠤ᠋ ᠨᠤᠭᠤ ᠭᠠᠵᠠᠷ ᠵᠢᠴᠢ ᠪᠠᠭ᠎ᠠ ᠡᠮᠳᠦ ᠶᠢᠨ ᠭᠤᠣᠯ ᠤᠨ ᠠᠮᠢ ᠠᠬᠤᠢ ᠶᠢ ᠰᠡᠷᠭᠦᠭᠡᠬᠦ ᠲᠦᠷᠦᠯ ᠵᠦᠢᠯ ᠪᠣᠯ ᠬᠤᠳᠠ ᠶᠢᠨ ᠴᠢᠳᠠᠪᠬᠢ ᠶᠢ ᠲᠡᠭᠦᠯᠳᠡᠷᠵᠢᠭᠦᠯᠬᠦ᠂ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ᠂ ᠠᠮᠢ ᠠᠬᠤᠢ ᠶᠢᠨ ᠬᠠᠮᠠᠭᠠᠯᠠᠯᠲᠠ ᠪᠠ ᠪᠦᠬᠦ ᠣᠷᠣᠨ ᠪᠦᠰᠡ ᠶᠢᠨ ᠵᠤᠭᠠᠴᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠴᠢᠬᠤᠯᠠ ᠢᠨᠵᠧᠨᠧᠷᠢᠩ ᠪᠣᠯᠣᠨ᠎ᠠ᠂ ᠲᠦᠷᠦᠯ ᠵᠦᠢᠯ ᠤᠨ ᠨᠢᠭᠡᠳᠦᠭᠡᠷ ᠬᠤᠭᠤᠴᠠᠭᠠᠨ ᠤ ᠪᠡᠯᠡ ᠣᠷᠣᠭᠤᠯᠤᠯᠲᠠ 3695 ᠲᠦᠮᠡᠨ ᠲᠥᠭᠦᠷᠢᠭ ᠲᠤ ᠬᠦᠷᠴᠦ᠂ ᠶᠡᠷᠦᠩᠬᠡᠢ ᠲᠠᠯᠠᠪᠠᠢ ᠨᠢ 60 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ᠂ ᠡᠭᠦᠨ ᠳᠤ 2.1 ᠲᠦᠮᠡᠨ ᠲᠡᠭᠰᠢ ᠳᠥᠷᠪᠡᠯᠵᠢᠨ ᠮᠧᠲᠷ ᠤᠨ ᠵᠣᠬᠢᠶᠠᠮᠠᠯ ᠨᠤᠭᠤ ᠭᠠᠵᠠᠷ᠂ 50 ᠲᠦᠮᠡᠨ ᠲᠡᠭᠰᠢ ᠳᠥᠷᠪᠡᠯᠵᠢᠨ  ᠮᠧᠲᠷ ᠤᠨ ᠭᠠᠳᠠᠷᠭᠤ ᠶᠢᠨ ᠤᠷᠤᠰᠬᠠᠯ ᠤᠨ ᠨᠤᠭᠤ ᠭᠠᠵᠠᠷ ᠵᠢᠴᠢ ᠪᠤᠰᠤᠳ ᠳᠠᠭᠠᠯᠲᠠ ᠪᠣᠳᠠᠰ ᠪᠠᠭᠲᠠᠨ᠎ᠠ᠃ ᠪᠦᠬᠦ ᠰᠢᠶᠠᠨ ᠳᠤ ᠠᠰᠢᠭ ᠬᠦᠷᠲᠡᠭᠡᠬᠦ‍ ᠨᠢᠭᠡ ᠵᠦᠢᠯ ᠤᠨ ᠠᠮᠢ ᠠᠬᠤᠢ ᠶᠢᠨ ᠢᠨᠵᠧᠨᠧᠷᠢᠩ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠭᠰᠠᠨ ᠤ ᠬᠤᠪᠢ ᠳᠤ᠂ ᠲᠥᠷᠥᠯ ᠵᠦᠢᠯ ᠢ ᠪᠠᠶᠢᠭᠤᠯᠤᠭᠰᠠᠨ ᠤ ᠳᠠᠷᠠᠭ᠎ᠠ᠂ ᠳᠠᠬᠢᠯᠲᠠ ᠤᠰᠤᠨ ᠤ ᠡᠷᠭᠢᠯᠳᠦᠭᠦᠯᠦᠨ ᠠᠰᠢᠭᠯᠠᠬᠤ ᠨᠣᠷᠮ᠎ᠠ ᠶᠢ ᠪᠦᠲᠦᠮᠵᠢᠲᠡᠶ ᠪᠠᠷ ᠳᠡᠭᠡᠭᠰᠢᠯᠡᠭᠦᠯᠵᠦ᠂ ᠡᠷᠬᠢᠨ ᠲᠣᠭᠤᠷᠢᠨ ᠤ ᠠᠮᠢ ᠠᠬᠤᠢ ᠶᠢᠨ ᠣᠷᠴᠢᠨ ᠨᠥᠬᠦᠴᠡᠯ ᠢ ᠰᠠᠶᠢᠵᠢᠷᠠᠭᠤᠯᠤᠨ᠂ ᠬᠥᠭᠦᠷᠭᠡᠨ ᠵᠠᠮ ᠢᠶᠠᠷ ᠵᠢᠭᠠᠰᠤ ᠭᠥᠬᠢᠳᠡᠬᠦ᠂ ᠬᠡᠭᠡᠷ᠎ᠡ ᠲᠠᠯ᠎ᠠ ᠪᠠᠷ ᠲᠣᠭᠤᠷᠢᠨ ᠵᠤᠭᠠᠴᠠᠬᠤ᠂ ᠭᠡᠷ ᠪᠦᠯᠢ ᠪᠠᠷ ᠢᠶᠠᠨ ᠤᠰᠤ ᠨᠠᠭᠠᠳᠬᠤ ᠵᠡᠷᠭᠡ ᠶᠢ ᠨᠢᠭᠡ ᠴᠣᠭᠴᠠᠵᠢᠭᠤᠯᠤᠭᠰᠠᠨ ᠰᠡᠯᠡᠭᠦᠴᠡᠯ ᠤᠨ ᠨᠠᠭᠤᠷ ᠲᠣᠭᠤᠷᠢᠭᠰᠠᠨ ᠦᠵᠡᠮᠵᠢ ᠶᠢᠨ ᠬᠦᠷᠢᠶᠡᠯᠡᠩ ᠪᠣᠯᠭᠠᠬᠤ ᠨᠢ ᠲᠦᠴᠢᠦᠸᠠᠨ ᠰᠢᠶᠠᠨ ᠤ ᠬᠤᠲᠠ ᠶᠢᠨ ᠳᠦᠷᠢ ᠲᠥᠷᠬᠦ ᠶᠢ ᠳᠡᠭᠡᠭᠰᠢᠯᠡᠭᠦᠯᠬᠦ᠂ ᠠᠷᠠᠳ ᠣᠯᠠᠨ ᠤ ᠣᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠬᠤ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠬᠥᠭᠵᠢᠭᠦᠯᠬᠦ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃     ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠨᠠᠷ ᠰᠠᠮᠠᠭᠤᠷᠠᠯ ᠢ ᠵᠠᠰᠠᠵᠤ ᠪᠣᠬᠢᠷᠳᠤᠯ ᠢ ᠠᠷᠢᠯᠭᠠᠬᠤ    ︽ᠭᠤᠷᠪᠠᠨ ᠬᠤᠪᠢ ᠪᠠᠷ ᠵᠠᠰᠠᠵᠤ᠂ ᠲᠤᠯᠤᠭᠠᠨ ᠬᠤᠪᠢ ᠪᠠᠷ ᠬᠠᠮᠢᠶᠠᠷᠴᠤ ᠬᠠᠮᠠᠭᠠᠯᠠᠨ᠎ᠠ︾᠂ ᠤᠰᠤ ᠰᠢᠷᠣᠢ ᠶᠢ ᠵᠠᠰᠠᠭᠰᠠᠨ ᠦᠷ᠎ᠡ ᠪᠦᠲᠦᠭᠡᠯ ᠤᠨ ᠦᠷ᠎ᠡ ᠠᠰᠢᠭ ᠢ ᠬᠡᠷᠬᠢᠨ ᠣᠷᠳᠣ ᠬᠤᠭᠤᠴᠠᠭ᠎ᠠ ᠪᠠᠷ ᠪᠠᠳᠠᠷᠠᠭᠤᠯᠬᠤ ᠪᠣᠶ︖ ᠲᠦᠴᠢᠦᠸᠠᠨ ᠰᠢᠶᠠᠨ ︽ᠬᠠᠮᠢᠶᠠᠷᠤᠯᠲᠠ ᠶᠢᠨ ᠪᠠᠶᠢᠭᠤᠯᠤᠮᠵᠢ ᠪᠠᠶᠢᠭᠤᠯᠬᠤ᠂ ᠠᠵᠢᠯ ᠤᠨ ᠬᠠᠷᠠᠯᠲᠠ ᠪᠠᠨ ᠲᠣᠳᠣᠷᠬᠠᠶᠢᠯᠠᠬᠤ᠂ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ᠂ ᠴᠢᠩᠭ᠎ᠠ ᠬᠠᠮᠢᠶᠠᠷᠴᠤ ᠬᠢᠨᠠᠨ ᠰᠢᠯᠭᠠᠬᠤ︾ ᠱᠠᠭᠠᠷᠳᠠᠯᠭ᠎ᠠ ᠶᠣᠰᠣᠭᠠᠷ᠂ ᠪᠥᠬᠦ ᠰᠢᠶᠠᠨ ᠤ ᠬᠡᠪᠴᠢᠶᠡᠨ ᠳᠠᠬᠢ 29 ᠭᠤᠣᠯ ᠮᠥᠷᠡᠨ ᠳᠤ ᠴᠥᠮ ᠪᠣᠳᠠᠲᠠᠢ ᠬᠠᠷᠢᠭᠤᠴᠠᠯᠭᠠᠲᠠᠨ ᠢ ᠨᠠᠶᠢᠳᠠᠪᠤᠷᠢᠵᠢᠭᠤᠯᠵᠤ᠂ ᠰᠢᠶᠠᠨ ᠤ ᠱᠠᠲᠤᠨ ᠤ ᠭᠤᠣᠯ ᠤᠨ ᠳᠠᠷᠤᠭ᠎ᠠ 7 ᠬᠥᠮᠥᠨ᠂ ᠰᠢᠶᠠᠩ ᠪᠠᠯᠭᠠᠰᠤᠨ ᠤ ᠱᠠᠲᠤᠨ ᠤ ᠭᠤᠣᠯ ︵ᠨᠠᠭᠤᠷ︶ ᠤᠨ ᠳᠠᠷᠤᠭ᠎ᠠ 65 ᠬᠥᠮᠥᠨ᠂ ᠲᠣᠰᠬᠤᠨ ᠤ ᠱᠠᠲᠤᠨ ᠤ ᠭᠤᠣᠯ ︵ᠨᠠᠭᠤᠷ︶ ᠤᠨ ᠳᠠᠷᠤᠭ᠎ᠠ 134 ᠬᠥᠮᠥᠨ ᠪᠠᠶᠢᠨ᠎ᠠ᠃    ︽ᠭᠤᠣᠯ ᠮᠥᠷᠡᠨ ᠨᠠᠭᠤᠷ ᠪᠦᠷᠢᠳᠦ ᠶᠢ ︿ᠳᠥᠷᠪᠡ ᠶᠢ ᠰᠠᠮᠠᠭᠤᠷᠠᠭᠤᠯᠬᠤ﹀ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ︾  ᠢ ᠦᠨᠳᠦᠰᠦᠯᠡᠵᠦ᠂ ᠬᠤᠩ ᠭᠤᠸᠠᠩ ᠲᠣᠰᠬᠤᠨ ᠤ ᠬᠢᠨ ᠲᠣᠰᠬᠤᠨ ᠤ ᠳᠣᠲᠣᠷᠠᠬᠢ ᠴᠡᠪᠡᠷᠯᠡᠭᠴᠢ᠂ ᠤᠢ ᠰᠢᠭᠤᠢ ᠶᠢᠨ ᠬᠠᠮᠠᠭᠠᠯᠠᠭᠴᠢ ᠪᠣᠯᠣᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠲᠣᠰᠬᠤᠨ ᠤ ᠵᠠᠬ᠎ᠠ ᠳᠠᠬᠢ ᠵᠢᠶᠣᠣ ᠯᠢᠦ ᠾᠧ ᠭᠤᠣᠯ ᠤᠨ ᠵᠠᠮ ᠢ ᠴᠡᠪᠡᠷᠯᠡᠵᠦ᠂ ᠤᠯᠠᠨ ᠢᠶᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠦᠵᠡᠰᠬᠦᠯᠡᠩᠲᠦ ᠰᠠᠶᠢᠬᠠᠨ ᠭᠡᠷ ᠣᠷᠣᠨ ᠢ ᠬᠠᠮᠲᠤᠪᠠᠷ ᠰᠠᠶᠢᠲᠤᠷ ᠪᠦᠲᠦᠭᠡᠨ ᠪᠠᠶᠢᠭᠤᠯᠪᠠ᠂ ᠲᠦᠴᠢᠦᠸᠠᠨ ᠰᠢᠶᠠᠨ ᠤ  ᠲᠦᠷᠦᠯᠵᠢ ᠪᠠᠯᠭᠠᠰᠤᠨ ᠤ ᠬᠤᠩ ᠭᠤᠸᠠᠩ ᠲᠣᠰᠬᠤᠨ ᠤ ᠭᠤᠣᠯ ᠮᠥᠷᠡᠨ ᠤ ᠳᠠᠷᠤᠭ᠎ᠠ ᠸᠠᠩ ᠹᠦ᠋ ᠳ᠋ᠦᠩ ᠢᠩᠭᠢᠵᠦ ᠲᠠᠨᠢᠯᠴᠠᠭᠤᠯᠪᠠ᠃     ᠭᠤᠣᠯ ᠮᠥᠷᠡᠨ ᠨᠠᠭᠤᠷ ᠴᠥᠭᠦᠷᠥᠮ ᠤᠨ ︽ᠳᠥᠷᠪᠡ ᠶᠢ ᠰᠠᠮᠠᠭᠤᠷᠠᠭᠤᠯᠬᠤ︾ ᠠᠵᠢᠯᠯᠠᠭ᠎ᠠ ᠶᠢ ᠪᠠᠶᠢᠩᠭᠤᠵᠢᠭᠤᠯᠵᠤ᠂ ᠵᠢᠷᠤᠮᠵᠢᠭᠤᠯᠤᠨ ᠥᠷᠨᠢᠭᠦᠯᠬᠦ ᠶᠢ ᠪᠠᠲᠤᠯᠠᠬᠤ ᠶᠢᠨ ᠲᠥᠯᠥᠭᠡ᠂ ᠲᠦᠴᠢᠦᠸᠠᠨ ᠰᠢᠶᠠᠨ ᠤ ᠬᠢᠨ ᠡᠯ᠎ᠡ ᠱᠠᠲᠤᠨ ᠤ ᠭᠤᠣᠯ ᠮᠥᠷᠡᠨ ᠨᠠᠭᠤᠷ ᠲᠣᠭᠤᠷᠢᠮ ᠢ ᠲᠣᠭᠤᠷᠢᠨ ᠪᠠᠶᠢᠴᠠᠭᠠᠬᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠲᠦᠴᠢᠦᠸᠠᠨ ᠰᠢᠶᠠᠨ ᠤ ᠭᠤᠣᠯ ᠮᠥᠷᠡᠨ ᠨᠠᠭᠤᠷ ᠲᠣᠭᠤᠷᠢᠮ ᠢ ᠲᠣᠭᠤᠷᠢᠨ ᠪᠠᠶᠢᠴᠠᠭᠠᠬᠤ ᠠᠵᠢᠯ ᠤᠨ ᠠᠯᠪᠠᠨ ᠭᠡᠷ ᠠᠴᠠ ᠭᠤᠣᠯ ᠮᠥᠷᠡᠨ ᠨᠠᠭᠤᠷ ᠲᠣᠭᠤᠷᠢᠮ ᠢ ᠲᠣᠭᠤᠷᠢᠨ ᠪᠠᠶᠢᠴᠠᠭᠠᠬᠤ ᠠᠵᠢᠯ ᠤᠨ ᠠᠷᠭ᠎ᠠ ᠶᠢ ᠲᠣᠭᠲᠠᠭᠠᠵᠤ᠂ ᠡᠯ᠎ᠡ ᠱᠠᠲᠤᠨ ᠤ ᠭᠤᠣᠯ ᠮᠥᠷᠡᠨ ᠨᠠᠭᠤᠷ ᠲᠣᠭᠤᠷᠢᠮ ᠢ ᠲᠣᠭᠤᠷᠢᠨ ᠪᠠᠶᠢᠴᠠᠭᠠᠬᠤ ᠡᠭᠦᠷᠭᠡ ᠪᠠᠨ ᠴᠠᠭ ᠲᠤᠬᠠᠢ ᠳᠤᠨᠢ ᠴᠢᠨᠠᠷ ᠴᠢᠨᠰᠠᠭ᠎ᠠ ᠶᠣᠰᠣᠭᠠᠷ ᠪᠡᠶᠡᠯᠡᠭᠦᠯᠵᠦ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠬᠦ ᠶᠢ ᠱᠠᠯᠠᠪᠳᠠᠭᠤᠯᠵᠠᠢ᠃ ᠣᠲᠣ ᠪᠣᠯᠲᠠᠯ᠎ᠠ᠂ ᠪᠥᠬᠦ ᠰᠢᠶᠠᠨ ᠤ ᠭᠤᠷᠪᠠᠳᠤᠭᠠᠷ ᠳᠡᠰ ᠤᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠨᠡᠶᠢᠲᠡ 574 ᠤᠳᠠᠭ᠎ᠠ ᠭᠤᠣᠯ ᠮᠥᠷᠡᠨ ᠨᠠᠭᠤᠷ ᠴᠥᠭᠦᠷᠥᠮ ᠢ ᠲᠣᠭᠤᠷᠢᠨ ᠴᠠᠭᠳᠠᠵᠤ᠂ ᠰᠢᠶᠠᠨ ᠤ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ 11 ᠤᠳᠠᠭ᠎ᠠ ᠭᠤᠣᠯ ᠮᠥᠷᠡᠨ᠂ ᠰᠢᠶᠠᠩ ᠪᠠᠯᠭᠠᠰᠤ ᠲᠣᠰᠬᠤᠨ ᠤ ᠲᠠᠰ ᠤᠨ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ 563 ᠤᠳᠠᠭ᠎ᠠ ᠭᠤᠣᠯ ᠮᠥᠷᠡᠨ ᠨᠠᠭᠤᠷ ᠴᠥᠭᠦᠷᠥᠮ ᠢ ᠲᠣᠭᠤᠷᠢᠨ ᠴᠠᠭᠳᠠᠵᠤ ᠪᠠᠶᠢᠨ᠎ᠠ᠃ ᠪᠦᠬᠦ ᠰᠢᠶᠠᠨ ᠢᠶᠠᠷ ᠢᠶᠠᠨ ᠨᠡᠶᠢᠳᠡ 11 ᠭᠤᠣᠯ ᠤᠨ ᠵᠠᠮ ᠤᠨ ᠳᠣᠲᠣᠷ᠎ᠠ ᠳᠤᠷ᠎ᠠ ᠪᠠᠷ ᠢᠶᠠᠨ ᠣᠪᠣᠭᠠᠷᠠᠭᠰᠠᠨ ᠦᠵᠡᠭᠳᠡᠯ ᠢ ᠪᠠᠶᠢᠴᠠᠭᠠᠨ ᠭᠠᠷᠭᠠᠵᠤ᠂ 200 ᠪᠣᠰᠤᠭ᠎ᠠ ᠳᠥᠷᠪᠡᠯᠵᠢᠨ ᠮᠧᠲᠷ ᠤᠨ ᠬᠤᠭ ᠨᠣᠪᠰᠢ ᠶᠢ ᠴᠡᠪᠡᠷᠯᠡᠵᠦ᠂ ᠭᠤᠣᠯ ᠮᠥᠷᠡᠨ ᠨᠠᠭᠤᠷ ᠴᠥᠭᠦᠷᠥᠮ ᠤᠨ ᠳᠦᠷᠰᠦ ᠪᠠᠶᠢᠳᠠᠯ ᠢ ᠢᠯᠡᠳᠲᠡ ᠰᠠᠶᠢᠵᠢᠷᠠᠭᠤᠯᠪᠠ᠃     ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ ᠬᠤᠷᠢᠭ᠎ᠠ ᠱᠤᠭᠤᠮ ᠢ ᠴᠢᠩᠭ᠎ᠠ ᠰᠠᠬᠢᠬᠤ ᠬᠡᠷᠡᠭᠳᠡᠢ     ᠰᠠᠶᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠪᠣᠯ ᠬᠠᠮᠤᠭ ᠤᠨ ᠡᠷᠬᠡ ᠲᠡᠭᠰᠢ ᠤᠯᠠᠨ ᠨᠡᠶᠢᠲᠡ ᠶᠢᠨ ᠪᠦᠲᠦᠭᠡᠭᠳᠡᠬᠦᠨ ᠮᠥᠨ᠂ ᠬᠠᠮᠤᠭ ᠤᠨ ᠲᠦᠭᠡᠮᠡᠯ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠮᠥᠨ᠃  ᠲᠦᠴᠢᠦᠸᠠᠨ ᠰᠢᠶᠠᠨ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠬᠠᠤᠯᠢ︾ ᠪᠣᠯᠣᠨ ︽ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠳᠦᠷᠢᠮ︾  ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠣᠷᠴᠢᠨ ᠲᠣᠭᠤᠷᠢᠨ ᠤ ᠨᠥᠯᠥᠭᠡ ᠶᠢᠨ ᠦᠨᠡᠯᠡᠯᠲᠡ ᠶᠢ ᠮᠡᠳᠡᠭᠦᠯᠦᠨ ᠵᠥᠪᠰᠢᠶᠡᠷᠡᠭᠦᠯᠬᠦ ᠲᠡᠰ ᠳᠠᠷᠠᠭᠠᠯᠠᠯ ᠢ ᠴᠢᠩᠭ᠎ᠠ ᠰᠠᠬᠢᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠵᠥᠪᠰᠢᠶᠡᠷᠡᠬᠦ ᠪᠣᠭᠤᠮᠲᠠ ᠶᠢ ᠴᠢᠩᠭ᠎ᠠ ᠰᠠᠬᠢᠵᠤ᠂ ᠰᠢᠨ᠎ᠡ ᠪᠣᠬᠢᠷᠳᠤᠯ ᠤᠨ ᠡᠬᠢ ᠡᠭᠦᠰᠬᠦ ᠶᠢ ᠰᠡᠷᠭᠡᠶᠢᠯᠡᠪᠡ᠃ ᠡᠭᠦᠨ ᠤ ᠵᠡᠷᠭᠡᠴᠡᠭᠡᠪᠡᠷ᠂ ︽ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠳᠤ ᠨᠡᠶᠢᠴᠡᠬᠦ ᠦᠭᠡᠢ ᠲᠥᠷᠥᠯ ᠵᠦᠢᠯ ᠢ ᠡᠷᠡᠰ ᠵᠥᠪᠰᠢᠶᠡᠷᠡᠬᠦ ᠦᠭᠡᠢ᡾ ᠨᠢᠭᠡᠨᠲᠡ ᠣᠷᠴᠢᠨ ᠠᠬᠤᠢ ᠶᠢᠨ ᠪᠠᠭᠲᠠᠭᠠᠮᠵᠢ ᠦᠭᠡᠢ ᠪᠣᠯᠤᠭᠰᠠᠨ ᠪᠣᠬᠢᠷᠳᠤᠯ ᠪᠣᠳᠠᠰ ᠤᠨ ᠶᠡᠷᠦᠩᠬᠡᠢ ᠬᠡᠮᠵᠢᠶ᠎ᠡ ᠶᠢ ᠨᠡᠮᠡᠭᠳᠡᠭᠦᠯᠬᠦ ᠲᠥᠷᠥᠯ ᠵᠦᠢᠯ ᠢ ᠡᠷᠡᠰ ᠵᠥᠪᠰᠢᠶᠡᠷᠡᠬᠦ ᠦᠭᠡᠢ᡾ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠴᠢᠬᠤᠯᠠ ᠠᠮᠢ ᠠᠬᠤᠢ ᠶᠢᠨ ᠴᠢᠳᠠᠮᠵᠢᠲᠤ ᠣᠷᠣᠨ ᠵᠡᠷᠭᠡ ᠠᠮᠢ ᠠᠬᠤᠢ ᠶᠢᠨ ᠬᠡᠪᠡᠷᠡᠭ ᠴᠢᠨᠠᠷ ᠵᠢᠴᠢ ᠣᠷᠴᠢᠨ ᠠᠬᠤᠢ ᠶᠢᠨ ᠰᠡᠷᠭᠡᠭ ᠣᠷᠣᠨ᠂ ᠠᠮᠢ ᠠᠬᠤᠢ ᠶᠢᠨ ᠣᠷᠴᠢᠨ ᠠᠬᠤᠢ ᠶᠢ ᠨᠥᠯᠥᠭᠡᠯᠡᠬᠦ ᠪᠠ ᠣᠷᠴᠢᠨ ᠠᠬᠤᠢ ᠶᠢ ᠪᠣᠬᠢᠷᠲᠤᠭᠤᠯᠬᠤ ᠲᠥᠷᠥᠯ ᠵᠦᠢᠯ ᠢ ᠡᠷᠡᠰ ᠵᠥᠪᠰᠢᠶᠡᠷᠡᠬᠦ ᠦᠭᠡᠢ︾ ᠪᠠᠶᠢᠬᠤ ᠶᠢ ᠪᠠᠷᠢᠮᠲᠠᠯᠠᠨ᠎ᠠ᠃      ᠭᠠᠵᠠᠷ ᠳᠣᠣᠷᠠᠬᠢ ᠤᠰᠤᠨ ᠤ ᠪᠣᠬᠢᠷᠳᠤᠯ ᠤᠨ ᠬᠡᠷᠡᠭ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ ᠂ ᠲᠦᠴᠢᠦᠸᠠᠨ ᠰᠢᠶᠠᠨ ᠨᠢᠭᠡᠨᠲᠡ ᠪᠥᠬᠦ ᠰᠢᠶᠠᠨ ᠤ 21 ᠲᠣᠰᠣ ᠨᠡᠮᠡᠬᠦ ᠥᠷᠲᠡᠭᠡ ᠶᠢᠨ ᠭᠠᠵᠠᠷ ᠳᠣᠣᠷᠠᠬᠢ ᠳᠠᠪᠬᠤᠷ ᠰᠠᠪᠠ ᠶᠢ ᠥᠭᠡᠷᠡᠴᠢᠯᠡᠬᠦ ᠠᠵᠢᠯ ᠢ ᠳᠠᠭᠤᠰᠬᠠᠪᠠ︔ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠲᠣᠭᠲᠠᠭᠤᠨ ᠢᠶᠠᠷ ᠠᠵᠢᠯᠯᠠᠭᠤᠯᠤᠨ᠂ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠵᠤ᠂ ᠬᠤᠲᠠ ᠪᠠᠯᠭᠠᠰᠤ ᠶᠢᠨ ᠪᠣᠬᠢᠷ ᠤᠰᠤ ᠶᠢ ᠰᠢᠢᠳᠪᠦᠷᠢᠯᠡᠬᠦ ᠨᠣᠷᠮ᠎ᠠ ᠶᠢ 95%   ᠠᠴᠠ ᠳᠡᠭᠡᠭᠰᠢ ᠳᠤ ᠬᠦᠷᠦᠭᠦᠯᠦᠨ᠎ᠡ︔ ᠰᠢᠶᠠᠨ ᠤ ᠳᠣᠲᠣᠷᠠᠬᠢ ᠤᠰᠤᠨ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢᠨ ᠣᠷᠣᠨ ᠢ ᠵᠠᠭᠠᠭᠯᠠᠨ ᠲᠣᠭᠲᠠᠭᠠᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ 10 ᠰᠢᠶᠠᠩ ᠪᠠᠯᠭᠠᠰᠤᠨ ᠤ ᠱᠠᠲᠤᠨ ᠤ ᠤᠰᠤᠨ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢᠨ ᠣᠷᠣᠨ ᠢ ᠵᠠᠭᠠᠭᠯᠠᠨ ᠲᠣᠭᠲᠠᠭᠠᠬᠤ᠂ 16 ᠮᠢᠩᠭᠠᠨ ᠬᠥᠮᠥᠨ ᠠᠴᠠ ᠳᠡᠭᠡᠭᠰᠢᠬᠢ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠬᠡᠪᠴᠢᠶ᠎ᠡ ᠶᠢ ᠵᠠᠭᠠᠭᠯᠠᠨ ᠲᠣᠭᠲᠠᠭᠠᠬᠤ ᠶᠢ ᠪᠡᠶᠡᠯᠡᠭᠦᠯᠦᠨ᠎ᠡ᠃     ᠡᠭᠦᠨ ᠤ ᠵᠡᠷᠭᠡᠴᠡᠭᠡᠪᠡᠷ᠂ ᠭᠤᠣᠯᠳᠠᠯᠭ᠎ᠠ ᠲᠠᠢ ᠪᠣᠬᠢᠷᠳᠤᠯ ᠤᠨ ᠡᠬᠢ ᠰᠤᠷᠪᠤᠯᠵᠢ ᠪᠠ ᠭᠤᠣᠯᠳᠠᠯᠭ᠎ᠠ ᠲᠠᠢ ᠪᠣᠬᠢᠷᠳᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠤᠨ ᠳᠦᠷᠢᠮ ᠢ ᠴᠢᠩᠭ᠎ᠠ ᠬᠡᠷᠡᠭᠵᠢᠭᠦᠯᠵᠦ᠂ ᠪᠣᠬᠢᠷᠳᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠣᠯᠭᠤᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠵᠦ᠂ ᠪᠣᠬᠢᠷᠳᠤᠯ ᠪᠣᠳᠠᠰ ᠤᠨ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠱᠠᠭᠠᠷᠳᠠᠯᠭ᠎ᠠ ᠲᠠᠢ ᠤᠶᠠᠯᠳᠤᠭᠤᠯᠤᠨ᠂ ᠴᠢᠩᠭ᠎ᠠ ᠬᠢᠨᠠᠵᠤ ᠬᠠᠮᠢᠶᠠᠷᠤᠨ᠎ᠠ᠃ ᠣᠲᠣ ᠪᠣᠯᠲᠠᠯ᠎ᠠ᠂ ᠲᠦᠴᠢᠦᠸᠠᠨ ᠰᠢᠶᠠᠨ ᠨᠡᠶᠢᠲᠡ 200 ᠭᠠᠷᠤᠢ ᠣᠷᠴᠢᠨ ᠠᠬᠤᠢ ᠶᠢᠨ ᠨᠥᠯᠥᠭᠡᠯᠡᠯ ᠤᠨ ᠬᠢᠨᠠᠨ ᠲᠣᠭᠲᠠᠭᠠᠯᠲᠠ ᠶᠢᠨ ᠵᠥᠪᠰᠢᠶᠡᠷᠡᠯ ᠢ ᠭᠦᠢᠴᠡᠳᠬᠡᠵᠦ᠂ 22 ᠪᠣᠬᠢᠷᠳᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠢ ᠳᠠᠭᠢᠵᠤ ᠬᠢᠨᠠᠨ ᠣᠯᠭᠤᠵᠤ᠂ 258 ᠳᠡᠩᠰᠡᠯᠡᠨ ᠬᠠᠮᠢᠶᠠᠷᠬᠤ ᠶᠢ ᠬᠡᠷᠡᠭᠵᠢᠭᠦᠯᠵᠦ᠂ ᠪᠥᠬᠦ ᠰᠢᠶᠠᠨ ᠤ ᠭᠤᠣᠯ ᠪᠣᠯᠬᠤ ᠪᠣᠬᠢᠷᠳᠤᠯ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠳᠤ ᠰᠠᠶᠢᠨ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
 
ᠢᠷᠡᠯᠲᠡ᠄ ᠰᠣᠷᠣᠯᠴᠠᠯᠭ᠎ᠠ ᠶᠢᠨ ᠬᠦᠴᠦᠷᠬᠡᠭ ᠣᠯᠣᠰ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号